ᠡᠷᠳᠡᠨᠢ ᠰᠢᠰᠢ ᠬᠠᠷ᠎ᠠ ᠲᠣᠭᠤᠰᠣᠲᠤ ᠡᠪᠡᠳᠴᠢᠨ ᠢ ᠰᠡᠷᠭᠡᠶᠢᠯᠡᠨ ᠵᠠᠰᠠᠬᠤ ᠠᠷᠭ᠎ᠠ
ᠨᠡᠶᠢᠲᠡᠯᠡᠭᠰᠡᠨ ᠴᠠᠭ᠄
2023/1/16
       1. ᠡᠪᠡᠳᠴᠢᠨ ᠢ ᠡᠰᠡᠷᠭᠦᠴᠡᠬᠦ ᠰᠢᠯᠢᠳᠡᠭ ᠡᠭᠦᠯᠳᠡᠷ ᠰᠣᠩᠭᠤᠬᠤ᠄ ᠦᠨᠳᠦᠷ ᠤᠨᠠᠯᠲᠠ ᠲᠠᠢ᠂ ᠴᠢᠨᠠᠷ ᠰᠠᠶᠢᠲᠠᠢ ᠮᠦᠷᠲᠡᠭᠡᠨ ᠬᠠᠷ᠎ᠠ ᠲᠣᠭᠤᠰᠣᠲᠣ ᠡᠪᠡᠳᠴᠢᠨ ᠢ ᠰᠡᠷᠭᠡᠶᠢᠯᠡᠬᠦ ᠳᠤ ᠡᠷᠯᠢᠰᠡᠵᠢᠭᠦᠯᠦᠨ ᠪᠣᠶᠢᠵᠢᠭᠤᠯᠤᠭᠰᠠᠨ ᠦᠷ᠎ᠡ ᠶᠢ ᠰᠣᠩᠭᠤᠨ᠎ᠠ᠃ ᠬᠡᠷᠪᠡ ᠡᠪᠡᠳᠴᠢᠨ ᠢ ᠡᠰᠡᠷᠭᠦᠴᠡᠵᠦ ᠳᠡᠶᠢᠯᠬᠦ ᠣᠷᠣᠨ ᠨᠤᠲᠤᠭ ᠤᠨ ᠰᠢᠯᠢᠳᠡᠭ ᠡᠭᠦᠯᠳᠡᠷ ᠪᠠᠶᠢᠪᠠᠯ ᠲᠤᠬᠠᠢ ᠶᠢᠨ ᠭᠠᠵᠠᠷ ᠲᠤᠨᠢ ᠲᠦᠭᠡᠮᠡᠯᠵᠢᠭᠦᠯᠦᠨ ᠬᠡᠷᠡᠭᠯᠡᠪᠡᠯ ᠵᠣᠬᠢᠰᠲᠠᠢ᠃        2. ᠬᠠᠯᠳᠠᠪᠤᠷᠢᠯᠠᠯ ᠤᠨ ᠡᠬᠢ ᠶᠢ ᠪᠠᠭᠠᠰᠬᠠᠬᠤ ᠪᠤᠶᠤ ᠬᠢᠵᠢᠭᠠᠷᠯᠠᠬᠤ᠄ ᠡᠷᠲᠡ ᠦᠶᠡᠰ ᠡᠪᠡᠳᠴᠢᠨ ᠤ ᠪᠠᠲᠡᠬᠢ ᠶᠢ ᠤᠭᠲᠤᠯᠤᠨ ᠬᠠᠶᠠᠨ᠎ᠠ᠂ ᠨᠠᠮᠤᠷ ᠤᠨ ᠬᠤᠷᠢᠶᠠᠯᠲᠠ ᠪᠠᠷᠠᠭᠰᠠᠨ ᠤ ᠳᠠᠷᠠᠭ᠎ᠠ ᠲᠠᠷᠢᠶᠠᠨ ᠳᠤᠲᠦᠷᠠᠬᠢ ᠡᠪᠡᠳᠴᠢᠨ ᠲᠠᠢ ᠡᠰᠢ ᠰᠦᠷᠡᠯ ᠢ ᠴᠠᠭ ᠲᠤᠬᠠᠢ ᠳᠤᠨᠢ ᠠᠷᠢᠯᠭᠠᠨ᠎ᠠ᠂ ᠭᠦᠢᠴᠡᠳ ᠢᠯᠵᠢᠷᠠᠨ ᠪᠤᠯᠪᠠᠰᠤᠷᠠᠭᠰᠠᠨ ᠪᠤᠷᠳᠤᠭᠤᠷ ᠤᠷᠤᠭᠤᠯᠵᠤ᠂ ᠬᠠᠯᠳᠠᠪᠤᠷᠢᠯᠠᠯ ᠤᠨ ᠡᠬᠢ ᠶᠢ ᠪᠠᠭᠠᠰᠬᠠᠨ᠎ᠠ᠃ ᠬᠦᠨᠳᠦ ᠨᠤᠴᠢᠲᠠᠢ ᠬᠠᠯᠳᠠᠪᠤᠷᠢᠯᠠᠭᠳᠠᠭᠰᠠᠨ ᠲᠠᠷᠢᠶᠠᠨ ᠭᠠᠵᠠᠷ ᠢ 2 ~ 3 ᠵᠢᠯ ᠡᠭᠡᠯᠵᠢᠯᠡᠨ ᠲᠠᠷᠢᠨ᠎ᠠ᠃        3. ᠲᠠᠷᠢᠶᠠᠨ ᠭᠠᠵᠠᠷ ᠤᠨ ᠤᠰᠦ ᠪᠤᠷᠳᠤᠭᠤᠷ ᠤᠨ ᠬᠠᠮᠢᠶᠠᠷᠤᠯᠲᠠ ᠪᠠᠨ ᠴᠢᠩᠭᠠᠳᠬᠠᠬᠤ᠄ ᠵᠤᠬᠢᠰᠲᠠᠢ ᠴᠠᠭ ᠦᠶ᠎ᠡ ᠳᠤ ᠨᠢᠭᠲᠠ ᠲᠠᠷᠢᠨ᠎ᠠ᠂ ᠦᠷ᠎ᠡ ᠬᠠᠶᠠᠬᠤ ᠶᠠᠰᠦ ᠴᠢᠨᠠᠷ ᠢ ᠳᠡᠭᠡᠭᠰᠢᠯᠡᠭᠦᠯᠵᠦ᠂ ᠤᠰᠤ ᠪᠤᠷᠳᠠᠭᠤᠷ ᠤᠨ ᠬᠠᠮᠢᠶᠠᠷᠤᠯᠲᠠ ᠪᠠᠨ ᠴᠢᠩᠭᠠᠳᠬᠠᠨ᠎ᠠ᠂ ᠠᠽᠤᠲ ᠹᠤᠰᠹᠤᠷ ᠺᠠᠯᠢ ᠪᠤᠷᠳᠠᠭᠤᠷ ᠢ ᠵᠤᠬᠢᠰᠲᠠᠢ ᠳᠤᠬᠢᠷᠠᠭᠤᠯᠬᠤ ᠶᠢ ᠠᠩᠬᠠᠷᠬᠤ ᠬᠡᠷᠩᠲᠠᠢ᠂ ᠠᠽᠤᠲ ᠪᠤᠷᠳᠠᠭᠤᠷ ᠢ ᠢᠯᠡᠭᠦᠦ ᠤᠷᠤᠭᠤᠯᠵᠤ ᠪᠤᠯᠡᠬᠤ ᠦᠭᠡᠢ᠂ ᠲᠡᠨᠡᠭ ᠤᠷᠭᠤᠬᠤ ᠠᠴᠠ ᠰᠡᠷᠭᠡᠶᠢᠯᠡᠨ᠎ᠡ᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号