ᠮᠠᠨ ᠤ ᠬᠤᠰᠢᠭᠤ ᠬᠥᠯᠥᠨ ᠪᠤᠶᠢᠷ ᠳᠡᠭᠡᠳᠦ ᠰᠤᠷᠭᠠᠭᠤᠯᠢ ᠶᠢᠨ ᠴᠢᠳᠠᠪᠤᠷᠢᠲᠠᠨ ᠢ ᠪᠠᠶᠢᠴᠠᠭᠠᠨ ᠰᠤᠳᠤᠯᠬᠤ ᠳᠤᠭᠤᠶᠢᠯᠠᠩ ᠲᠠᠢ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2023/1/11
       1 ᠰᠠᠷ᠎ᠠ ᠶᠢᠨ 10 ᠤ ᠡᠳᠦᠷ᠂ ᠨᠠᠮ ᠵᠠᠰᠠᠭ ᠤᠨ ᠠᠵᠢᠯᠯᠠᠬᠤ ᠠᠰᠠᠷ ᠤᠨ ᠲᠠᠪᠤᠳᠤᠭᠠᠷ ᠳᠠᠪᠬᠤᠷᠭ᠎ᠠ ᠶᠢᠨ ᠬᠤᠷᠠᠯ ᠤᠨ ᠭᠡᠷ ᠲᠤ᠂ ᠮᠠᠨ ᠤ ᠬᠤᠰᠢᠭᠤ ᠬᠥᠯᠥᠨ ᠪᠤᠶᠢᠷ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠭᠡᠰᠢᠭᠦᠨ᠂ ᠳᠡᠳ᠋ ᠵᠠᠬᠢᠷᠤᠯ ᠣᠳᠬᠤᠨ ᠨᠠᠷ ᠲᠠᠢ ᠶᠠᠷᠢᠯᠴᠠᠬᠤ ᠬᠤᠷᠠᠯ ᠬᠢᠪᠡ᠃ ᠬᠤᠰᠢᠭᠤᠨ ᠤ ᠤᠳᠤᠷᠢᠳᠤᠯᠭ᠎ᠠ ᠪᠥᠬᠡᠪᠠᠶᠠᠷ᠂ ᠯᠢ ᠭᠤᠸᠠᠩ᠂ ᠰᠤ᠋ ᠹᠧᠩ ᠨᠢᠩ᠂ ᠯᠢ ᠵᠢᠶᠠᠨ᠂ ᠳ᠋ᠢᠩ ᠸᠠᠨ ᠶᠦᠩ ᠬᠤᠷᠠᠯ ᠳᠤ ᠣᠷᠣᠯᠴᠠᠪᠠ᠃
       ᠶᠠᠷᠢᠯᠴᠠᠬᠤ ᠬᠤᠷᠠᠯ ᠳᠡᠭᠡᠷ᠎ᠡ᠂ ᠡᠯ᠎ᠡ ᠰᠤᠮᠤ ᠪᠠᠯᠭᠠᠰᠤ᠂ ᠰᠠᠯᠠᠭ᠎ᠠ ᠮᠥᠴᠢᠷ ᠮᠠᠯᠵᠢᠬᠤ ᠣᠷᠣᠨ ᠤ ᠴᠢᠳᠠᠪᠤᠷᠢᠲᠠᠨ ᠤ ᠠᠵᠢᠯ ᠤᠨ ᠲᠣᠭᠤᠷᠢᠨ ᠳᠤ ᠠᠰᠠᠭᠤᠳᠠᠯ ᠢ ᠶᠠᠷᠢᠯᠴᠠᠵᠤ᠂ ᠣᠶᠢᠯᠠᠭᠠᠯᠲᠠ ᠪᠠᠨ ᠶᠠᠷᠢᠵᠤ᠂ ᠰᠡᠳᠬᠢᠴᠡ ᠪᠠᠨ ᠡᠮᠬᠢᠯᠡᠵᠦ᠂ ᠮᠠᠯᠵᠢᠬᠤ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠦᠵᠡᠭᠦᠯᠬᠦ ᠴᠢᠳᠠᠪᠤᠷᠢᠲᠠᠨ ᠤ ᠴᠢᠬᠤᠯᠠ ᠦᠢᠯᠡᠳᠦᠯ ᠢ ᠬᠠᠮᠲᠤᠪᠠᠷ ᠰᠤᠳᠤᠯᠪᠠ᠃        ᠮᠠᠨ ᠤ ᠬᠤᠰᠢᠭᠤᠨ ᠤ ᠴᠢᠳᠠᠪᠤᠷᠢᠲᠠᠨ ᠤ ᠠᠵᠢᠯ ᠤᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠢᠳᠡᠪᠬᠢᠲᠡᠢ ᠲᠠᠨᠢᠯᠴᠠᠭᠤᠯᠵᠤ᠂ ᠠᠮᠵᠢᠯᠲᠠ ᠲᠠᠢ ᠲᠤᠷᠰᠢᠯᠭ᠎ᠠ ᠪᠠᠨ ᠰᠠᠨᠠᠭᠠᠴᠢᠯᠠᠭ᠎ᠠ ᠠᠴᠠ ᠪᠠᠨ ᠬᠤᠪᠢᠶᠠᠯᠴᠠᠭᠰᠠᠨ ᠳᠤ ᠣᠳᠬᠤᠨ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠡᠯᠪᠡᠭ ᠳᠡᠯᠪᠡᠭ ᠪᠠᠶᠢᠵᠤ᠂ ᠰᠢᠨ᠎ᠡ ᠪᠠᠷᠭᠤ ᠪᠠᠷᠠᠭᠤᠨ ᠬᠤᠰᠢᠭᠤ ᠨᠢ ᠥᠪᠡᠷᠲᠡᠭᠡᠨ ᠵᠠᠰᠠᠬᠤ ᠣᠷᠣᠨ ᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠬᠤᠰᠢᠭᠤ ᠪᠠ ᠬᠥᠯᠥᠨ ᠪᠤᠶᠢᠷ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠬᠤᠰᠢᠭᠤ ᠪᠣᠯᠤᠭᠰᠠᠨ ᠤ ᠬᠤᠪᠢ ᠳᠤ᠂ ᠴᠢᠳᠠᠪᠤᠷᠢᠲᠠᠨ ᠤ ᠠᠵᠢᠯ ᠤᠨ ᠲᠠᠯ᠎ᠠ ᠪᠠᠷ ᠬᠢ ᠮᠠᠰᠢ ᠣᠯᠠᠨ ᠲᠤᠷᠰᠢᠯᠭ᠎ᠠ ᠶᠢ ᠰᠤᠷᠤᠯᠴᠠᠨ ᠲᠣᠯᠢᠯᠠᠭᠤᠰᠢᠲᠠᠢ ᠶᠤᠮ᠃ ᠪᠠᠶᠢᠴᠠᠭᠠᠨ ᠰᠤᠳᠤᠯᠤᠯᠲᠠ ᠳᠠᠭᠤᠰᠤᠭᠰᠠᠨ ᠤ ᠳᠠᠷᠠᠭ᠎ᠠ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠮᠵᠢ ᠶᠢ ᠢᠳᠡᠪᠬᠢᠲᠡᠢ ᠰᠢᠩᠭᠡᠬᠡᠨ ᠠᠪᠴᠤ᠂ ᠣᠨᠣᠯ ᠤᠨ ᠦᠷ᠎ᠡ ᠪᠦᠲᠦᠭᠡᠯ ᠢ ᠴᠢᠷᠮᠠᠶᠢᠨ ᠪᠣᠶ ᠪᠣᠯᠭᠠᠵᠤ᠂ ᠬᠥᠯᠥᠨ ᠪᠤᠶᠢᠷ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠠᠩ ᠪᠠᠲᠤ ᠴᠢᠩᠭ᠎ᠠ ᠬᠦᠴᠦᠲᠡᠢ ᠲᠤᠯᠭᠠᠭᠤᠷᠢᠯᠠᠯ ᠬᠠᠩᠭᠠᠬᠤ ᠪᠣᠯᠣᠨ᠎ᠠ ᠭᠡᠵᠡᠢ᠃
       ᠪᠥᠬᠡᠪᠠᠶᠠᠷ ᠬᠡᠯᠡᠬᠦ ᠳᠡᠭᠡᠨ᠂ ᠴᠢᠳᠠᠪᠤᠷᠢᠲᠠᠨ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ︽ᠨᠢᠭᠡᠳᠦᠭᠡᠷ ᠡᠬᠢ ᠪᠠᠶᠠᠯᠢᠭ︾ ᠮᠥᠨ᠂ ᠮᠠᠨ ᠤ ᠬᠤᠰᠢᠭᠤ ᠨᠠᠮ ᠠᠴᠠ ᠴᠢᠳᠠᠪᠤᠷᠢᠲᠠᠨ ᠢ ᠬᠠᠮᠢᠶᠠᠷᠬᠤ ᠵᠠᠷᠴᠢᠮ ᠢ ᠪᠠᠷᠢᠮᠲᠠᠯᠠᠨ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ ᠠᠵᠢᠯ ᠤᠨ ᠲᠤᠬᠠᠢ ᠰᠢᠨ᠎ᠡ ᠣᠶᠢᠯᠠᠭᠠᠭᠳᠠᠬᠤᠨ ᠰᠢᠨ᠎ᠡ ᠪᠠᠶᠢᠯᠳᠤᠬᠤ ᠪᠣᠳᠣᠯᠭ᠎ᠠ ᠰᠢᠨ᠎ᠡ ᠠᠷᠭ᠎ᠠ ᠬᠡᠮᠵᠢᠶ᠎ᠡ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠢᠳᠠᠪᠤᠷᠢᠲᠠᠨ ᠤ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠴᠢᠳᠠᠪᠤᠷᠢᠲᠠᠨ ᠢ ᠦᠯᠡᠳᠡᠭᠡᠬᠦ᠂ ᠴᠢᠳᠠᠪᠤᠷᠢᠲᠠᠨ ᠢ ᠬᠥᠮᠥᠵᠢᠭᠦᠯᠬᠦ᠂ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ ᠳᠤ ᠶᠡᠭᠡ ᠬᠦᠴᠦ ᠣᠷᠣᠭᠤᠯᠵᠤ᠂ ᠪᠠᠴᠢᠮ ᠬᠡᠷᠡᠭᠴᠡᠭᠡ ᠲᠠᠢ ᠴᠢᠳᠠᠪᠤᠷᠢᠲᠠᠨ ᠳᠠᠭᠠᠵᠤ ᠳᠡᠶᠢᠯᠬᠦ᠂ ᠪᠡᠯᠡᠳᠬᠡᠯ ᠴᠢᠳᠠᠪᠤᠷᠢᠲᠠᠨ ᠤ ᠨᠥᠭᠡᠴᠡ ᠭᠦᠢᠴᠡᠳ ᠰᠠᠶᠢᠨ ᠪᠠᠶᠢᠳᠠᠯ ᠢ ᠪᠦᠷᠢᠳᠦᠭᠦᠯᠬᠦ ᠬᠡᠷᠡᠭᠲᠡᠢ᠃ ᠡᠭᠦᠨ ᠤ ᠬᠠᠮᠲᠤ ᠴᠢᠳᠠᠪᠤᠷᠢᠲᠠᠨ ᠤ ᠠᠵᠢᠯ ᠤᠨ ᠰᠠᠶᠢᠨ ᠰᠠᠶᠢᠬᠠᠨ ᠣᠷᠴᠢᠨ ᠲᠣᠭᠤᠷᠢᠨ ᠢ ᠬᠦᠴᠦᠯᠡᠨ ᠪᠤᠢ ᠪᠣᠯᠭᠠᠵᠤ᠂ ᠴᠢᠳᠠᠪᠤᠷᠢᠲᠠᠨ ᠤ ᠬᠠᠮᠢᠶᠠᠷᠤᠯᠲᠠ᠂ ᠦᠨᠡᠯᠡᠯᠲᠡ᠂ ᠵᠣᠷᠢᠭᠵᠢᠭᠤᠯᠤᠯ᠂ ᠦᠢᠯᠡᠴᠢᠯᠡᠭᠡᠨ ᠤ ᠲᠣᠭᠲᠠᠴᠠ ᠶᠢ ᠲᠡᠭᠦᠯᠳᠡᠷᠵᠢᠭᠦᠯᠦᠨ᠂ ᠴᠢᠳᠠᠪᠤᠷᠢᠲᠠᠨ ᠤ ᠦᠢᠯᠡᠳᠦᠯ ᠢᠶᠠᠨ ᠪᠠᠳᠠᠷᠠᠭᠤᠯᠬᠤ᠂ ᠠᠪᠢᠶᠠᠰ ᠴᠢᠳᠠᠪᠤᠷᠢ ᠪᠠᠨ ᠪᠠᠳᠠᠷᠠᠭᠤᠯᠬᠤ ᠳᠤ ᠨᠡᠩ ᠥᠷᠭᠡᠨ ᠠᠭᠤᠳᠠᠮ ᠲᠠᠪᠴᠠᠩ ᠬᠠᠩᠭᠠᠵᠤ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤ ᠪᠠᠲᠤ ᠴᠢᠩᠭ᠎ᠠ ᠴᠢᠳᠠᠪᠤᠷᠢᠲᠠᠨ ᠪᠠ ᠤᠶᠤᠨ ᠤ ᠪᠠᠲᠤᠯᠠᠭ᠎ᠠ ᠶᠢ ᠦᠨᠡᠨᠬᠦ ᠬᠠᠩᠭᠠᠬᠤ ᠬᠡᠷᠡᠭᠲᠡᠢ ᠭᠡᠪᠡ᠃        ᠪᠥᠬᠡᠪᠠᠶᠠᠷ ᠪᠠᠰᠠ᠂ ᠡᠯ᠎ᠡ ᠰᠤᠮᠤ ᠪᠠᠯᠭᠠᠰᠤ᠂ ᠰᠠᠯᠠᠭ᠎ᠠ ᠮᠥᠴᠢᠷ ᠮᠠᠯᠵᠢᠬᠤ ᠣᠷᠣᠨ ᠤ ᠴᠢᠳᠠᠪᠤᠷᠢᠲᠠᠨ ᠤ ᠠᠵᠢᠯ ᠤᠨ ᠲᠤᠷᠰᠢᠯᠭ᠎ᠠ ᠠᠷᠭ᠎ᠠ ᠬᠢᠳᠡᠯ ᠢ ᠨᠠᠷᠢᠯᠢᠭ ᠣᠨᠣᠪᠴᠢᠲᠠᠢ ᠪᠣᠯᠪᠠᠰᠤᠷᠠᠭᠤᠯᠵᠤ᠂ ᠦᠨ᠎ᠡ ᠦᠷᠳᠡᠭ ᠲᠠᠢ ᠰᠠᠨᠠᠯ ᠰᠠᠨᠠᠭᠤᠯᠭ᠎ᠠ ᠳᠤᠷᠠᠳᠴᠤ᠂ ᠬᠥᠯᠥᠨ ᠪᠤᠶᠢᠷ ᠳᠡᠭᠡᠳᠦ ᠰᠤᠷᠭᠠᠭᠤᠯᠢ ᠶᠢᠨ ᠰᠤᠳᠤᠯᠭᠠᠨ ᠤ ᠰᠡᠳᠦᠪ ᠢ ᠴᠢᠨᠠᠷ ᠰᠠᠶᠢᠲᠠᠢ ᠪᠡᠶᠡᠯᠡᠭᠦᠯᠬᠦ ᠳᠤ ᠬᠦᠴᠦ ᠨᠡᠮᠡᠷᠢᠯᠡᠬᠦ ᠬᠡᠷᠡᠭᠲᠡᠢ ᠭᠡᠵᠦ ᠱᠠᠭᠠᠷᠳᠠᠪᠠ᠃ ᠡᠭᠦᠨ ᠤ ᠬᠠᠮᠲᠤ ᠬᠦᠰᠡᠬᠦ ᠨᠢ᠂ ᠰᠤᠷᠭᠠᠭᠤᠯᠢ ᠪᠠ ᠣᠷᠣᠨ ᠨᠤᠲᠤᠭ ᠬᠤᠶᠠᠷ ᠲᠠᠯ᠎ᠠ ᠪᠠᠷ ᠢᠶᠠᠨ ᠲᠤᠰ ᠤᠳᠠᠭᠠᠨ ᠤ ᠪᠠᠶᠢᠴᠠᠭᠠᠨ ᠰᠤᠳᠤᠯᠤᠯᠲᠠ ᠪᠠᠷ ᠠᠵᠠ ᠲᠣᠬᠢᠶᠠᠯ ᠪᠣᠯᠭᠠᠵᠤ᠂ ᠨᠡᠩ ᠤᠯᠠᠨ ᠬᠠᠮᠲᠤᠷᠠᠯᠴᠠᠭᠠᠨ ᠤ ᠬᠠᠮᠲᠤᠷᠠᠯᠴᠠᠭᠠᠨ ᠤ ᠴᠡᠭ ᠢ ᠡᠷᠢᠯᠬᠢᠯᠡᠵᠦ᠂ ᠬᠠᠮᠲᠤᠷᠠᠯᠴᠠᠭᠠᠨ ᠤ ᠭᠤᠣᠯᠳᠠᠯᠭ᠎ᠠ ᠶᠢ ᠴᠢᠩᠭ᠎ᠠ ᠠᠩᠬᠠᠷᠴᠤ᠂ ᠲᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠤᠨ᠂ ᠨᠡᠩ ᠤᠯᠠᠨ ᠴᠢᠳᠠᠪᠤᠷᠢᠲᠠᠨ ᠢ ᠳᠠᠳᠠᠨ ᠮᠠᠨ ᠤ ᠬᠤᠰᠢᠭᠤᠨ ᠳᠤ ᠢᠷᠡᠵᠦ ᠠᠵᠤ ᠦᠢᠯᠡᠰ ᠢ ᠬᠦᠭᠵᠢᠭᠦᠯᠬᠦ᠂ ᠰᠢᠨᠵᠢᠯᠡᠬᠦ ᠤᠬᠠᠭᠠᠨ ᠤ ᠰᠤᠳᠤᠯᠭᠠᠨ ᠬᠢᠬᠦ ᠪᠠ ᠰᠢᠨ᠎ᠡ ᠶᠢ ᠡᠭᠦᠳᠴᠦ ᠦᠢᠯᠡᠰ ᠪᠣᠰᠬᠠᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ᠂ ︽ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ︾ ᠶᠢ ᠪᠡᠶᠡᠯᠡᠭᠦᠯᠬᠦ ᠳᠤ ᠨᠡᠩ ᠭᠠᠷᠮᠠᠭᠠᠢ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠡᠢ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号