ᠴᠠᠩ ᠴᠢᠩ ᠬᠥᠯᠥᠨ ᠪᠠᠯᠭᠠᠰᠤᠨ ᠳᠤ ᠭᠦᠨᠵᠡᠭᠡᠶᠢᠷᠡᠨ ᠨᠢᠭᠡᠳᠦᠭᠡᠷ ᠹᠷᠣᠨᠲ ᠤᠨ ᠡᠮᠴᠢ ᠰᠤᠪᠢᠯᠠᠭᠴᠢᠳ ᠪᠠ ᠳᠠᠭᠠᠭᠠᠴᠢᠯᠠᠨ ᠲᠡᠳᠬᠦᠵᠦ ᠪᠠᠶᠢᠭ᠎ᠠ ᠬᠦᠮᠦᠰ ᠢ ᠪᠣᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2023/1/17
       1 ᠰᠠᠷ᠎ᠠ ᠶᠢᠨ 16 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠴᠠᠩ ᠴᠢᠩ ᠬᠥᠯᠥᠨ ᠪᠠᠯᠭᠠᠰᠤᠨ ᠳᠤ ᠭᠦᠨᠵᠡᠭᠡᠶᠢᠷᠡᠨ᠂ ᠨᠢᠭᠡᠳᠦᠭᠡᠷ ᠹᠷᠣᠨᠲ ᠤᠨ ᠡᠮᠴᠢ ᠰᠤᠪᠢᠯᠠᠭᠴᠢᠳ ᠪᠠ ᠳᠠᠭᠠᠭᠠᠴᠢᠯᠠᠨ ᠲᠡᠳᠬᠦᠵᠦ ᠪᠠᠶᠢᠭ᠎ᠠ ᠬᠦᠮᠦᠰ ᠢ ᠪᠣᠯᠭᠤᠭᠠᠨ ᠲᠣᠬᠤᠨᠢᠭᠤᠯᠵᠤ᠂ ︽ᠬᠥᠬᠡᠭᠴᠢᠨ ᠲᠥᠷᠥᠯ ᠤᠨ ᠬᠥᠬᠡᠭᠴᠢᠨ ᠬᠠᠮᠢᠶᠠᠷᠤᠯᠲᠠ︾ ᠬᠢᠵᠦ ᠪᠠᠶᠢᠭ᠎ᠠ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ ᠣᠯᠠᠨ ᠲᠦᠮᠡᠨ ᠳᠤ ᠰᠢᠨ᠎ᠡ ᠵᠢᠯ ᠴᠠᠭᠠᠨ ᠰᠠᠷ᠎ᠠ ᠶᠢᠨ ᠮᠡᠨᠳᠦ ᠳᠡᠪᠰᠢᠭᠦᠯᠪᠡ᠃        ᠴᠠᠩ ᠴᠢᠩ ᠬᠥᠯᠥᠨ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠳᠤ ᠬᠦᠷᠴᠦ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ ᠬᠥᠮᠥᠨ ᠠᠮᠠ ᠵᠢᠴᠢ ᠭᠤᠣᠯᠳᠠᠯᠭ᠎ᠠ ᠲᠠᠢ ᠬᠥᠮᠥᠰ ᠤᠨ ᠲᠤᠭ᠎ᠠ ᠶᠢ ᠨᠠᠷᠢᠯᠢᠭ ᠣᠶᠢᠯᠠᠭᠠᠵᠤ᠂ ᠣᠶᠢᠷ᠎ᠠ ᠶᠢᠨ ᠬᠤᠭᠤᠴᠠᠭᠠᠨ ᠤ ᠡᠮᠴᠢᠯᠡᠭᠡᠨ ᠤ ᠡᠬᠢ ᠪᠠᠶᠠᠯᠢᠭ ᠤᠨ ᠨᠢᠭᠡᠳᠦᠯᠲᠡᠢ ᠲᠥᠯᠦᠪᠵᠢᠭᠦᠯᠭᠡ᠂ ᠡᠮ ᠤᠨ ᠵᠦᠢᠯ ᠤᠨ ᠨᠥᠭᠡᠴᠡ᠂ ᠡᠮᠨᠡᠨ ᠵᠠᠰᠠᠬᠤ ᠲᠥᠰᠥᠯ᠂ ᠬᠦᠨᠳᠦ ᠡᠪᠡᠳᠴᠢᠲᠡᠨ ᠢ ᠭᠥᠯᠢᠶᠡᠨ ᠠᠪᠴᠤ ᠰᠢᠯᠵᠢᠭᠦᠯᠦᠨ ᠡᠮᠨᠡᠭᠦᠯᠦᠭᠰᠡᠨ ᠵᠡᠷᠭᠡ ᠪᠠᠶᠢᠳᠠᠯ ᠢ ᠯᠠᠪᠯᠠᠨ ᠠᠰᠠᠭᠤᠪᠠ᠃ ᠬᠤᠯᠪᠣᠭᠳᠠᠯ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠴᠠᠩ ᠴᠢᠩ ᠵᠢᠭᠠᠵᠤ ᠭᠠᠷᠭᠠᠭᠰᠠᠨ ᠨᠢ᠂ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠰᠢᠨ᠎ᠡ ᠱᠠᠲᠤᠨ ᠳᠤ ᠣᠷᠣᠵᠤ ᠪᠠᠶᠢᠨ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠦᠨᠳᠦᠰᠦᠨ ᠱᠠᠲᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠵᠦ᠂ ᠱᠠᠲᠤ ᠬᠤᠪᠢᠶᠠᠨ ᠣᠨᠣᠰᠢᠯᠠᠨ ᠡᠮᠨᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠡᠮ ᠤᠨ ᠵᠦᠢᠯ ᠤᠨ ᠲᠣᠨᠤᠭ ᠲᠥᠬᠦᠭᠡᠷᠦᠮᠵᠢ ᠶᠢᠨ ᠪᠠᠭᠲᠠᠭᠠᠮᠵᠢ ᠶᠢ ᠥᠷᠭᠡᠳᠬᠡᠨ ᠲᠣᠬᠢᠷᠠᠭᠤᠯᠬᠤ ᠶᠢ ᠴᠢᠩᠭᠠᠳᠬᠠᠵᠤ᠂ ᠦᠨᠳᠦᠰᠦᠨ ᠱᠠᠲᠤᠨ ᠤ ᠣᠨᠣᠰᠢᠯᠠᠨ ᠡᠮᠨᠡᠬᠦ ᠠᠪᠤᠷᠠᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠦᠨ᠂ ᠦᠨᠳᠦᠰᠦᠨ ᠱᠠᠲᠤᠨ ᠤ ᠡᠷᠡᠭᠦᠯ ᠮᠡᠨᠳᠦ ᠶᠢ ᠬᠠᠮᠠᠭᠠᠯᠠᠬᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠥᠭᠡᠳ ᠨᠢᠭᠲᠠ ᠪᠠᠶᠢᠭᠤᠯᠬᠤ ᠬᠡᠷᠡᠭᠲᠡᠢ᠃ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠡᠮᠦᠨ᠎ᠡ ᠬᠠᠷᠠᠭᠤᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ︽ᠨᠠᠰᠤᠲᠠᠳ ᠨᠢᠯᠬᠠᠴᠤᠯ︾ ᠵᠡᠷᠭᠡ ᠭᠤᠣᠯᠳᠠᠯᠭ᠎ᠠ ᠲᠠᠢ ᠬᠥᠮᠥᠰ ᠢ ᠰᠡᠷᠭᠡᠶᠢᠯᠡᠨ ᠬᠠᠮᠠᠭᠠᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠭ᠎ᠠ ᠪᠠᠷᠢᠮᠲᠠ ᠶᠢ ᠪᠦᠷᠢᠳᠬᠡᠨ ᠵᠠᠳᠠᠯᠬᠤ᠂ ᠴᠠᠭ ᠲᠤᠬᠠᠢ ᠳᠤᠨᠢ ᠡᠮᠨᠡᠨ ᠵᠠᠰᠠᠬᠤ ᠶᠢ ᠨᠠᠷᠢᠨ ᠬᠢᠨᠠᠮᠠᠭᠠᠢ ᠰᠠᠶᠢᠲᠤᠷ ᠬᠢᠵᠦ᠂ ᠦᠨᠳᠦᠰᠦᠨ ᠱᠠᠲᠤᠨ ᠤ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠲᠡᠷᠢᠭᠦᠨ ᠤ ᠲᠤᠷᠰᠢᠯᠭ᠎ᠠ ᠪᠠᠷ ᠲᠣᠯᠢ ᠪᠣᠯᠭᠠᠨ ᠰᠤᠷᠤᠯᠴᠠᠵᠤ᠂ ᠡᠷᠡᠭᠦᠯᠵᠢᠭᠦᠯᠬᠦ ᠵᠠᠰᠠᠯᠭ᠎ᠠ ᠶᠢᠨ ᠠᠷᠭ᠎ᠠ ᠬᠡᠯᠪᠡᠷᠢ ᠶᠢ ᠲᠠᠰᠤᠷᠠᠯᠲᠠ ᠦᠭᠡᠢ ᠰᠤᠳᠤᠯᠤᠨ ᠰᠦᠪᠡᠭᠴᠢᠯᠡᠵᠦ᠂ ᠪᠥᠬᠦ ᠬᠦᠴᠦᠨ ᠢᠶᠠᠷ ᠢᠶᠠᠨ ︽ᠡᠷᠡᠭᠦᠯ ᠮᠡᠨᠳᠦ ᠶᠢ ᠪᠠᠲᠤᠯᠠᠵᠤ᠂ ᠬᠦᠨᠳᠦ ᠡᠪᠡᠳᠴᠢᠨ ᠢ ᠰᠡᠷᠭᠡᠶᠢᠯᠡᠬᠦ︾ ᠬᠡᠷᠡᠭᠲᠡᠢ᠃        ᠬᠠᠬᠢᠷ ᠡᠪᠦᠯ ᠤᠨ ᠬᠥᠬᠡᠭᠡ ᠰᠠᠷ᠎ᠠ ᠶᠢᠨ ᠠᠭᠤᠷ ᠠᠮᠢᠰᠬᠤᠯ ᠣᠨᠴᠠᠭᠠᠶ ᠬᠦᠢᠲᠡᠨ ᠪᠠᠶᠢᠳᠠᠭ᠃ ᠴᠠᠩ ᠴᠢᠩ ᠬᠥᠯᠥᠨ ᠪᠠᠯᠭᠠᠰᠤ ᠶᠢᠨ ᠳᠠᠰᠢᠮᠠᠭ ᠭᠠᠴᠠᠭ᠎ᠠ ᠳᠤ ᠬᠦᠷᠴᠦ᠂ ᠳᠠᠭᠠᠭᠠᠴᠢᠯᠠᠨ ᠲᠡᠳᠬᠦᠵᠦ ᠪᠠᠶᠢᠭ᠎ᠠ ᠡᠷᠦᠬᠡ ᠢᠦᠢ ᠴᠦᠨ ᠤ ᠬᠢ ᠶᠢ ᠪᠣᠯᠭᠤᠭᠠᠨ ᠲᠣᠬᠤᠨᠢᠭᠤᠯᠵᠤ᠂ ᠣᠷᠣᠨ ᠰᠠᠭᠤᠴᠠ ᠶᠢᠨ ᠨᠥᠬᠦᠴᠡᠯ᠂ ᠳᠤᠯᠠᠭᠠᠯᠠᠭ᠎ᠠ ᠶᠢᠨ ᠲᠥᠬᠦᠭᠡᠷᠦᠮᠵᠢ᠂ ᠰᠢᠲᠠᠭᠠᠯᠭ᠎ᠠ ᠶᠢᠨ ᠨᠡᠭᠦᠷᠡᠰᠦᠨ ᠤ ᠨᠥᠭᠡᠴᠡ ᠶᠢ ᠪᠠᠶᠢᠴᠠᠭᠠᠨ ᠦᠵᠡᠵᠦ᠂ ᠢᠦᠢ ᠴᠦᠨ ᠲᠠᠢ ᠳᠣᠲᠣᠨᠣ ᠪᠠᠷ ᠶᠠᠷᠢᠯᠴᠠᠵᠤ᠂ ᠮᠠᠯ ᠠᠵᠤ ᠠᠬᠤᠢ ᠶᠢᠨ ᠦᠢᠯᠡᠳᠪᠦᠷᠢᠯᠡᠯ᠂ ᠡᠪᠡᠳᠴᠢᠨ ᠦᠵᠡᠭᠦᠯᠵᠦ ᠡᠮᠨᠡᠭᠦᠯᠦᠭᠰᠡᠨ ᠵᠡᠷᠭᠡ ᠪᠠᠶᠢᠳᠠᠯ ᠢ ᠣᠶᠢᠯᠠᠭᠠᠪᠠ᠃ ᠢᠦᠢ ᠴᠦᠨ᠂ ᠥᠩᠭᠡᠷᠡᠭᠰᠡᠨ ᠨᠢᠭᠡ ᠵᠢᠯ ᠳᠤ᠂ ᠲᠡᠳᠡᠨ ᠤ ᠬᠢᠨ ᠬᠦᠦ ᠮᠥᠩᠭᠦ ᠦᠭᠡᠢ ᠵᠢᠭᠡᠯᠡᠯᠭᠡ ᠭᠤᠶᠤᠴᠢᠯᠠᠨ ᠣᠯᠵᠤ᠂ ᠬᠠᠰᠢᠶ᠎ᠠ ᠰᠠᠷᠠᠪᠴᠢ ᠪᠠᠶᠢᠭᠤᠯᠤᠨ ᠬᠤᠳᠳᠤᠭ ᠮᠠᠯᠲᠠᠵᠤ᠂ ᠮᠠᠯ ᠠᠵᠤ ᠠᠬᠤᠢ ᠶᠢᠨ ᠰᠠᠭᠤᠷᠢ ᠲᠥᠬᠦᠭᠡᠷᠦᠮᠵᠢ ᠠᠯᠬᠤᠮ ᠠᠯᠬᠤᠮ ᠢᠶᠠᠷ ᠲᠡᠭᠦᠯᠳᠡᠷᠵᠢᠵᠦ᠂ ᠥᠪᠡᠷ ᠢᠶᠠᠨ ᠨᠡᠩ ᠰᠠᠶᠢᠨ ᠰᠠᠶᠢᠬᠠᠨ ᠠᠮᠢᠳᠤᠷᠠᠯ ᠲᠡᠰᠢ ᠤᠷᠤᠭᠰᠢᠯᠠᠵᠤ᠂ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯ ᠤᠨ ᠲᠥᠷᠥᠭᠳᠡᠯ ᠤᠯᠠᠮ ᠠᠴᠠ ᠤᠯᠠᠮ ᠴᠢᠩᠭᠠᠷᠠᠪᠠ᠂ ᠡᠨᠡ ᠪᠦᠬᠦᠨ ᠨᠢ ᠴᠥᠮ ᠨᠠᠮ ᠤᠨ ᠰᠠᠶᠢᠨ ᠲᠦᠷᠦ ᠶᠢᠨ ᠪᠣᠳᠣᠯᠭ᠎ᠠ ᠶᠢᠨ ᠠᠴᠢ ᠲᠤᠰᠠ ᠶᠤᠮ ᠭᠡᠵᠦ ᠬᠡᠯᠡᠪᠡ᠃ ᠴᠠᠩ ᠴᠢᠩ ᠡᠭᠦᠨ ᠢ ᠰᠣᠨᠣᠰᠤᠭᠠᠳ ᠪᠠᠶᠠᠷᠲᠠᠢ ᠪᠠᠷ᠂ ᠵᠠᠪᠠᠯ ᠨᠠᠮ ᠤᠨ ᠠᠴᠢ ᠶᠢ ᠪᠠᠲᠤ ᠴᠡᠭᠡᠵᠢᠯᠡᠵᠦ᠂ ᠢᠲᠡᠭᠡᠯ ᠵᠣᠷᠢᠭ ᠢᠶᠠᠨ ᠨᠡᠮᠡᠭᠳᠡᠭᠦᠯᠦᠨ᠂ ᠰᠢᠷᠭᠠᠭᠤ ᠬᠥᠳᠡᠯᠮᠦᠷᠢᠯᠡᠵᠦ᠂ ᠠᠮᠢᠳᠤᠷᠠᠯ ᠢᠶᠠᠨ ᠤᠯᠠᠮ ᠠᠴᠠ ᠤᠯᠠᠮ ᠥᠭᠡᠳᠡ ᠲᠠᠢ ᠪᠣᠯᠭᠠᠬᠤ ᠬᠡᠷᠡᠭᠲᠡᠢ ᠭᠡᠵᠡᠢ᠃ ᠲᠡᠷᠡ ᠬᠥᠯᠥᠨ ᠪᠠᠯᠭᠠᠰᠤ ᠶᠢᠨ ᠬᠠᠷᠢᠭᠤᠴᠠᠯᠭᠠᠲᠠᠨ ᠳᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠶ ᠪᠣᠯᠭᠠᠵᠤ᠂ ᠬᠦᠴᠢᠷᠳᠡᠯᠲᠡᠢ ᠤᠯᠠᠨ ᠲᠦᠮᠡᠨ ᠤ ᠬᠠᠯᠠᠭᠤᠨ ᠬᠦᠢᠲᠡᠨ ᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ ᠪᠠᠶᠠᠷ ᠤᠨ ᠡᠳᠦᠷ ᠤᠨ ᠬᠠᠶᠢᠷ᠎ᠠ ᠬᠠᠯᠠᠮᠵᠢ ᠬᠦᠷᠭᠡᠬᠦ ᠠᠵᠢᠯᠯᠠᠭ᠎ᠠ ᠶᠢ ᠰᠠᠶᠢᠲᠤᠷ ᠥᠷᠨᠢᠭᠦᠯᠬᠦ ᠪᠠᠷ ᠪᠠᠷᠠᠬᠤ ᠦᠭᠡᠢ᠂ ᠪᠠᠰᠠ ᠬᠦᠴᠢᠷᠳᠡᠯᠲᠡᠢ ᠤᠯᠠᠨ ᠲᠦᠮᠡᠨ ᠢ ᠬᠠᠯᠠᠮᠵᠢᠯᠠᠬᠤ ᠶᠢ ᠡᠳᠦᠷ ᠲᠤᠳᠤᠮ ᠤᠨ ᠠᠵᠢᠯ ᠳᠠᠭᠠᠨ ᠨᠠᠶᠢᠳᠠᠪᠤᠷᠢᠵᠢᠭᠤᠯᠵᠤ᠂ ᠡᠳ᠋ ᠪᠣᠳᠠᠰ ᠢᠶᠠᠷ ᠬᠠᠪᠰᠤᠷᠬᠤ᠂ ᠮᠡᠷᠭᠡᠵᠢᠯ ᠢᠶᠠᠷ ᠬᠠᠪᠰᠤᠷᠤᠨ ᠲᠡᠳᠬᠦᠬᠦ ᠪᠠ ᠤᠶᠤᠨ ᠰᠠᠨᠠᠭᠠᠨ ᠤ ᠲᠠᠶᠢᠳᠬᠤᠷᠠᠭᠤᠯᠤᠯ ᠵᠡᠷᠭᠡ ᠲᠠᠯ᠎ᠠ ᠪᠠᠷ ᠨᠡᠩ ᠰᠠᠶᠢᠲᠤᠷ ᠬᠠᠪᠰᠤᠷᠤᠨ ᠠᠮᠢᠳᠤᠷᠠᠯ ᠢ ᠨᠢ ᠰᠠᠶᠢᠵᠢᠷᠠᠭᠤᠯᠵᠤ᠂ ᠬᠦᠴᠢᠷᠳᠡᠯ ᠢ ᠨᠢ ᠰᠢᠢᠳᠪᠦᠷᠢᠯᠡᠵᠦ᠂ ᠨᠠᠮ ᠪᠠ ᠵᠠᠰᠠᠭ ᠤᠨ ᠣᠷᠳᠣᠨ ᠤ ᠬᠠᠯᠠᠮᠵᠢᠯᠠᠯ ᠢ ᠤᠯᠠᠨ ᠲᠦᠮᠡᠨ ᠨᠢᠭᠡᠪᠦᠷᠢ ᠶᠢᠨ ᠰᠡᠳᠬᠢᠯ ᠵᠢᠷᠦᠬᠡᠨ ᠳᠤ ᠦᠨᠡᠨ ᠬᠦ ᠳᠠᠮᠵᠢᠭᠤᠯᠬᠤ ᠬᠡᠷᠡᠭᠲᠡᠢ ᠭᠡᠵᠦ ᠵᠠᠬᠢᠪᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号