ᠥᠪᠡᠷᠲᠡᠭᠡᠨ ᠵᠠᠰᠠᠬᠤ ᠣᠷᠣᠨ ᠤ ᠠᠷᠪᠠᠨ ᠳᠦᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ 1 ᠰᠠᠷ᠎ᠠ ᠶᠢᠨ 12 ᠤᠨ ᠡᠳᠦᠷ ᠬᠤᠷᠠᠯᠳᠤᠨ᠎ᠠ
ᠨᠡᠶᠢᠲᠡᠯᠡᠭᠰᠡᠨ ᠴᠠᠭ᠄
2023/1/10
       ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠥᠪᠡᠷᠲᠡᠭᠡᠨ ᠵᠠᠰᠠᠬᠤ ᠣᠷᠣᠨ ᠤ ᠠᠷᠪᠠᠨ ᠳᠦᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠢ 1 ᠰᠠᠷ᠎ᠠ ᠶᠢᠨ 12 ᠤᠨ ᠡᠳᠦᠷ ᠬᠥᠬᠡᠬᠤᠲᠠ ᠳᠤ ᠬᠤᠷᠠᠯᠳᠤᠭᠤᠯᠬᠤ ᠪᠠᠷ ᠲᠣᠭᠲᠠᠪᠠ᠃        ᠬᠤᠷᠠᠯ ᠠᠴᠠ ᠰᠠᠨᠠᠭᠤᠯᠤᠭᠰᠠᠨ ᠵᠥᠪᠯᠡᠬᠦ ᠵᠦᠢᠯᠡᠰ ᠪᠣᠯ᠄ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠰᠣᠨᠣᠰᠴᠤ ᠬᠢᠨᠠᠨ ᠵᠥᠪᠯᠡᠨ᠎ᠡ︔ ᠥᠪᠡᠷᠲᠡᠭᠡᠨ ᠵᠠᠰᠠᠬᠤ ᠣᠷᠣᠨ ᠤ 2022 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠭᠦᠯᠦᠯᠲᠡ ᠶᠢᠨ ᠲᠦᠯᠦᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠭᠦᠯᠦᠯᠲᠡ ᠶᠢᠨ ᠲᠥᠯᠥᠪᠯᠡᠭᠡ ᠶᠢᠨ ᠲᠥᠰᠥᠯ ᠤᠨ ᠮᠡᠳᠡᠭᠦᠯᠦᠯᠲᠡ ᠶᠢ ᠬᠢᠨᠠᠨ ᠪᠠᠶᠢᠴᠠᠭᠠᠬᠤ ᠪᠠ ᠵᠦᠪᠰᠢᠶᠡᠷᠡᠵᠦ᠂ 2023 ᠣᠨ ᠤ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠭᠦᠯᠦᠯᠲᠡ ᠶᠢᠨ ᠲᠥᠯᠥᠪᠯᠡᠭᠡ ᠶᠢ ᠵᠦᠪᠰᠢᠶᠡᠷᠡᠨ᠎ᠡ︔ ᠥᠪᠡᠷᠲᠡᠭᠡᠨ ᠵᠠᠰᠠᠬᠤ ᠣᠷᠣᠨ ᠤ 2022 ᠣᠨ ᠤ ᠲᠥᠰᠥᠪ ᠢ ᠭᠦᠢᠴᠡᠳᠬᠡᠭᠰᠡᠨ ᠪᠠᠶᠢᠳᠠᠯ ᠬᠢᠭᠡᠳ 2023 ᠣᠨ ᠤ ᠲᠦᠰᠦᠪ ᠤᠨ ᠲᠦᠰᠦᠯ ᠤᠨ ᠮᠡᠳᠡᠭᠦᠯᠦᠯᠲᠡ ᠶᠢ ᠬᠢᠨᠠᠨ ᠪᠠᠶᠢᠴᠠᠭᠠᠬᠤ ᠪᠠ ᠵᠦᠪᠰᠢᠶᠡᠷᠡᠵᠦ᠂ 2023 ᠣᠨ ᠤ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠲᠦᠰᠦᠪ ᠢ ᠵᠥᠪᠰᠢᠶᠡᠷᠡᠨ᠎ᠡ︔ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠦᠨᠳᠦᠷ ᠵᠡᠷᠭᠡ ᠶᠢᠨ ᠰᠢᠭᠦᠬᠦ ᠬᠤᠷᠢᠶᠠᠨ ᠤ ᠠᠵᠢᠯ ᠤᠨ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠨ᠎ᠡ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠦᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠦᠭᠦᠨ ᠤ ᠲᠤᠭ᠎ᠠ ᠶᠢᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠲᠣᠭᠲᠠᠭᠠᠯ ︵ᠲᠦᠰᠦᠯ︶ ᠢ ᠬᠢᠨᠠᠨ ᠵᠥᠪᠯᠡᠨ᠎ᠡ︔ ᠰᠤᠩᠭᠤᠭᠤᠯᠢ ᠶᠢᠨ ᠶᠠᠪᠤᠳᠠᠯ᠃
 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号