ᠪᠥᠬᠡᠪᠠᠶᠠᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ 48 ᠳ᠋ᠤᠭᠠᠷ ᠤᠳᠠᠭ᠎ᠠ ᠶᠢᠨ ᠪᠠᠶᠢᠩᠭᠤ ᠶᠢᠨ ᠭᠡᠰᠢᠭᠦᠳ ᠤᠨ ︵ᠥᠷᠭᠡᠳᠬᠡᠭᠰᠡᠨ︶ ᠬᠤᠷᠠᠯ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/1/11
       1 ᠰᠠᠷ᠎ᠠ ᠶᠢᠨ 10 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠥᠬᠡᠪᠠᠶᠠᠷ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶ᠎ᠠ ᠶᠢᠨ 48 ᠳ᠋ᠤᠭᠠᠷ ᠤᠳᠠᠭ᠎ᠠ ᠶᠢᠨ ᠪᠠᠶᠢᠩᠭᠤ ᠶᠢᠨ ᠭᠡᠰᠢᠭᠦᠳ ᠤᠨ ︵ᠥᠷᠭᠡᠳᠬᠡᠭᠰᠡᠨ︶ ᠬᠤᠷᠠᠯ ᠢ ᠡᠷᠭᠢᠯᠡᠨ ᠬᠤᠷᠠᠯᠳᠤᠭᠤᠯᠪᠠ᠃ ᠯᠢ ᠭᠤᠸᠠᠩ ᠵᠡᠷᠭᠡ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠴᠧᠨ ᠯᠦᠩ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠳᠠᠰᠢᠵᠠᠮᠰᠤ ᠨᠠᠷ ᠬᠤᠷᠠᠯ ᠳᠤ ᠰᠤᠯᠠ ᠣᠷᠣᠯᠴᠠᠪᠠ᠃
       ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠯᠥᠨ ᠪᠤᠶᠢᠷ ᠬᠤᠳᠠ ᠶᠢᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠪᠦᠬᠦᠳᠠ ᠬᠤᠷᠠᠯ ᠤᠨ ᠠᠯᠪᠠᠨ ᠮᠡᠳᠡᠭᠡ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃        ᠳᠠᠷᠠᠭᠠᠴᠢ ᠶᠢᠨ ᠠᠯᠬᠤᠮ ᠤᠨ ᠠᠵᠢᠯ ᠤᠨ ᠲᠤᠬᠠᠢ ᠪᠥᠬᠡᠪᠠᠶᠠᠷ ᠱᠠᠭᠠᠷᠳᠠᠬᠤ ᠳᠠᠭᠠᠨ᠂ ᠬᠤᠰᠢᠭᠤ ᠳᠠᠶᠠᠭᠠᠷ ᠢᠶᠠᠨ ᠠᠷᠪᠠᠳᠤᠭᠠᠷ ᠬᠡᠪᠯᠡᠯ ᠤᠨ ᠰᠡᠷᠭᠡᠶᠢᠯᠡᠨ ᠡᠵᠡᠮᠳᠡᠬᠦ ᠲᠥᠰᠥᠯ ᠪᠠ ᠣᠨᠣᠰᠢᠯᠠᠨ ᠡᠮᠨᠡᠬᠦ ᠲᠥᠰᠥᠯ ᠢ ᠴᠢᠩᠭ᠎ᠠ ᠵᠢᠷᠤᠮᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠢᠯᠢᠳᠡᠭᠵᠢᠭᠦᠯᠬᠦ ︽ᠰᠢᠨ᠎ᠡ ᠠᠷᠪᠠᠨ ᠵᠤᠷᠪᠤᠰ︾ ᠢ ᠢᠳᠡᠪᠬᠢᠲᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ᠂ ᠰᠡᠷᠭᠡᠶᠢᠯᠡᠨ ᠵᠠᠰᠠᠬᠤ ᠶᠢ ᠤᠶᠠᠯᠳᠤᠭᠤᠯᠬᠤ᠂ ᠬᠠᠤᠯᠢ ᠶᠣᠰᠣᠭᠠᠷ ᠰᠢᠨᠵᠢᠯᠡᠬᠦ ᠤᠬᠠᠭᠠᠨᠴᠢ᠂ ᠱᠠᠲᠤ ᠬᠤᠪᠢᠶᠠᠨ ᠲᠦᠷᠦᠯ ᠬᠤᠪᠢᠶᠠᠬᠤ︾ ᠵᠠᠷᠴᠢᠮ ᠢ ᠪᠠᠷᠢᠮᠲᠠᠯᠠᠨ᠂ ᠪᠠᠶᠢᠩᠭᠤᠵᠢᠭᠰᠠᠨ ᠰᠡᠷᠭᠡᠶᠢᠯᠡᠨ ᠡᠵᠡᠮᠳᠡᠬᠦ ᠪᠠ ᠬᠢᠵᠢᠭ ᠤᠨ ᠪᠠᠶᠢᠳᠠᠯ ᠳᠡᠯᠭᠡᠷᠡᠬᠦ ᠬᠤᠭᠤᠴᠠᠭᠠᠨ ᠳᠠᠬᠢ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ︽ᠡᠷᠡᠭᠦᠯ ᠮᠡᠨᠳᠤ ᠶᠢ ᠪᠠᠲᠤᠯᠠᠵᠤ᠂ ᠬᠦᠨᠳᠦ ᠡᠪᠡᠳᠴᠢᠨ ᠢ ᠰᠡᠷᠭᠡᠶᠢᠯᠡᠬᠦ︾ ᠶᠢ ᠪᠡᠶᠡᠯᠡᠭᠦᠯᠦᠨ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠤ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠬᠦ ᠬᠢᠵᠢᠭ ᠤᠨ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ ᠭᠡᠵᠡᠢ᠃        ᠪᠥᠬᠡᠪᠠᠶᠠᠷ᠂ ᠡᠮ ᠡᠮᠨᠡᠯᠭᠡ ᠶᠢᠨ ᠠᠪᠤᠷᠠᠨ ᠵᠠᠰᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠴᠢᠩᠭᠠᠳᠬᠠᠬᠤ ᠬᠡᠷᠡᠭᠲᠡᠢ︔ ᠪᠠᠴᠢᠮ ᠪᠠᠶᠢᠳᠠᠯ ᠢ ᠠᠷᠭᠠᠴᠠᠬᠤ ᠡᠮᠴᠢᠯᠡᠭᠡᠨ ᠤ ᠡᠳ᠋ ᠪᠣᠳᠠᠰ ᠤᠨ ᠬᠠᠩᠭᠠᠯᠭ᠎ᠠ ᠶᠢ ᠪᠦᠬᠦ ᠬᠦᠴᠦᠨ ᠢᠶᠠᠷ ᠪᠠᠲᠤᠯᠠᠵᠤ᠂ ᠣᠯᠠᠨ ᠲᠦᠮᠡᠨ ᠤ ᠦᠨᠳᠦᠰᠦᠨ ᠬᠡᠷᠡᠭᠯᠡᠬᠦ ᠡᠮ ᠤᠨ ᠬᠡᠷᠡᠭᠴᠡᠭᠡ ᠶᠢ ᠪᠠᠲᠤᠯᠠᠬᠤ ᠬᠡᠷᠡᠭᠲᠡᠢ︔ ᠭᠤᠣᠯᠳᠠᠯᠭ᠎ᠠ ᠲᠠᠢ ᠬᠥᠮᠥᠰ ᠲᠤ ᠦᠢᠯᠡᠴᠢᠯᠡᠬᠦ ᠪᠠᠲᠤᠯᠠᠭ᠎ᠠ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠭᠤᠣᠯᠳᠠᠯᠭ᠎ᠠ ᠲᠠᠢ ᠪᠠᠶᠢᠭᠤᠯᠤᠮᠵᠢ ᠶᠢᠨ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠨ᠂ ᠡᠷᠡᠭᠦᠯ ᠮᠡᠨᠳᠦ ᠶᠢᠨ ᠬᠠᠮᠢᠶᠠᠷᠤᠯᠲᠠ ᠶᠢ ᠲᠠᠰ ᠲᠥᠷᠥᠯ ᠬᠤᠪᠢᠶᠠᠨ ᠨᠠᠶᠢᠳᠠᠪᠤᠷᠢᠵᠢᠭᠤᠯᠬᠤ ᠬᠡᠷᠡᠭᠲᠡᠢ︔ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠢ ᠴᠢᠩᠭᠠᠳᠬᠠᠵᠤ᠂ ᠡᠯ᠎ᠡ ᠰᠤᠮᠤ ᠪᠠᠯᠭᠠᠰᠤ᠂ ᠭᠠᠴᠠᠭ᠎ᠠ ᠶᠢᠨ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠵᠤ᠂ ᠲᠣᠭᠲᠠᠴᠠ ᠶᠢ ᠳᠣᠷᠣᠭᠰᠢ ᠪᠠᠭᠤᠯᠭᠠᠬᠤ᠂ ᠡᠬᠢ ᠪᠠᠶᠠᠯᠢᠭ ᠢ ᠳᠣᠷᠣᠭᠰᠢ ᠪᠠᠭᠤᠯᠭᠠᠬᠤ᠂ ᠺᠠᠳ᠋ᠷ ᠢ ᠳᠣᠷᠣᠭᠰᠢ ᠪᠠᠭᠤᠯᠭᠠᠬᠤ ᠶᠢ ᠪᠡᠶᠡᠯᠡᠭᠦᠯᠬᠦ ᠬᠡᠷᠡᠭᠲᠡᠢ︔ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠪᠠ ᠬᠡᠦᠬᠡᠳ ᠲᠤ ᠲᠠᠷᠢᠯᠭ᠎ᠠ ᠲᠠᠷᠢᠬᠤ ᠠᠵᠢᠯ ᠢ ᠭᠦᠨᠵᠡᠭᠡᠶᠢᠷᠡᠭᠦᠯᠦᠨ ᠨᠠᠷᠢᠯᠢᠭᠵᠢᠭᠤᠯᠵᠤ᠂ ᠭᠥᠯᠢᠶᠡᠨ ᠠᠪᠬᠤ ᠶᠣᠰᠣᠲᠠᠢ ᠶᠢ ᠨᠢ ᠪᠦᠬᠦᠨ ᠢ ᠭᠥᠯᠢᠶᠡᠨ ᠠᠪᠬᠤ ᠶᠢ ᠪᠡᠶᠡᠯᠡᠭᠦᠯᠬᠦ ᠬᠡᠷᠡᠭᠲᠡᠢ︔ ᠶᠠᠳᠠᠭᠤ ᠬᠦᠴᠢᠷᠳᠡᠯᠲᠡᠢ ᠬᠥᠮᠥᠰ ᠢ ᠬᠠᠯᠠᠮᠵᠢᠯᠠᠨ ᠬᠠᠶᠢᠷᠠᠯᠠᠵᠤ᠂ ᠦᠨᠳᠦᠰᠦᠨ ᠵᠦᠢᠯ ᠢ ᠪᠠᠲᠤᠯᠠᠬᠤ ᠲᠣᠭᠲᠠᠴᠠ ᠶᠢ ᠲᠡᠭᠦᠯᠳᠡᠷᠵᠢᠭᠦᠯᠦᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠰᠠᠶᠢᠲᠤᠷ ᠰᠠᠬᠢᠬᠤ ᠬᠡᠷᠡᠭᠲᠡᠢ︔ ᠬᠢᠵᠢᠭ ᠤᠨ ᠪᠠᠶᠢᠳᠠᠯ ᠢ ᠬᠢᠨᠠᠨ ᠬᠡᠮᠵᠢᠬᠦ ᠪᠠ ᠵᠠᠳᠠᠯᠤᠨ ᠰᠤᠳᠤᠯᠵᠤ ᠮᠠᠭᠠᠳᠯᠠᠬᠤ ᠶᠢ ᠴᠢᠩᠭᠠᠳᠬᠠᠵᠤ᠂ ᠠᠵᠢᠯ ᠤᠨ ᠪᠣᠳᠠᠲᠤ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠤᠰᠢᠭᠤ ᠱᠠᠲᠤᠨ ᠤ ᠤᠳᠤᠷᠢᠳᠤᠯᠭ᠎ᠠ ᠳᠠᠭᠠᠭᠠᠴᠢᠯᠠᠭᠰᠠᠨ ᠰᠤᠮᠤ ᠪᠠᠯᠭᠠᠰᠤ ᠶᠢᠨ ᠬᠢᠵᠢᠭ ᠤᠨ ᠪᠠᠶᠢᠳᠠᠯ ᠢ ᠰᠢᠢᠳᠪᠦᠷᠢᠯᠡᠬᠦ ᠠᠵᠢᠯ ᠢ ᠰᠠᠶᠢᠲᠤᠷ ᠠᠳᠬᠤᠬᠤ ᠬᠡᠷᠡᠭᠲᠡᠢ︔ ᠡᠯ᠎ᠡ ᠰᠤᠮᠤ ᠪᠠᠯᠭᠠᠰᠤ᠂ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠢ ᠵᠣᠬᠢᠴᠠᠭᠤᠯᠤᠨ ᠲᠣᠬᠢᠷᠠᠭᠤᠯᠵᠤ᠂ ᠡᠭᠦᠷᠭᠡ ᠶᠢ ᠬᠤᠪᠢ ᠬᠥᠮᠥᠨ ᠳᠤ ᠬᠦᠷᠲᠡᠯ᠎ᠡ ᠨᠠᠷᠢᠯᠢᠭᠵᠢᠭᠤᠯᠬᠤ ᠬᠡᠷᠡᠭᠲᠡᠢ︔ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠪᠣᠯᠣᠨ ᠨᠠᠮ ᠤᠨ ᠠᠯᠪᠠᠨ ᠭᠡᠷ ᠤᠨ ᠰᠢᠪᠠᠳᠠᠨ ᠪᠠᠶᠢᠴᠠᠭᠠᠬᠤ ᠲᠠᠰᠤᠭ᠂ ᠵᠠᠰᠠᠭ ᠤᠨ ᠶᠠᠪᠤᠳᠠᠯ ᠤᠨ ᠠᠯᠪᠠᠨ ᠭᠡᠷ ᠤᠨ ᠰᠢᠪᠠᠳᠠᠨ ᠪᠠᠶᠢᠴᠠᠭᠠᠬᠤ ᠲᠠᠰᠤᠭ ᠬᠠᠮᠲᠤᠷᠠᠨ ᠰᠢᠪᠠᠳᠠᠨ ᠵᠢᠯᠤᠭᠤᠳᠴᠤ ᠪᠠᠶᠢᠴᠠᠭᠠᠬᠤ ᠪᠠ ᠮᠥᠷᠳᠡᠨ ᠪᠠᠶᠢᠴᠠᠭᠠᠵᠤ ᠦᠷ᠎ᠡ ᠪᠦᠲᠦᠮᠵᠢ ᠶᠢ ᠠᠰᠠᠭᠤᠬᠤ ᠶᠢ ᠴᠢᠩᠭᠠᠳᠬᠠᠬᠤ ᠬᠡᠷᠡᠭᠲᠡᠢ︔ ᠠᠵᠢᠯ ᠲᠥᠷᠥᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ᠂ ᠦᠢᠯᠡᠴᠢᠯᠡᠭᠡᠨ ᠤ ᠪᠠᠲᠤᠯᠠᠭ᠎ᠠ ᠪᠠ ᠠᠵᠢᠯᠲᠠᠨ ᠠᠵᠢᠯᠴᠢᠨ ᠤ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠴᠢᠩᠭᠠᠳᠬᠠᠵᠤ᠂ ᠰᠡᠷᠭᠡᠶᠢᠯᠡᠨ ᠡᠵᠡᠮᠳᠡᠬᠦ ᠶᠢ ᠠᠳᠬᠤᠬᠤ᠂ ᠪᠣᠭᠤᠮᠲᠠ ᠶᠢ ᠲᠤᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠪᠣᠶ ᠪᠣᠯᠭᠠᠵᠤ᠂ ᠡᠯ᠎ᠡ ᠭᠤᠭᠴᠤᠭ᠎ᠠ ᠶᠢ ᠨᠢᠭᠲᠠ ᠵᠣᠯᠭᠠᠭᠤᠯᠬᠤ᠂ ᠥᠨᠳᠥᠷ ᠦᠷ᠎ᠡ ᠪᠦᠲᠦᠮᠵᠢᠲᠡᠶ ᠪᠠᠷ ᠨᠢᠭᠡᠳᠦᠯᠲᠡᠢ ᠲᠥᠯᠥᠪᠯᠡᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃        ᠬᠤᠷᠠᠯ ᠠᠴᠠ ᠪᠠᠰᠠ ᠬᠤᠯᠪᠣᠭᠳᠠᠯ ᠪᠦᠬᠦᠢ ᠵᠦᠢᠯᠡᠰ ᠢ ᠬᠢᠨᠠᠨ ᠵᠥᠪᠯᠡᠵᠦ ᠪᠠᠲᠤᠯᠠᠪᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号