ᠠᠷᠭ᠎ᠠ ᠴᠢᠨᠠᠷ ᠠᠴᠠ ᠪᠠᠨ ᠢᠯᠡᠷᠢᠰᠢᠭ᠌ᠰᠡᠨ 30% ᠠᠴᠠ ᠳᠡᠭᠡᠭᠰᠢᠬᠢ ᠬᠦᠮᠦᠰ ᠤᠨ ᠦᠰᠦ ᠤᠨᠠᠵᠤ ᠮᠠᠭᠠᠳ ᠦᠭᠡᠢ ᠤᠤ︖ ᠡᠮᠴᠢ ᠶᠢᠨ ᠰᠠᠨᠠᠭᠤᠯᠭ᠎ᠠ ᠥᠭᠪᠡ
ᠨᠡᠶᠢᠲᠡᠯᠡᠭᠰᠡᠨ ᠴᠠᠭ᠄
2023/1/16
       ᠴᠢᠩᠬᠤᠸᠠ ᠶᠡᠭᠡ ᠰᠤᠷᠭᠠᠭᠤᠯᠢ ᠶᠢᠨ ᠬᠠᠷᠢᠶᠠᠲᠤ ᠪᠡᠭᠡᠵᠢᠩ ᠤᠨ ᠴᠢᠩ ᠬᠤᠸᠠ ᠴᠠᠩ ᠭᠧᠩ ᠡᠮᠨᠡᠯᠭᠡ ᠶᠢᠨ ᠬᠤᠷᠢᠶᠠᠨ ᠤ ᠠᠷᠠᠰᠤᠨ ᠤ ᠰᠠᠯᠠᠭᠠᠨ ᠤ ᠳᠡᠳ᠋ ᠡᠷᠬᠢᠯᠡᠭᠴᠢ ᠡᠮᠴᠢ ᠳ᠋ᠤᠸᠠᠨ ᠰᠢᠶᠣᠤ ᠬᠠᠨ᠄ ᠰᠢᠨ᠎ᠡ ᠲᠢᠳᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠨ ᠤ ᠳᠠᠷᠠᠭ᠎ᠠ ᠦᠰᠦ ᠤᠨᠠᠬᠤ ᠦᠵᠡᠭᠳᠡᠯ ᠨᠡᠯᠢᠶᠡᠳ ᠲᠦᠭᠡᠮᠡᠯ ᠢᠯᠡᠷᠡᠵᠦ ᠪᠠᠶᠢᠨ᠎ᠠ᠃ ᠨᠢᠭᠡ ᠳᠤ᠂ ᠸᠢᠷᠦ᠋ᠰ ᠨᠢ ᠦᠰᠦᠨ ᠤ ᠤᠭᠤᠲᠠ ᠶᠢᠨ ᠣᠷᠴᠢᠨ ᠤ ᠦᠷᠪᠢᠰᠦᠯ ᠤᠨ ᠤᠷᠪᠠᠯ ᠢ ᠡᠭᠦᠰᠬᠡᠵᠦ᠂ ᠦᠨᠳᠦᠷ ᠬᠠᠯᠠᠭᠤᠷᠠᠯ ᠢ ᠡᠭᠦᠰᠭᠡᠵᠦ ᠮᠡᠳᠡᠨ᠎ᠡ᠃ ᠬᠤᠶᠠᠷ ᠲᠤ᠂ ᠰᠢᠨ᠎ᠡ ᠲᠢᠳᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠨ ᠤ ᠳᠠᠷᠠᠭ᠎ᠠ ᠪᠠᠰᠠ ᠰᠠᠨᠠᠭ᠎ᠠ ᠵᠣᠪᠠᠭ᠋ᠤ᠂ ᠰᠠᠶᠢᠨ ᠠᠮᠠᠷᠠᠵᠤ ᠴᠢᠳᠠᠬᠤ ᠦᠭᠡᠢ ᠵᠡᠷᠭᠡ ᠪᠠᠶᠢᠳᠠᠯ ᠭᠠᠷᠴᠤ ᠮᠡᠳᠡᠨ᠎ᠡ᠂ ᠡᠳᠡᠭᠡᠷ ᠰᠢᠯᠲᠠᠭᠠᠨ ᠠᠴᠠ ᠪᠣᠯᠵᠤ ᠵᠣᠭᠰᠣᠩᠭᠢᠷᠠᠬᠤ ᠮᠠᠶ᠋ᠢᠭ ᠤᠨ ᠦᠰᠦ ᠤᠨᠠᠬᠤ ᠪᠠᠶᠢᠳᠠᠯ ᠭᠠᠷᠳᠠᠭ ᠭᠡᠵᠡᠢ᠃       ᠠᠰᠠᠭᠤᠯᠲᠠ᠄ ᠦᠰᠦ ᠤᠨᠠᠬᠤ ᠨᠢ ᠰᠢᠨ᠎ᠡ ᠲᠢᠳᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠨ ᠠᠴᠠ ᠪᠣᠯᠣᠭᠰᠠᠨ ᠠᠷᠬᠠᠭ ᠭᠡᠮ ᠮᠦᠨ ᠤᠤ︖        ᠳ᠋ᠤᠸᠠᠨ ᠰᠢᠶᠣᠤ ᠬᠠᠨ᠄ ᠠᠷᠬᠠᠭ ᠭᠡᠮ ᠭᠡᠳᠡᠭ ᠤᠨ ᠤᠯᠠᠩᠬᠢ ᠨᠢ ᠴᠦᠮ ᠦᠰᠦ ᠤᠨᠠᠬᠤ ᠨᠢ ᠦᠷᠬᠦᠯᠵᠢᠯᠡᠵᠦ᠂ ᠰᠦᠷᠴᠦ ᠪᠣᠯᠣᠰᠢ ᠦᠭᠡᠢ ᠪᠣᠯᠣᠭᠠᠳ ᠰᠠᠶ᠋ᠢ ᠠᠷᠬᠠᠭ ᠭᠡᠮ ᠲᠣᠭᠲᠠᠬᠤ ᠶᠢ ᠬᠡᠯᠡᠨ᠎ᠡ᠃ ᠵᠢᠱᠢᠶᠡᠯᠡᠪᠡᠯ ᠰᠢᠨ᠎ᠡ ᠲᠢᠳᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠨ ᠤ ᠳᠠᠷᠠᠭ᠎ᠠ ᠶᠠᠮᠠᠷ ᠨᠢᠭᠡᠨ ᠡᠪᠡᠳᠴᠢᠨ ᠤ ᠢᠯᠡᠷᠡᠯ ᠭᠠᠷᠪᠠᠯ ᠦᠷᠪᠢᠰᠦᠯ ᠨᠢ ᠠᠷᠢᠯᠤᠭᠰᠠᠨ ᠤ ᠳᠠᠷᠠᠭ᠎ᠠ ᠬᠠᠷᠠᠭᠠᠯᠵᠠᠭᠰᠠᠨ ᠡᠮᠴᠢᠯᠡᠭᠡᠨ ᠤ ᠡᠪᠡᠳᠴᠢᠨ ᠤ ᠢᠯᠡᠷᠡᠯ ᠨᠢ ᠳᠠᠷᠤᠢ ᠠᠷᠢᠯᠳᠠᠭ ᠪᠠᠶᠢᠨ᠎ᠠ᠂ ᠣᠳᠣᠬᠠᠨ ᠳᠤ ᠠᠵᠢᠭᠯᠠᠭᠰᠠᠨ ᠢᠶᠠᠷ᠂ ᠰᠢᠨ᠎ᠡ ᠲᠢᠳᠢᠮᠯᠢᠭ ᠸᠢᠷᠦ᠋ᠰ ᠨᠢ ᠦᠨᠢᠳᠡ ᠶᠢᠨ ᠴᠢᠨᠠᠷᠲᠠᠢ ᠦᠰᠦ ᠤᠨᠠᠬᠤ ᠪᠠᠶᠢᠳᠠᠯ ᠢ ᠪᠣᠢ ᠪᠣᠯᠭᠠᠵᠤ ᠴᠢᠳᠠᠬᠤ ᠦᠭᠡᠢ᠂ ᠦᠭᠡᠷ᠎ᠡ ᠪᠠᠷ ᠬᠡᠯᠡᠪᠡᠯ ᠠᠷᠬᠠᠭ ᠭᠡᠮ ᠲᠣᠭᠲᠠᠨ᠎ᠠ ᠭᠡᠵᠦ ᠬᠡᠯᠡᠵᠦ ᠪᠣᠯᠬᠤ ᠦᠭᠡᠢ ᠭᠡᠪᠡ᠃
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号