ᠬᠤᠭ ᠨᠤᠪᠰᠢ ᠪᠠᠨ ᠲᠦᠷᠦᠯ ᠠᠩᠬᠢᠯᠠᠵᠦ ᠪᠠᠶᠢᠭ᠎ᠠ ᠬᠡᠷᠦᠯᠦᠨ ᠰᠤᠮᠤ ᠶᠢᠨ ᠮᠠᠯᠴᠢᠤᠨ
ᠨᠡᠶᠢᠲᠡᠯᠡᠭᠰᠡᠨ ᠴᠠᠭ᠄
2023/1/16
       ᠮᠠᠨ ᠤ ᠰᠤᠷᠪᠤᠯᠵᠢᠯᠠᠭ᠎ᠠ ᠶᠢᠨ ᠲᠤᠭᠤᠶᠢᠯᠠᠩ ᠤᠨ ᠬᠢᠨ ᠬᠦᠯᠦᠨ ᠪᠤᠶᠢᠷ ᠬᠤᠲᠠ ᠶᠢᠨ ᠰᠢᠨ᠎ᠡ ᠪᠠᠷᠭᠤ ᠪᠠᠷᠠᠭᠤᠨ ᠬᠤᠰᠢᠭᠤᠨ ᠤ ᠬᠡᠷᠦᠯᠦᠨ ᠰᠤᠮᠤ ᠪᠠᠷ ᠰᠤᠷᠪᠤᠯᠵᠢᠯᠠᠵᠤ ᠶᠠᠪᠤᠬᠤ ᠳᠠᠭᠠᠨ᠂ ᠠᠶᠢᠯ ᠠᠶᠢᠯ ᠤᠨ ᠭᠠᠳᠠᠨ᠎ᠠ ᠭᠤᠷᠪᠠᠨ ᠥᠩᠭᠡ ᠶᠢᠨ ᠲᠥᠷᠥᠯ ᠠᠩᠭᠢᠯᠠᠬᠤ ᠬᠤᠭ ᠨᠣᠪᠰᠢ ᠶᠢᠨ ᠤᠭᠤᠲᠠ ᠨᠢᠳᠤᠨ ᠳᠤ ᠢᠯᠡᠬᠡᠨ ᠬᠠᠷᠠᠭᠳᠠᠯ᠎ᠠ᠃ ᠶᠠᠭᠤ ᠪᠤᠯᠤᠭᠰᠠᠨ ᠤᠴᠢᠷ ᠢ ᠤᠬᠠᠪᠠᠯ᠂ ᠬᠡᠷᠦᠯᠦᠨ ᠰᠤᠮᠤ ᠬᠤᠭ ᠨᠤᠪᠰᠢ ᠶᠢ ᠲᠦᠷᠦᠯ ᠠᠩᠬᠢᠯᠠᠨ ᠬᠠᠮᠢᠶᠠᠷᠬᠤ ᠲᠤᠷᠰᠢᠯᠳᠠ ᠶᠢᠨ ᠰᠤᠮᠤ ᠪᠤᠯᠤᠭᠰᠠᠨ ᠤ ᠬᠤᠪᠢ ᠳᠤ᠂ ᠰᠤᠮᠤᠨ ᠤ ᠡᠮᠡᠭᠳᠡᠶᠢᠴᠤᠤᠨ ᠤᠨ ᠬᠤᠯᠪᠤᠭ᠎ᠠ ᠶᠢᠨ ᠲᠠᠶᠢᠴᠢᠯᠠᠯ ᠳᠠᠭᠠᠭᠤᠯᠭ᠎ᠠ ᠲᠤᠤᠷ᠎ᠠ᠂ ᠡᠷᠦᠭᠡ ᠪᠦᠷᠢ ᠶᠢ ᠬᠤᠭ ᠨᠤᠪᠰᠢ ᠶᠢ ᠲᠦᠷᠦᠯ ᠠᠩᠭᠢᠯᠠᠬᠤ ᠪᠠᠷ ᠬᠠᠮᠢᠶᠠᠷᠴᠤ ᠲᠠᠯ᠎ᠠ ᠨᠤᠳᠤᠭ ᠤᠨ ᠪᠤᠬᠢᠷᠳᠤᠯ ᠢ ᠪᠠᠭᠠᠰᠬᠠᠵᠤ᠂ ᠬᠦᠮᠦᠰ ᠤᠨ ᠠᠮᠢᠳᠤᠷᠠᠨ ᠰᠠᠭᠤᠷᠢᠰᠢᠬᠤ ᠤᠷᠴᠢᠨ ᠲᠤᠭᠤᠷᠢᠨ ᠢᠶᠠᠨ ᠰᠠᠶᠢᠵᠢᠷᠠᠭᠤᠯᠬᠤ ᠶᠢᠨ ᠲᠦᠯᠦᠭᠡ ᠡᠷᠦᠭᠡ ᠪᠤᠯᠭᠠᠨ ᠳᠤ ᠬᠤᠭ ᠨᠤᠪᠰᠢ ᠶᠢ ᠲᠦᠷᠦᠯ ᠠᠩᠬᠢᠯᠠᠬᠤ ᠤᠭᠤᠳᠠ ᠲᠦᠭᠡᠭᠡᠵᠤ ᠦᠭᠭᠦᠭᠰᠡᠨ ᠨᠢ ᠡᠨᠡ ᠪᠠᠶᠢᠵᠠᠢ᠃        ︽ᠡᠨᠡ ᠵᠢᠯ ᠤᠨ ᠬᠠᠪᠤᠷ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠮᠠᠨᠠᠶᠢᠬᠢᠨ ᠳᠤ ᠬᠤᠭ ᠨᠤᠪᠰᠢ ᠶᠢ ᠲᠦᠷᠦᠯ ᠠᠩᠭᠢᠯᠠᠬᠤ ᠤᠭᠤᠳᠠ ᠲᠦᠭᠡᠭᠡᠵᠤ ᠦᠭᠴᠠᠢ᠃ ᠡᠨᠡ ᠨᠢ ᠮᠠᠯᠴᠢᠳ ᠤᠨ ᠡᠳᠦᠷ ᠲᠤᠳᠤᠮ ᠤᠨ ᠬᠤᠭ ᠨᠤᠪᠰᠢ ᠪᠠᠨ ᠲᠦᠷᠦᠯ ᠠᠩᠭᠢᠯᠠᠵᠤ᠂ ᠨᠤᠳᠤᠭ ᠤᠰᠤᠨ ᠤ ᠪᠠᠨ ᠤᠷᠴᠢᠨ ᠲᠤᠭᠤᠷᠢᠨ ᠢ ᠨᠡᠩ ᠰᠠᠶᠢᠨ ᠬᠠᠮᠠᠭᠠᠯᠠᠬᠤ ᠳᠤ ᠠᠰᠢᠭᠳᠠᠢ ᠶᠤᠮ᠃ ᠤᠳᠤ ᠪᠢ ᠡᠳᠦᠷ ᠪᠦᠷᠢ ᠲᠣᠭᠲᠠᠭᠰᠠᠨ ᠬᠤᠭᠤᠴᠠᠭ᠎ᠠ ᠲᠠᠢ ᠪᠠᠷ ᠬᠠᠰᠢᠶ᠎ᠠ ᠰᠠᠷᠠᠪᠴᠢ ᠪᠠᠨ ᠴᠡᠪᠡᠷᠯᠡᠵᠦ᠂ ᠭᠡᠷ ᠤᠨ ᠢᠶᠠᠨ ᠡᠮᠦᠨ᠎ᠡ ᠬᠤᠶᠢᠨᠠᠬᠢ ᠬᠤᠭ ᠨᠣᠪᠰᠢ ᠶᠢ ᠴᠡᠪᠡᠷᠯᠡᠨ ᠠᠩᠭᠢᠯᠠᠵᠤ᠂ ᠬᠠᠶᠠᠭᠳᠠᠮᠠᠯ ᠴᠠᠭᠠᠰᠤ᠂ ᠪᠥᠰ᠂ ᠤᠮᠳᠠᠭᠠᠨ ᠤ ᠯᠤᠩᠬᠤ ᠵᠡᠷᠭᠡ ᠡᠭᠡᠭᠦᠯᠦᠨ ᠬᠤᠷᠢᠶᠠᠵᠤ ᠪᠣᠯᠬᠤ ᠬᠤᠭ ᠨᠣᠪᠰᠢ ᠶᠢ ᠬᠥᠬᠡ ᠥᠩᠭᠡ ᠶᠢᠨ ᠤᠭᠤᠲᠠᠨ ᠳᠤ ᠬᠢᠵᠦ᠂ ᠠᠷᠢᠭᠤᠨ ᠴᠡᠪᠡᠷ ᠤᠨ ᠴᠠᠭᠠᠰᠤ᠂ ᠱᠠᠭᠠᠵᠠᠩ ᠰᠠᠪᠠ ᠶᠢᠨ ᠬᠡᠮᠬᠡᠳᠡᠭ ᠵᠡᠷᠭᠡ ᠡᠭᠡᠭᠦᠯᠦᠨ ᠬᠤᠷᠢᠶᠠᠵᠤ ᠪᠣᠯᠬᠤ ᠦᠭᠡᠢ ᠬᠤᠭ ᠨᠣᠪᠰᠢ ᠶᠢ ᠬᠠᠷ᠎ᠠ ᠥᠩᠭᠡ ᠶᠢᠨ ᠤᠭᠤᠲᠠᠨ ᠳᠤ ᠬᠢᠵᠦ᠂ ᠬᠤᠭᠤᠴᠠᠭ᠎ᠠ ᠨᠢ ᠦᠡᠭᠭᠡᠷᠡᠭᠰᠡᠨ ᠡᠮ᠂ ᠬᠤᠯᠤᠭᠠᠨ᠎ᠠ ᠠᠯᠠᠬᠤ ᠡᠮ ᠵᠡᠷᠭᠡ ᠬᠤᠣᠷᠲᠤ ᠬᠤᠭ ᠨᠣᠪᠰᠢ ᠶᠢ ᠤᠯᠠᠭᠠᠨ ᠥᠩᠭᠡ ᠶᠢᠨ ᠤᠭᠤᠲᠠᠨ ᠳᠤ ᠬᠢᠳᠡᠭ︾ ᠬᠡᠵᠤ ᠪᠤᠶᠠᠨᠲᠠᠯ᠎ᠠ ᠭᠠᠴᠠᠭᠠᠨ ᠤ ᠤᠷᠠᠨ᠎ᠠ ᠨᠠᠰᠤᠳᠠᠨ ᠬᠡᠯᠡᠨ᠎ᠠ᠃        2019 ᠤᠨ ᠤ 11 ᠰᠠᠷ᠎ᠠ ᠳᠤ᠂ ᠬᠡᠷᠦᠯᠦᠨ ᠰᠤᠮᠤ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠶᠡᠷᠦᠩᠭᠡᠢ ᠱᠦᠵᠢ ᠰᠢ ᠶᠢᠨ ᠫᠢᠡᠭ ᠤᠨ ᠬᠤᠭ ᠨᠤᠪᠰᠢ ᠶᠢ ᠲᠦᠷᠦᠯ ᠠᠩᠭᠢᠯᠠᠬᠤ ᠠᠵᠢᠯ ᠤᠨ ᠵᠢᠭᠠᠪᠤᠷᠢ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠦᠯᠦᠭᠡ᠂ ︽ᠠᠷᠤᠤᠬᠠᠨ ᠪᠦᠰᠡᠭᠦᠶᠢᠴᠤᠤᠯ ᠲᠠᠶᠢᠴᠢᠯᠠᠨ ᠬᠤᠭ ᠨᠤᠪᠰᠢ ᠶᠢ ᠲᠦᠷᠦᠯ ᠠᠩᠭᠢᠯᠠᠵᠤ ᠪᠤᠬᠢᠷᠳᠤᠯ ᠦᠭᠡᠢ ᠬᠦᠭᠵᠢᠯᠳᠡ ᠶᠢᠨ ᠦᠢᠯᠠᠭᠠᠭᠳᠠᠬᠤᠨ ᠢ ᠪᠤᠳᠠᠲᠠᠶᠢᠵᠢᠭᠤᠯᠬᠤ︾ ᠰᠢᠷᠢᠰ ᠠᠵᠢᠯᠯᠠᠭ᠎ᠠ ᠶᠢ ᠥᠷᠨᠢᠭᠦᠯᠪᠠ᠃ ᠲᠡᠷᠢᠭᠦᠨ ᠤ ᠵᠢᠱᠢᠶᠡᠴᠢ᠂ ︽ᠪᠦᠬᠦ ᠤᠯᠤᠰ ᠤᠨ ᠬᠠᠮᠤᠭ ᠤᠨ ᠭᠤᠶᠣ ᠭᠡᠷ ᠪᠦᠯᠢ︾᠂ ︽ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ︾᠂ ︽ᠪᠦᠭᠦ ᠤᠯᠤᠰ ᠤᠨ ᠰᠢᠯᠢᠳᠡᠭ ᠵᠠᠭᠤᠨ ᠡᠵᠢ︾ ᠵᠡᠷᠭᠡ 32 ᠡᠷᠦᠭᠡ ᠶᠢᠨ ᠵᠢᠱᠢᠶ᠎ᠡ ᠦᠵᠡᠭᠦᠯᠵᠤ ᠲᠠᠶᠢᠴᠢᠯᠠᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠳᠡᠳᠡ ᠨᠠᠷ ᠢ ᠬᠡᠷᠦᠯᠦᠨ ᠰᠤᠮᠤ ᠶᠢᠨ ︽ᠬᠤᠭ ᠨᠣᠪᠰᠢ ᠶᠢ ᠲᠥᠷᠥᠯ ᠠᠩᠭᠢᠯᠠᠬᠤ ᠪᠤᠯᠪᠠᠰᠤᠨ ᠡᠷᠦᠭᠡ︾ ᠪᠠᠷ ᠰᠤᠩᠭᠤᠵᠤ᠂ ᠳᠡᠳᠡᠨ ᠳᠤ ᠬᠤᠭ ᠨᠤᠪᠰᠢ ᠶᠢ ᠲᠦᠷᠦᠯ ᠠᠩᠭᠢᠯᠠᠬᠤ ᠤᠭᠤᠳᠠ ᠲᠠᠷᠬᠠᠭᠠᠨ ᠦᠭᠭᠦᠭᠰᠡᠨ ᠮᠦᠷᠳᠡᠭᠡᠨ ᠮᠠᠯᠴᠢᠳ ᠢ ᠨᠡᠩ ᠰᠠᠶᠢᠨ ᠳᠠᠶᠢᠴᠢᠯᠠᠨ ᠠᠮᠢᠳᠤᠷᠠᠯ ᠤᠨ ᠰᠢᠨ᠎ᠡ ᠳᠠᠳᠬᠠᠯ ᠢ ᠪᠤᠢ ᠪᠤᠯᠭᠠᠵᠤ ᠠᠵᠢᠯ ᠢ ᠤᠷᠲᠤ ᠬᠤᠭᠤᠴᠠᠭ᠎ᠠ ᠪᠠᠷ ᠪᠠᠷᠢᠮᠲᠠᠯᠠᠨ ᠨᠠᠶᠢᠳᠠᠪᠤᠷᠢᠵᠢᠭᠤᠯᠬᠤ ᠶᠢᠨ ᠲᠦᠯᠦᠭᠡ᠂ ︽ᠬᠤᠭ ᠨᠣᠪᠰᠢ ᠶᠢ ᠲᠥᠷᠥᠯ ᠠᠩᠭᠢᠯᠠᠬᠤ ᠪᠤᠯᠪᠠᠰᠤᠨ ᠡᠷᠦᠭᠡ︾ ᠲᠠᠢ ᠠᠮᠠᠯᠠᠯᠲᠠ ᠶᠢᠨ ᠪᠢᠴᠢᠭ ᠲᠣᠭᠲᠠᠪᠠ᠃ ᠡᠨᠡ ᠵᠢᠯ ᠪᠤᠯᠬᠤ ᠳᠤ᠂ ᠬᠡᠷᠦᠯᠦᠨ ᠰᠤᠮᠤ ᠶᠢᠨ ᠬᠢᠨ ᠨᠠᠮ ᠤᠨ ᠭᠡᠰᠢᠭᠦᠨ᠂ ︽ᠤᠯᠠᠭᠠᠨ ᠪᠠᠬᠢᠯᠡᠯᠳᠡ ᠶᠢᠨ ᠡᠷᠦᠭᠡ︾ ᠵᠡᠷᠭᠡ ᠬᠦᠮᠦᠰ ᠤᠨ ᠦᠷᠭᠦᠯᠵᠢᠯᠡᠨ ᠲᠠᠶᠢᠴᠢᠯᠠᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ︽ᠬᠤᠭ ᠨᠣᠪᠰᠢ ᠶᠢ ᠲᠥᠷᠥᠯ ᠠᠩᠭᠢᠯᠠᠬᠤ ᠪᠤᠯᠪᠠᠰᠤᠨ ᠡᠷᠦᠭᠡ︾ ᠶᠢ 308 ᠪᠤᠯᠤᠨ ᠨᠡᠮᠡᠭᠳᠡᠭᠦᠯᠪᠡ᠃ ᠡᠳᠡᠭᠡᠷ ︽ᠬᠤᠭ ᠨᠣᠪᠰᠢ ᠶᠢ ᠲᠥᠷᠥᠯ ᠠᠩᠭᠢᠯᠠᠬᠤ ᠪᠤᠯᠪᠠᠰᠤᠨ ᠡᠷᠦᠭᠡ︾ ᠪᠡᠶ᠎ᠠ ᠪᠠᠷ ᠢᠶᠠᠨ ᠬᠤᠭ ᠨᠤᠪᠰᠢ ᠶᠢ ᠠᠩᠭᠢᠯᠠᠬᠤ ᠳᠤ ᠤᠷᠤᠯᠴᠠᠬᠤ ᠠᠴᠠ ᠭᠠᠳᠠᠨ᠎ᠠ ᠪᠠᠰᠠ ᠨᠠᠮ ᠤᠨ ᠭᠡᠰᠢᠭᠦᠳ ᠳᠠᠭᠠᠭᠤᠯᠬᠤ᠂ ᠤᠯᠠᠨ ᠢᠶᠠᠷ ᠢᠶᠠᠨ ᠳᠠᠶᠢᠴᠢᠯᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠬᠤᠭ ᠨᠣᠪᠰᠢ ᠶᠢ ᠲᠦᠷᠦᠯ ᠠᠩᠭᠢᠯᠠᠬᠤ ᠮᠡᠳᠡᠯᠭᠡ ᠪᠠ ᠠᠴᠢ ᠬᠤᠯᠪᠣᠭᠳᠠᠯ ᠢ ᠨᠡᠩ ᠤᠯᠠᠨ ᠮᠠᠯᠴᠢᠨ ᠲᠦᠮᠡᠨ ᠳᠤ ᠤᠯᠠᠮᠵᠢᠯᠠᠵᠤ᠂ ᠨᠡᠩ ᠤᠯᠠᠨ ᠬᠥᠮᠥᠰ ᠢ ᠠᠮᠢ ᠠᠬᠤᠢ᠂ ᠠᠮᠢᠳᠤᠷᠠᠯ ᠤᠨ ᠣᠷᠴᠢᠨ ᠲᠣᠭᠤᠷᠢᠨ ᠢᠶᠠᠨ ᠰᠠᠶᠢᠵᠢᠷᠠᠭᠤᠯᠬᠤ ᠶᠢᠨ ᠲᠦᠯᠦᠭᠡ ᠴᠢᠷᠮᠠᠶᠢᠵᠤ᠂ ᠮᠠᠯᠴᠢᠳ ᠤᠨ ᠣᠷᠣᠰᠢᠨ ᠠᠮᠢᠳᠤᠷᠠᠬᠤ ᠲᠠᠯ᠎ᠠ ᠨᠤᠲᠤᠭ ᠤᠨ ᠣᠷᠴᠢᠨ ᠲᠣᠭᠤᠷᠢᠨ ᠢ ᠰᠠᠶᠢᠲᠤᠷ ᠬᠠᠮᠠᠭᠠᠯᠠᠬᠤ ᠶᠢ ᠤᠷᠢᠶᠠᠯᠠᠪᠠ᠃        ᠬᠡᠷᠦᠯᠦᠨ ᠰᠤᠮᠤᠨ ᠤ ᠳᠡᠳ᠋ ᠰᠤᠮᠤᠨ ᠳᠠᠷᠤᠭ᠎ᠠ ᠨᠠᠮᠢᠶ᠎ᠠ᠄ ︽2019 ᠣᠨ ᠳᠤ ᠮᠠᠨ ᠤ ᠬᠡᠷᠦᠯᠦᠨ ᠰᠤᠮᠤ ᠶᠢᠨ ᠵᠣᠬᠢᠶᠠᠨ ᠪᠠᠶᠢᠭᠤᠯᠤᠯᠲᠠ ᠠᠴᠠ ᠵᠠᠮ ᠳᠠᠭᠠᠤ ᠰᠠᠭᠤᠵᠤ ᠪᠠᠶᠢᠭ᠎ᠠ ᠮᠠᠯᠴᠢᠳ ᠪᠠ ᠡᠯ᠎ᠡ ᠱᠠᠲᠤᠨ ᠤ ︿ᠬᠠᠮᠤᠭ ᠤᠨ ᠭᠤᠶᠤ ᠭᠡᠷ ᠪᠦᠯᠢ﹀ ᠶᠢᠨ ᠲᠦᠯᠦᠭᠡᠯᠡᠭᠴᠢᠳ ᠲᠤ ᠠᠮᠢᠳᠤᠷᠠᠯ ᠤᠨ ᠬᠤᠭ ᠨᠣᠪᠰᠢ ᠶᠢ ᠠᠩᠭᠢᠯᠠᠬᠤ ᠤᠭᠤᠲᠠ ᠲᠠᠷᠬᠠᠭᠠᠪᠠ᠃ ᠡᠨᠡ ᠭᠤᠷᠪᠠᠨ ᠵᠢᠯ ᠤᠨ ᠲᠤᠷᠰᠢ᠂ ᠵᠢᠱᠢᠶ᠎ᠡ ᠦᠵᠡᠭᠦᠯᠭᠦ ᠡᠷᠦᠭᠡ᠂ ᠣᠶᠢᠷ᠎ᠠ ᠬᠠᠪᠢ ᠶᠢᠨ ᠮᠠᠯᠴᠢᠳ ᠢ ᠢᠳᠡᠪᠬᠢᠲᠡᠢ ᠳᠠᠶᠢᠴᠢᠯᠠᠨ ᠬᠤᠭ ᠨᠣᠪᠰᠢ ᠶᠢ ᠠᠩᠭᠢᠯᠠᠬᠤ ᠰᠠᠶᠢᠬᠠᠨ ᠳᠠᠳᠬᠠᠯ ᠲᠠᠢ ᠪᠤᠯᠭᠠᠪᠠ᠃ ᠲᠤᠰ ᠤᠳᠠᠭᠠᠨ ᠤ ᠠᠵᠢᠯᠯᠠᠭ᠎ᠠ ᠪᠠᠷ ᠳᠠᠮᠵᠢᠨ᠂ ᠪᠢᠳᠡ ᠨᠡᠩ ᠣᠯᠠᠨ ᠮᠠᠯᠴᠢᠳ ᠢ ᠳᠠᠶᠢᠴᠢᠯᠠᠨ ᠬᠤᠭ ᠨᠣᠪᠰᠢ ᠶᠢ ᠠᠩᠭᠢᠯᠠᠬᠤ ᠰᠠᠶᠢᠨ ᠳᠠᠳᠬᠠᠯ ᠲᠠᠢ ᠪᠤᠯᠭᠠᠬᠤ ᠶᠢᠨ ᠤᠯᠠᠮ ᠢᠶᠠᠷ ᠪᠣᠬᠢᠷᠳᠤᠯ ᠢ ᠪᠠᠭᠠᠰᠬᠠᠵᠤ᠂ ᠬᠠᠶᠠᠭᠳᠠᠮᠠᠯ ᠪᠣᠳᠠᠰ ᠢ ᠡᠷᠳᠡᠨᠢ ᠪᠣᠯᠭᠠᠨ ᠬᠤᠪᠢᠷᠠᠭᠤᠯᠵᠤ᠂ ᠲᠠᠯ᠎ᠠ ᠨᠤᠲᠤᠭ ᠤᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠪᠠ︾ ᠬᠡᠵᠤ ᠬᠡᠯᠡᠨ᠎ᠠ᠃        ᠦᠢᠯᠠᠭᠠᠭᠰᠠᠨ ᠢᠶᠠᠷ᠂ ᠬᠡᠷᠦᠯᠦᠨ ᠰᠤᠮᠤ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠮᠠᠯᠵᠢᠬᠤ ᠤᠷᠤᠨ ᠤ ᠪᠤᠬᠢᠷᠳᠤᠯ ᠦᠭᠡᠢ ᠬᠦᠭᠵᠢᠯᠳᠡ ᠶᠢ ᠠᠬᠢᠭᠤᠯᠵᠤ᠂ ᠮᠠᠯᠴᠢᠳ ᠢ ᠲᠠᠶᠢᠴᠢᠯᠠᠨ ᠳᠠᠭᠠᠭᠤᠯᠵᠤ ᠬᠤᠭ ᠨᠤᠪᠰᠢ ᠶᠢ ᠲᠦᠷᠦᠯ ᠠᠩᠭᠢᠯᠠᠵᠤ ᠰᠶᠢᠳᠪᠦᠷᠢᠯᠡᠬᠦ ᠰᠢᠨ᠎ᠠ ᠰᠤᠷᠳᠠᠯ ᠢ ᠪᠤᠢ ᠪᠤᠯᠭᠠᠬᠤ ᠶᠢᠨ ᠲᠦᠯᠦᠭᠡ᠂ ᠰᠤᠮᠤᠨ ᠳᠤ ᠲᠤᠰᠬᠠᠢ ᠬᠤᠭ ᠨᠤᠪᠰᠢ ᠶᠢ ᠰᠢᠳᠠᠭᠠᠨ ᠰᠶᠢᠳᠪᠦᠷᠢᠯᠡᠬᠦ ᠦᠢᠯᠡᠳᠪᠦᠷᠢᠯᠡᠯ ᠤᠨ ᠲᠠᠰᠤᠭ ᠪᠠᠶᠢᠭᠤᠯᠵᠤ᠂ ᠬᠠᠶᠠᠭᠳᠠᠮᠠᠯ ᠬᠤᠭ ᠨᠤᠪᠰᠢ ᠶᠢ ᠲᠡᠭᠦᠵᠤ ᠴᠤᠭᠯᠠᠭᠤᠯᠬᠤ᠂ ᠲᠦᠷᠦᠯ ᠠᠩᠭᠢᠯᠠᠬᠤ᠂ ᠰᠢᠳᠠᠭᠠᠨ ᠰᠶᠢᠳᠪᠦᠷᠢᠯᠡᠬᠦ ᠵᠡᠷᠭᠡ ᠶᠢ ᠨᠢᠭᠡ ᠴᠤᠭᠴᠠᠵᠢᠭᠤᠯᠤᠭᠰᠠᠨ ᠰᠶᠢᠳᠪᠦᠷᠢᠯᠡᠬᠦ ᠱᠤᠭᠤᠮ ᠢ ᠪᠡᠶᠡᠯᠡᠭᠦᠯᠦᠭᠰᠡᠨ ᠪᠠᠶᠢᠨ᠎ᠠ᠃         ᠣᠳᠣᠬᠠᠨ ᠳᠤ᠂ ᠬᠡᠷᠦᠯᠦᠨ ᠰᠤᠮᠤ ᠶᠢᠨ ᠮᠠᠯᠴᠢᠳ ᠪᠦᠷ ᠣᠷᠴᠢᠨ ᠲᠣᠭᠤᠷᠢᠨ ᠤ ᠵᠠᠰᠠᠯᠲᠠ ᠶᠢ ᠡᠩᠨᠡᠭᠡᠨ ᠳᠤ ᠣᠷᠣᠯᠴᠠᠵᠤ᠂ ᠬᠤᠭ ᠨᠣᠪᠰᠢ ᠶᠢ ᠠᠩᠭᠢᠯᠠᠬᠤ ᠰᠢᠨ᠎ᠡ ᠳᠠᠳᠬᠠᠯ᠂ ᠰᠢᠨ᠎ᠡ ᠤᠷᠤᠰᠬᠠᠯ᠂ ᠰᠢᠨ᠎ᠡ ᠳᠦᠷᠢᠮ ᠲᠣᠭᠲᠠᠭᠠᠯ ᠢ ᠪᠤᠢ ᠪᠤᠯᠭᠠᠵᠤ᠂ ᠤᠯᠠᠮᠵᠢᠯᠠᠯᠲᠤ ᠵᠠᠩᠰᠢᠯ ᠤᠨ ᠰᠠᠭᠤᠷᠢᠨ ᠳᠡᠭᠡᠷ᠎ᠡ ᠰᠢᠨ᠎ᠡ ᠬᠡᠪ ᠰᠤᠷᠲᠠᠯ ᠢ ᠪᠤᠢ ᠪᠤᠯᠭᠠᠨ᠂ ᠲᠠᠯ᠎ᠠ ᠨᠤᠲᠤᠭ ᠢᠶᠠᠨ ᠤᠯᠠᠮ ᠭᠤᠶᠤ ᠰᠠᠶᠢᠬᠠᠨ᠂ ᠤᠷᠤᠰᠢᠨ ᠰᠠᠭᠤᠷᠢᠰᠢᠬᠤ ᠳᠤ ᠨᠡᠩ ᠲᠠᠭᠠᠲᠠᠢ ᠤᠷᠴᠢᠨ ᠪᠤᠯᠭᠠᠨ ᠴᠤᠭᠴᠠᠯᠠᠵᠤ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号