ᠲᠢᠶᠠᠨ ᠹᠧᠩ ᠯᠢᠨ ᠠᠷᠤᠬᠠᠰᠢᠶᠠᠲᠤ ᠪᠣᠭᠤᠮᠲᠠ ᠳᠤ ᠬᠦᠷᠴᠦ ᠪᠣᠭᠤᠮᠲᠠ ᠨᠡᠪᠲᠡᠷᠡᠬᠦ ᠠᠴᠠ ᠡᠮᠦᠨᠡᠬᠢ ᠪᠡᠯᠡᠳᠬᠡᠯ ᠠᠵᠢᠯ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2023/1/13
       1 ᠰᠠᠷ᠎ᠠ ᠶᠢᠨ 11 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋  ᠬᠤᠰᠢᠭᠤᠨ ᠳᠠᠷᠤᠭ᠎ᠠ ᠲᠢᠶᠠᠨ ᠹᠧᠩ ᠯᠢᠨ ᠨᠠᠷ ᠠᠷᠤᠬᠠᠰᠢᠶᠠᠲᠤ ᠪᠣᠭᠤᠮᠲᠠ ᠳᠤ ᠭᠦᠨᠵᠡᠭᠡᠶᠢᠷᠡᠨ᠂ ᠮᠣᠩᠭᠤᠯ ᠤᠯᠤᠰ ᠤᠨ ᠳᠣᠷᠣᠨᠠᠲᠤ ᠠᠶᠢᠮᠠᠭ ᠤᠨ ᠭᠠᠳᠠᠭᠠᠳᠤ ᠶᠠᠪᠤᠳᠠᠯ ᠤᠨ ᠠᠯᠪᠠᠨ ᠭᠡᠷ᠂ ᠪᠣᠭᠤᠮᠲᠠ ᠶᠢᠨ ᠠᠯᠪᠠᠨ ᠭᠡᠷ᠂ ᠴᠠᠭᠠᠴᠢᠯᠠᠯ ᠤᠨ ᠲᠣᠪᠴᠢᠶ᠎ᠠ᠂ ᠬᠢᠯᠢ ᠶᠢᠨ ᠪᠣᠭᠤᠮᠲᠠ ᠵᠢᠴᠢ ᠬᠢᠯᠢ ᠶᠢᠨ ᠪᠠᠶᠢᠴᠠᠭᠠᠯᠲᠠ ᠵᠡᠷᠭᠡ ᠰᠠᠯᠠᠭ᠎ᠠ ᠮᠥᠴᠢᠷ ᠲᠠᠢ ᠲᠤᠬᠠᠢ ᠶᠢᠨ ᠲᠠᠯᠠᠪᠤᠷ ᠲᠤ ᠰᠦᠯᠵᠢᠶᠡᠨ ᠳᠡᠭᠡᠷ᠎ᠡ ᠬᠠᠷᠢᠯᠴᠠᠵᠤ᠂ ᠠᠷᠤᠬᠠᠰᠢᠶᠠᠲᠤ ︱ ᠬᠠᠪᠢᠷᠭ᠎ᠠ ᠪᠣᠭᠤᠮᠲᠠ ᠨᠡᠪᠲᠡᠷᠡᠬᠦ ᠠᠴᠠ ᠡᠮᠦᠨᠡᠬᠢ ᠪᠡᠯᠡᠳᠬᠡᠯ ᠠᠵᠢᠯ ᠢ ᠶᠠᠷᠢᠯᠴᠠᠪᠠ᠃
       ᠲᠢᠶᠠᠨ ᠹᠧᠩ ᠯᠢᠨ᠂ ᠳᠤᠮᠳᠠᠳᠤ ᠮᠣᠩᠭᠤᠯ ᠬᠤᠶᠠᠷ ᠤᠯᠤᠰ ᠪᠣᠯ ᠠᠭᠤᠯᠠ ᠤᠰᠤ ᠪᠠᠷ ᠢᠶᠠᠨ ᠵᠠᠯᠭᠠᠯᠳᠤᠭᠰᠠᠨ ᠨᠥᠬᠦᠷᠰᠡᠭ ᠬᠥᠷᠰᠢ ᠤᠯᠤᠰ ᠪᠣᠯᠣᠨ᠎ᠠ᠂ ᠬᠤᠶᠠᠷ ᠤᠯᠤᠰ ᠤᠨ ᠬᠢᠯᠢ ᠶᠢᠨ ᠪᠣᠭᠤᠮᠲᠠ ᠶᠢ ᠰᠡᠷᠭᠦᠭᠡᠬᠦ  ᠨᠢ ᠡᠯ᠎ᠡ ᠬᠦᠷᠢᠶ᠎ᠡ ᠴᠠᠷᠠᠭᠠᠨ ᠤ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠣᠷᠣᠨ ᠨᠤᠲᠤᠭ ᠤᠨ ᠠᠵᠤ ᠠᠬᠤᠢ ᠶᠢᠨ ᠬᠤᠩᠭᠢᠯ ᠢ ᠨᠡᠮᠡᠭᠳᠡᠭᠦᠯᠵᠦ᠂ ᠬᠠᠮᠲᠤᠪᠠᠷ ᠭᠠᠷ ᠬᠤᠯᠪᠣᠨ ᠬᠢᠯᠢ ᠶᠢᠨ ᠪᠣᠭᠤᠮᠲᠠ ᠶᠢᠨ ᠬᠥᠭᠵᠢᠯᠲᠡ ᠶᠢᠨ ᠡᠯ᠎ᠡ ᠵᠦᠢᠯ ᠤᠨ ᠬᠠᠮᠲᠤᠷᠠᠯᠴᠠᠭ᠎ᠠ ᠶᠢ ᠢᠳᠡᠪᠬᠢᠲᠡᠢ ᠠᠬᠢᠭᠤᠯᠬᠤ ᠨᠢ ᠬᠤᠶᠠᠷ ᠤᠯᠤᠰ ᠤᠨ ᠬᠥᠭᠵᠢᠯᠲᠡ ᠳᠤ ᠠᠪᠴᠤ ᠬᠡᠯᠡᠪᠡᠯ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ ᠭᠡᠵᠡᠢ᠃        ᠲᠤᠬᠠᠢ ᠶᠢᠨ ᠲᠠᠯᠠᠪᠤᠷ ᠲᠤ᠂ ᠬᠤᠶᠠᠷ ᠲᠠᠯ᠎ᠠ ᠶᠢᠨ ᠬᠢᠨ ᠪᠠᠰᠠ 1 ᠰᠠᠷ᠎ᠠ ᠶᠢᠨ 19 ᠤ ᠡᠳᠦᠷ ᠤᠨ ᠪᠠᠷᠠᠭᠠᠨ ᠤ ᠲᠡᠭᠡᠭᠡᠪᠦᠷᠢ ᠶᠢᠨ ᠪᠣᠭᠤᠮᠲᠠ ᠪᠠᠷ ᠥᠩᠭᠡᠷᠡᠬᠦ ᠪᠣᠳᠠᠲᠠᠢ ᠵᠦᠢᠯᠡᠰ ᠵᠢᠴᠢ ᠲᠠᠷᠠᠭᠠᠴᠢ ᠶᠢᠨ ᠠᠯᠬᠤᠮ ᠤᠨ ᠠᠶᠠᠨᠴᠢᠳ ᠤᠨ ᠲᠡᠭᠡᠭᠡᠪᠦᠷᠢ ᠶᠢᠨ ᠪᠣᠭᠤᠮᠲᠠ ᠪᠠᠷ ᠥᠩᠭᠡᠷᠡᠬᠦ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠬᠠᠮᠲᠤᠪᠠᠷ ᠶᠠᠷᠢᠯᠴᠠᠪᠠ᠃
       ᠮᠣᠩᠭᠤᠯ ᠤᠨ ᠲᠠᠯ᠎ᠠ ᠪᠣᠯᠣᠨ ᠮᠠᠨᠵᠤᠤᠷ ᠲᠤ ᠰᠠᠭᠤᠭ᠎ᠠ ᠮᠣᠩᠭᠤᠯ ᠤᠯᠤᠰ ᠤᠨ ᠺᠤᠨᠰᠦ᠋ᠯ᠂ ᠳᠤᠮᠳᠠᠳᠤ ᠮᠣᠩᠭᠤᠯ ᠬᠤᠶᠠᠷ ᠤᠯᠤᠰ ᠪᠣᠯ ᠰᠠᠶᠢᠨ ᠬᠥᠷᠰᠢ᠂ ᠰᠠᠶᠢᠨ  ᠠᠨᠳᠠ ᠪᠦᠭᠡᠳ ᠰᠠᠶᠢᠨ ᠬᠠᠨᠢᠲᠠᠨ ᠮᠥᠨ᠃ ᠮᠣᠩᠭᠤᠯ ᠤᠨ ᠲᠠᠯ᠎ᠠ ᠶᠢᠨ ᠬᠢᠨ ᠳᠤᠮᠳᠠᠳᠤ ᠶᠢᠨ ᠲᠠᠯ᠎ᠠ ᠲᠠᠢ ᠤᠷᠳᠤ ᠬᠤᠭᠤᠴᠠᠭᠠᠨ ᠤ ᠲᠣᠭᠲᠠᠭᠤᠨ ᠡᠶᠡᠯᠳᠡᠭ ᠬᠥᠷᠰᠢ ᠶᠢᠨ ᠨᠥᠬᠦᠷᠰᠡᠭ ᠬᠠᠷᠢᠯᠴᠠᠭ᠎ᠠ ᠶᠢ ᠬᠥᠭᠵᠢᠭᠦᠯᠬᠦ ᠪᠠᠷ ᠴᠢᠷᠮᠠᠶᠢᠵᠤ᠂ ᠪᠣᠭᠤᠮᠲᠠ ᠪᠠᠷ ᠥᠩᠭᠡᠷᠡᠬᠦ ᠴᠢᠳᠠᠪᠤᠷᠢ ᠪᠠᠨ ᠦᠷᠭᠦᠯᠵᠢᠯᠡᠨ ᠳᠡᠭᠡᠭᠰᠢᠯᠡᠭᠦᠯᠵᠦ᠂ ᠮᠣᠩᠭᠤᠯ ᠳᠤᠮᠳᠠᠳᠤ ᠶᠢᠨ ᠣᠷᠣᠨ ᠨᠤᠲᠤᠭ ᠤᠨ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠰᠢᠨ᠎ᠡ ᠥᠨᠳᠥᠷᠴᠡ ᠳᠤ ᠬᠦᠷᠭᠡᠬᠦ ᠪᠠᠷ ᠬᠠᠮᠲᠤᠪᠠᠷ ᠴᠢᠷᠮᠠᠶᠢᠵᠠᠭᠠᠶ᠎ᠠ ᠭᠡᠵᠦ ᠵᠢᠭᠠᠵᠤ ᠭᠠᠷᠭᠠᠪᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号