ᠪᠦᠬᠡᠪᠠᠶᠠᠷ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠳᠦᠷᠪᠡᠳᠦᠭᠡᠷ ᠪᠦᠭᠦᠳᠡ ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠳᠤ ᠳ᠋ᠦᠩᠨᠡᠯᠲᠡ ᠶᠢᠨ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2023/1/13
       1 ᠰᠠᠷ᠎ᠠ ᠶᠢᠨ 11 ᠤ ᠦᠳᠡ ᠶᠢᠨ ᠬᠤᠶᠢᠨ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠪᠥᠬᠦᠳᠡ ᠬᠤᠷᠠᠯ ᠵᠢᠴᠢ ᠪᠦᠭᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠠᠮᠵᠢᠯᠲᠠᠲᠠᠢ ᠲᠡᠭᠦᠰᠪᠡ᠃ ᠬᠤᠷᠠᠯ ᠳᠤ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠪᠦᠬᠦᠳᠡ ᠬᠤᠷᠠᠯ ᠤᠨ ᠠᠯᠪᠠᠨ ᠮᠡᠳᠡᠭᠡ︾ ᠶᠢ ᠬᠢᠨᠠᠨ ᠪᠠᠲᠤᠯᠠᠵᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠥᠬᠡᠪᠠᠶᠠᠷ ᠳ᠋ᠦᠩᠨᠡᠯᠲᠡ ᠶᠢᠨ ᠶᠠᠷᠢᠶ᠎ᠠ ᠲᠠᠯᠪᠢᠬᠤ ᠶᠢᠨ ᠬᠠᠮᠲᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠥᠨᠥ ᠵᠢᠯ ᠤᠨ ᠡᠯ᠎ᠡ ᠲᠦᠷᠦᠯ ᠤᠨ ᠭᠤᠣᠯᠳᠠᠯᠭ᠎ᠠ ᠲᠠᠢ ᠠᠵᠢᠯ ᠢ ᠰᠠᠶᠢᠲᠤᠷ ᠠᠳᠬᠤᠬᠤ ᠲᠤᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃
       ᠪᠥᠬᠡᠪᠠᠶᠠᠷ᠂ ᠲᠣᠰ ᠤᠳᠠᠭᠠᠨ ᠤ ᠪᠥᠬᠦᠳᠡ ᠬᠤᠷᠠᠯ ᠪᠣᠯ 2022 ᠣᠨ ᠠᠴᠠ ᠨᠠᠰᠢᠬᠢ ᠠᠵᠢᠯ ᠢ ᠪᠥᠬᠦ ᠲᠠᠯ᠎ᠠ ᠪᠠᠷ ᠳ᠋ᠦᠩᠨᠡᠨ ᠡᠷᠭᠢᠴᠡᠭᠦᠯᠵᠦ᠂ ᠣᠳᠣᠬᠠᠨ ᠤ ᠠᠵᠤ ᠠᠬᠤᠢ ᠶᠢᠨ ᠪᠠᠶᠢᠳᠠᠯ ᠤᠨ ᠲᠤᠬᠠᠢ ᠲᠠᠨᠢᠯᠲᠠ ᠪᠠ ᠡᠵᠡᠮᠳᠡᠯ  ᠢ ᠤᠯᠠᠮ ᠴᠢᠨᠠᠭᠰᠢᠳᠠ ᠭᠦᠨᠵᠡᠭᠡᠶᠢᠷᠡᠭᠦᠯᠦᠨ᠂ 2023 ᠣᠨ ᠤ ᠠᠵᠢᠯ ᠤᠨ ᠬᠠᠷᠠᠯᠲᠠ ᠱᠠᠭᠠᠷᠳᠠᠯᠭ᠎ᠠ᠂ ᠪᠣᠳᠠᠲᠠᠢ ᠡᠭᠦᠷᠭᠡ ᠪᠠ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠶᠡᠭᠡ ᠪᠥᠭᠡᠳ ᠠᠯᠤᠰ ᠬᠡᠲᠦ ᠶᠢᠨ ᠠᠴᠢ ᠬᠤᠯᠪᠣᠭᠳᠠᠯ ᠲᠠᠢ ᠶᠤᠮ᠃ ᠡᠯ᠎ᠡ ᠰᠤᠮᠤ ᠪᠠᠯᠭᠠᠰᠤ᠂ ᠪᠠᠶᠢᠭᠤᠯᠭ᠎ᠠ ᠨᠢᠭᠡᠴᠡ᠂ ᠰᠠᠯᠠᠭ᠎ᠠ ᠮᠥᠴᠢᠷ ᠤᠨ ᠬᠢᠨ ᠲᠣᠰ ᠤᠳᠠᠭᠠᠨ ᠤ ᠬᠤᠷᠠᠯ ᠤᠨ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠡᠵᠡᠮᠳᠡᠵᠦ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠠᠳᠬᠤᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠤᠰ ᠲᠥᠷᠥ ᠪᠠᠷ ᠬᠥᠲᠥᠯᠥᠨ ᠳᠠᠭᠠᠭᠤᠯᠬᠤ᠂ ᠬᠠᠷᠢᠭᠤᠴᠠᠯᠭ᠎ᠠ ᠡᠭᠦᠷᠭᠡᠯᠡᠬᠦ᠂ ᠤᠷᠮᠠᠰᠢᠭᠤᠯᠵᠤ ᠬᠢᠨᠠᠯᠲᠠ ᠲᠠᠯᠪᠢᠬᠤ ᠶᠢ ᠴᠢᠩᠭᠠᠳᠬᠠᠨ᠂ ᠦᠨᠡᠨᠬᠦ ᠠᠳᠬᠤᠵᠤ ᠪᠣᠳᠠᠲᠠᠢ ᠠᠵᠢᠯᠯᠠᠬᠤ ᠭᠦᠨ ᠵᠤᠵᠠᠭᠠᠨ ᠠᠭᠤᠷ ᠠᠮᠢᠰᠬᠤᠯ ᠢ ᠲᠦᠷᠭᠡᠨ ᠪᠣᠶ ᠪᠣᠯᠭᠠᠬᠤ ᠬᠡᠷᠡᠭᠲᠡᠢ᠃ ᠪᠥᠬᠦ ᠬᠤᠰᠢᠭᠤᠨ ᠤ ᠡᠯ᠎ᠡ ᠱᠠᠲᠤᠨ ᠤ ᠤᠳᠤᠷᠢᠳᠬᠤ ᠺᠠᠳ᠋ᠷᠴᠤᠳ ︽ᠵᠠᠩᠭᠢᠯᠠᠭ᠎ᠠ ᠶᠢᠨ ᠴᠥᠭᠡᠨ ᠲᠤᠭ᠎ᠠ︾ ᠶᠢᠨ ᠦᠢᠯᠡᠳᠦᠯ ᠢ ᠪᠠᠳᠠᠷᠠᠭᠤᠯᠵᠤ᠂ ᠡᠯ᠎ᠡ ᠱᠠᠲᠤᠨ ᠤ ᠺᠠᠳ᠋ᠷᠴᠤᠳ ᠤᠨ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠬᠦ ᠶᠢ ᠳᠠᠶᠢᠴᠢᠯᠠᠨ ᠵᠣᠷᠢᠭᠵᠢᠭᠤᠯᠬᠤ ᠬᠡᠷᠡᠭᠲᠡᠢ᠃ ᠦᠷ᠎ᠡ ᠪᠦᠲᠦᠭᠡᠯ ᠤᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠲᠤᠬᠠᠢ ᠶᠢᠨ ᠲᠠᠯᠠᠪᠤᠷ ᠲᠤ ᠠᠵᠢᠯᠯᠠᠬᠤ᠂ ᠡᠴᠦᠰ ᠲᠤᠨᠢ ᠲᠤᠯᠲᠠᠯ᠎ᠠ ᠠᠳᠬᠤᠬᠤ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃        ᠪᠥᠬᠡᠪᠠᠶᠠᠷ᠂ ᠥᠨᠥ ᠵᠢᠯ ᠤᠨ ᠪᠦᠭᠦ ᠬᠤᠰᠢᠭᠤᠨ ᠤ ᠬᠠᠷᠠᠯᠲᠠ ᠡᠭᠦᠷᠭᠡ ᠨᠢᠭᠡᠨᠲᠡ ᠲᠣᠳᠣᠷᠬᠠᠢ ᠪᠣᠯᠵᠤ᠂ ᠵᠠᠩᠭᠢᠯᠠᠭ᠎ᠠ ᠨᠢ ᠨᠠᠶᠢᠳᠠᠪᠤᠷᠢᠵᠢᠭᠤᠯᠬᠤ ᠳᠤ ᠪᠤᠢ᠂ ᠲᠦᠷᠭᠡᠨ ᠬᠥᠳᠡᠯᠦᠯᠴᠡᠵᠦ᠂ ᠲᠤᠤᠱᠲᠠᠢ ᠬᠢᠬᠦ ᠬᠡᠷᠡᠭᠲᠡᠢ︔ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠡᠷᠡᠭᠴᠡᠭᠡ ᠱᠠᠭᠠᠷᠳᠠᠯᠭ᠎ᠠ ᠪᠠᠷ ᠵᠢᠯᠣᠭᠤᠳᠣᠮᠵᠢ ᠪᠣᠯᠭᠠᠬᠤ ᠶᠢ ᠪᠠᠷᠢᠮᠲᠠᠯᠠᠬᠤ ᠬᠡᠷᠡᠭᠲᠡᠢ︔ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠠ ᠲᠣᠰ ᠤᠳᠠᠭᠠᠨ ᠤ ᠬᠤᠰᠢᠭᠤᠨ ᠤ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠠᠵᠢᠯ ᠤᠨ ᠲᠣᠬᠢᠷᠠᠭᠤᠯᠤᠯᠲᠠ ᠶᠢ ᠨᠠᠷᠢᠨ ᠬᠢᠨᠠᠮᠠᠭᠠᠢ ᠬᠠᠷᠭᠤᠭᠤᠯᠵᠤ᠂ ᠭᠠᠷᠳᠠᠬᠤ ᠴᠡᠭ ᠪᠠ ᠬᠦᠴᠦᠯᠡᠬᠦ ᠴᠡᠭ ᠢᠶᠠᠨ ᠣᠨᠣᠪᠴᠢᠲᠠᠶ ᠣᠯᠵᠤ᠂ ᠳᠡᠭᠡᠳᠦ ᠱᠠᠲᠤᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠰᠢᠨ᠎ᠡ ᠪᠠᠷᠭᠤ ᠪᠠᠷᠠᠭᠤᠨ ᠬᠤᠰᠢᠭᠤᠨ ᠤ ᠡᠯ᠎ᠡ ᠵᠦᠢᠯ ᠤᠨ ᠲᠥᠯᠦᠪᠵᠢᠭᠦᠯᠭᠡ ᠪᠠ ᠲᠥᠷᠥ ᠶᠢᠨ ᠪᠣᠳᠣᠯᠭ᠎ᠠ ᠳᠤ ᠦᠨᠡᠨᠬᠦ ᠨᠠᠶᠢᠳᠠᠪᠤᠷᠢᠵᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠲᠠᠪᠤ ᠶᠢ ᠲᠤᠶᠢᠯᠪᠤᠷᠢᠲᠠᠢ ᠪᠠᠶᠢᠴᠠᠭᠠᠬᠤ ᠠᠵᠢᠯᠯᠠᠭ᠎ᠠ︾᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠶᠢᠨ ︽ᠲᠠᠪᠤᠨ ᠶᠡᠭᠡ ᠠᠵᠢᠯᠯᠠᠭᠠᠨ ᠤ ᠲᠥᠯᠥᠪᠯᠡᠭᠡ︾ ᠶᠢᠨ ᠲᠣᠭᠤᠷᠢᠨ ᠳᠤ᠂ ᠪᠥᠬᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠭᠤᠣᠯᠳᠠᠯᠭ᠎ᠠ ᠲᠠᠢ ᠠᠵᠢᠯ ᠪᠠ ᠪᠥᠬᠦ ᠲᠠᠯ᠎ᠠ ᠳᠤ ᠬᠤᠯᠪᠣᠭᠳᠠᠬᠤ ᠡᠭᠦᠷᠭᠡ ᠶᠢ ᠴᠢᠩᠭ᠎ᠠ ᠠᠳᠬᠤᠵᠤ᠂ ᠨᠠᠷᠢᠯᠢᠭ ᠣᠨᠣᠪᠴᠢᠲᠠᠢ ᠪᠠᠷ ᠬᠡᠷᠡᠭᠵᠢᠭᠦᠯᠵᠦ᠂ ᠪᠣᠳᠠᠲᠠᠢ ᠶᠢ ᠡᠷᠬᠢᠮᠯᠡᠬᠦ ᠠᠵᠢᠯ ᠤᠨ ᠰᠤᠷᠲᠠᠯ ᠢᠶᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠦᠨᠡᠨ ᠪᠣᠳᠠᠲᠠᠢ ᠦᠢᠯᠡᠳᠦᠯᠭᠡ ᠶᠢᠨ ᠦᠷ᠎ᠡ ᠪᠦᠲᠦᠭᠡᠯ ᠪᠣᠯᠭᠠᠨ ᠬᠤᠪᠢᠷᠠᠭᠤᠯᠬᠤ ᠬᠡᠷᠡᠭᠲᠡᠢ ᠭᠡᠵᠡᠢ᠃
       ᠪᠥᠬᠡᠪᠠᠶᠠᠷ᠂ ᠪᠦᠬᠦ ᠵᠢᠯ ᠤᠨ ᠠᠵᠤ ᠠᠬᠤᠢ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠲᠣᠭᠲᠠᠭᠤᠨ ᠢᠶᠠᠷ ᠨᠡᠮᠡᠭᠳᠡᠭᠦᠯᠬᠦ ᠶᠢ ᠭᠤᠣᠯᠳᠠᠯᠭ᠎ᠠ ᠶᠢᠨ ᠳᠤᠮᠳᠠᠬᠢ ᠭᠤᠣᠯᠳᠠᠯᠭ᠎ᠠ ᠪᠣᠯᠭᠠᠵᠤ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠵᠦ᠂ ᠰᠢᠨ᠎ᠡ ᠬᠦᠳᠡᠯᠭᠡᠬᠦ ᠬᠦᠴᠦᠨ ᠢ ᠬᠦᠮᠦᠵᠢᠭᠦᠯᠦᠨ ᠪᠤᠵᠠᠭᠠᠶᠢᠷᠠᠭᠤᠯᠵᠤ᠂ ᠲᠦᠷᠦᠯ ᠵᠦᠢᠯ ᠢ ᠰᠦᠪᠡᠭᠴᠢᠯᠡᠬᠦ᠂ ᠲᠦᠷᠦᠯ ᠵᠦᠢᠯ ᠢ ᠣᠷᠣᠭᠤᠯᠬᠤ᠂ ᠲᠦᠷᠦᠯ ᠵᠦᠢᠯ ᠢ ᠪᠠᠶᠢᠭᠤᠯᠬᠤ ᠶᠢ ᠪᠡᠶᠡᠯᠡᠭᠦᠯᠬᠦ ᠬᠡᠷᠡᠭᠲᠡᠢ᠃ ︽ᠤᠮᠠᠷᠠᠰᠢ ᠨᠡᠭᠡᠭᠡᠯᠲᠡ ᠬᠢᠬᠦ︾ ᠶᠡᠭᠡ ᠪᠠᠶᠢᠷᠢᠰᠢᠯ ᠳᠤ ᠭᠦᠨᠵᠡᠭᠡᠢ ᠠᠭᠤᠰᠤᠯᠴᠠᠵᠤ᠂ ᠬᠢᠯᠢ ᠶᠢᠨ ᠪᠣᠭᠤᠮᠲᠠ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠬᠥᠭᠵᠢᠭᠡᠵᠦ᠂ ᠡᠭᠦᠳᠡ ᠪᠠᠨ ᠨᠡᠭᠡᠭᠡᠬᠦ ᠳᠤ ᠲᠣᠭᠲᠠᠭᠤᠨ ᠪᠦᠭᠡᠳ ᠰᠠᠶᠢᠨ ᠡᠬᠢᠯᠡᠯᠲᠡ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠡᠯ᠎ᠡ ᠵᠦᠢᠯ ᠤᠨ ᠠᠵᠢᠯ ᠢ ᠬᠦᠴᠦ ᠲᠠᠯᠪᠢᠨ ᠰᠠᠶᠢᠲᠤᠷ ᠬᠢᠵᠦ᠂ ᠠᠷᠠᠳ ᠤᠨ ᠬᠦᠰᠡᠯ ᠡᠷᠡᠮᠡᠯᠵᠡᠯ᠂ ᠵᠠᠰᠠᠭ ᠤᠨ ᠶᠠᠪᠤᠳᠠᠯ ᠤᠨ ᠪᠣᠳᠣᠯᠬᠢᠯᠠᠯ ᠢ ᠪᠡᠶᠡᠯᠡᠭᠦᠯᠬᠦ ᠬᠡᠷᠡᠭᠲᠡᠢ᠃ ︽ᠬᠥᠮᠥᠨ ᠪᠦᠬᠦᠨ ᠴᠥᠮ ᠥᠪᠡᠷ ᠤᠨ ᠡᠷᠡᠭᠦᠯ ᠮᠡᠨᠳᠦ ᠶᠢᠨ ᠢᠶᠠᠨ ᠨᠢᠭᠡᠳᠦᠭᠡᠷ ᠬᠠᠷᠢᠭᠤᠴᠠᠯᠭᠠᠲᠠᠨ︾ ᠪᠣᠯᠬᠤ ᠣᠶᠢᠯᠠᠭᠠᠭᠳᠠᠬᠤᠨ ᠢ ᠪᠣᠶ ᠪᠣᠯᠭᠠᠵᠤ᠂ ᠰᠢᠨᠵᠢᠯᠡᠬᠦ ᠤᠬᠠᠭᠠᠨᠴᠢ ᠪᠠᠷ ᠬᠢᠵᠢᠭ ᠢ ᠰᠡᠷᠭᠡᠶᠢᠯᠡᠬᠦ ᠶᠢ ᠥᠷᠭᠡᠨ ᠢᠶᠠᠷ ᠤᠬᠠᠭᠤᠯᠬᠤ ᠬᠡᠷᠡᠭᠲᠡᠢ᠃ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠬᠡ ᠤᠯᠤᠰ ᠤᠨ ᠤᠮᠠᠷᠠᠲᠤ ᠶᠢᠨ ᠠᠮᠤᠷ ᠲᠣᠭᠲᠠᠭᠤᠨ ᠢ ᠪᠠᠲᠤᠯᠠᠬᠤ ᠬᠡᠷᠡᠭᠲᠡᠢ᠃ ᠵᠢᠯ ᠴᠠᠭᠠᠨ ᠰᠠᠷ᠎ᠠ ᠪᠣᠯᠵᠤ ᠢᠷᠡᠬᠦ ᠲᠠᠰᠢᠷᠠᠮ ᠳᠤ᠂ ᠡᠯ᠎ᠡ ᠰᠤᠮᠤ ᠪᠠᠯᠭᠠᠰᠤ᠂ ᠰᠠᠯᠠᠭ᠎ᠠ ᠮᠥᠴᠢᠷ ᠤᠨ ᠬᠢᠨ ᠪᠣᠯᠭᠤᠭᠠᠨ ᠲᠣᠬᠤᠨᠢᠭᠤᠯᠬᠤ᠂ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠵᠦ᠂ ᠠᠶᠤᠯᠭᠦᠢ ᠦᠢᠯᠡᠳᠪᠦᠷᠢᠯᠡᠯ ᠪᠠ ᠭᠡᠮ ᠰᠣᠭᠤᠭ ᠢ ᠪᠠᠶᠢᠴᠠᠭᠠᠬᠤ ᠠᠵᠢᠯ ᠢ ᠨᠠᠷᠢᠨ ᠬᠢᠨᠠᠮᠠᠭᠠᠢ ᠥᠷᠨᠢᠭᠦᠯᠵᠦ᠂ ᠢᠳᠡᠭᠡᠨ ᠪᠠ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠭᠠᠮᠰᠢᠭ ᠢ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢ ᠴᠢᠩᠭᠠᠳᠬᠠᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠨᠥᠯᠥᠭᠡᠯᠡᠬᠦ ᠬᠡᠷᠡᠭ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ᠃ ᠵᠠᠩᠭᠢᠯᠠᠭ᠎ᠠ   ᠶᠢᠨ ᠴᠡᠭ ᠢ ᠴᠢᠩᠭ᠎ᠠ ᠠᠩᠬᠠᠷᠴᠤ ︽ᠳᠥᠷᠪᠡᠨ ᠰᠤᠷᠲᠠᠯ︾ ᠢ ᠵᠠᠯᠠᠷᠠᠭᠤᠯᠵᠤ᠂ ᠪᠠᠶᠠᠷ ᠤᠨ ᠡᠳᠦᠷ ᠢᠶᠠᠨ ᠠᠷᠢᠭᠤᠨ ᠴᠢᠬᠡᠴᠢ ᠪᠠᠷ ᠥᠩᠭᠡᠷᠡᠭᠦᠯᠬᠦ ᠶᠢ ᠦᠨᠡᠨᠬᠦ ᠪᠠᠲᠤᠯᠠᠵᠤ᠂ ᠲᠥᠪ ᠴᠢᠬᠡᠴᠢ ᠰᠤᠷᠲᠠᠯ ᠢ ᠪᠠᠳᠠᠷᠠᠭᠤᠯᠬᠤ ᠬᠡᠷᠡᠭᠲᠡᠢ ᠭᠡᠵᠦ ᠱᠠᠭᠠᠷᠳᠠᠪᠠ᠃        ᠬᠠᠮᠤᠭ ᠤᠨ ᠡᠴᠦᠰ ᠲᠤ ᠪᠥᠬᠡᠪᠠᠶᠠᠷ᠂ ᠰᠢᠨ᠎ᠡ ᠦᠵᠡᠯ ᠰᠠᠨᠠᠭ᠎ᠠ ᠨᠢ ᠰᠢᠨ᠎ᠡ ᠠᠶᠠᠨ ᠢ ᠬᠥᠲᠥᠯᠥᠨ ᠳᠠᠭᠠᠭᠤᠯᠵᠤ᠂ ᠰᠢᠨ᠎ᠡ ᠠᠶᠠᠨ ᠳᠤ ᠡᠭᠦᠷᠭᠡ ᠬᠦᠨᠳᠦ ᠵᠠᠮ ᠬᠤᠯᠠ ᠪᠠᠶᠢᠨ᠎ᠠ᠃ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠪᠥᠬᠦ ᠬᠤᠰᠢᠭᠤᠨ ᠤ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠵᠣᠷᠢᠭᠲᠠᠢ ᠡᠭᠦᠷᠭᠡᠯᠡᠨ᠂ ᠡᠷᠡᠯᠬᠡᠭᠯᠡᠨ ᠲᠡᠮᠡᠴᠡᠵᠦ᠂ ᠭᠠᠪᠰᠢᠭᠠᠶᠢᠯᠠᠨ ᠠᠵᠢᠯᠯᠠᠬᠤ ᠪᠠᠷ ᠭᠤᠣᠯᠳᠠᠯᠭ᠎ᠠ ᠪᠣᠯᠭᠠᠵᠤ᠂ ᠥᠨᠥ ᠵᠢᠯ ᠤᠨ ᠮᠠᠨ ᠤ ᠬᠤᠰᠢᠭᠤᠨ ᠤ ᠡᠯ᠎ᠡ ᠵᠦᠢᠯ ᠤᠨ ᠠᠵᠢᠯ ᠳᠤ ᠰᠢᠨ᠎ᠡ ᠦᠷ᠎ᠡ ᠪᠦᠲᠦᠮᠵᠢ ᠣᠯᠬᠤ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠬᠥᠯᠥᠨ ᠪᠤᠶᠢᠷ ᠤᠨ ᠣᠳᠣᠬᠢᠴᠢᠯᠠᠯᠲᠠ ᠶᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠰᠢᠨ᠎ᠡ ᠪᠠᠷᠭᠤ ᠪᠠᠷᠠᠭᠤᠨ ᠬᠤᠰᠢᠭᠤᠨ ᠤ ᠬᠦᠴᠦᠨ ᠴᠢᠳᠠᠯ ᠢ ᠨᠡᠮᠡᠷᠢᠯᠡᠬᠦ ᠬᠡᠷᠡᠭᠲᠡᠢ ᠭᠡᠵᠡᠢ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号