ᠨᠠᠷᠠᠰᠤᠨ ᠮᠣᠳᠣᠨ ᠤ ᠦᠷ᠎ᠡ ᠶᠢ ᠶᠠᠭᠠᠬᠢᠵᠤ ᠴᠤᠭᠯᠠᠭᠤᠯᠬᠤ ᠪᠣᠢ
ᠨᠡᠶᠢᠲᠡᠯᠡᠭᠰᠡᠨ ᠴᠠᠭ᠄
2023/1/16
       ᠨᠠᠷᠠᠰᠤᠨ ᠮᠣᠳᠣᠨ ᠤ ᠦᠷ᠎ᠡ 9 ᠳ᠋ᠦ᠋ᠭᠡᠷ ᠰᠠᠷ᠎ᠠ ᠶᠢᠨ ᠳᠤᠮᠳᠠᠴᠢ ᠪᠤᠶᠤ ᠰᠡᠭᠦᠯᠴᠢ ᠪᠠᠷ ᠪᠣᠯᠪᠠᠰᠤᠷᠠᠳᠠᠭ᠃ ᠪᠣᠷᠭᠤᠴᠤᠭ ᠨᠢ ᠨᠣᠭᠤᠭᠠᠨ ᠠᠴᠠ ᠪᠠᠨ ᠰᠢᠷ᠎ᠠ ᠬᠥᠷᠡᠩ ᠥᠩᠭᠡ ᠲᠠᠢ ᠪᠣᠯᠵᠤ᠂ ᠬᠠᠯᠢᠰᠤ ᠨᠢ ᠬᠠᠭᠠᠷᠠᠨ ᠦᠷ᠎ᠡ ᠶᠢ ᠨᠢ ᠠᠪᠴᠤ ᠦᠵᠡᠬᠦ ᠳᠤ ᠬᠠᠷ᠎ᠠ ᠬᠥᠷᠡᠩ ᠪᠣᠯᠣᠭᠰᠠᠨ ᠪᠠᠶᠢᠪᠠᠯ ᠦᠷ᠎ᠡ ᠨᠢ ᠭᠦᠢᠴᠡᠳ ᠪᠣᠯᠪᠠᠰᠤᠷᠠᠭᠰᠠᠨ ᠤ ᠲᠡᠮᠳᠡᠭ ᠪᠣᠯᠣᠨ᠎ᠠ᠃ 9 ᠳ᠋ᠦ᠋ᠭᠡᠷ ᠰᠠᠷ᠎ᠠ ᠶᠢᠨ ᠬᠤᠷᠢᠳ ᠠᠴᠠ 10 ᠳ᠋ᠤᠭᠠᠷ ᠰᠠᠷ᠎ᠠ ᠶᠢᠨ ᠠᠷᠪᠠᠳ ᠪᠣᠯᠲᠠᠯ᠎ᠠ ᠬᠢ ᠬᠤᠭᠤᠴᠠᠭᠠᠨ ᠳᠤ ᠲᠡᠭᠦᠵᠦ ᠪᠣᠯᠣᠨ᠎ᠠ᠃ ᠲᠡᠭᠦᠵᠦ ᠠᠪᠴᠢᠷᠠᠭᠰᠠᠨ ᠪᠣᠷᠭᠤᠴᠤᠭ ᠢᠶᠠᠨ ᠰᠠᠯᠬᠢ ᠵᠢᠪᠠᠷ ᠨᠡᠪᠲᠡᠷᠡᠬᠦ ᠭᠠᠵᠠᠷ ᠲᠤ ᠳᠡᠯᠭᠡᠨ ᠡᠳᠦᠷ ᠪᠦᠷᠢ 1 - 2 ᠤᠳᠠᠭ᠎ᠠ ᠤᠷᠪᠠᠭᠤᠯᠤᠨ ᠬᠦᠳᠡᠯᠭᠡᠵᠦ᠂ ᠰᠦᠨᠢ ᠳᠡᠭᠡᠨ ᠣᠪᠣᠭᠠᠯᠠᠭᠠᠳ ᠪᠦᠲᠡᠭᠡᠵᠦ ᠲᠠᠯᠪᠢᠨ᠎ᠠ᠃ ᠢᠩᠭᠢᠵᠦ ᠬᠠᠲᠠᠭᠠᠪᠠᠯ ᠬᠠᠯᠢᠰᠤ ᠨᠢ ᠬᠠᠭᠠᠷᠠᠵᠤ ᠦᠷ᠎ᠡ ᠨᠢ ᠤᠨᠠᠬᠤ ᠨᠢ ᠬᠤᠷᠳᠤᠨ ᠶᠤᠮ᠃ ᠤᠨᠠᠭᠰᠠᠨ ᠦᠷ᠎ᠡ ᠶᠢᠨ ᠬᠠᠯᠢᠰᠦ ᠶᠢ ᠬᠡᠶᠢᠰᠭᠡᠨ ᠰᠠᠯᠭᠠᠵᠤ ᠦᠷ᠎ᠡ ᠪᠠᠨ ᠰᠠᠶᠢᠲᠤᠷ ᠬᠠᠲᠠᠭᠠᠭᠰᠠᠨ ᠤ ᠳᠠᠷᠠᠭ᠎ᠠ ᠬᠠᠳᠠᠭᠠᠯᠠᠵᠤ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号