ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠲᠤ ᠬᠦᠷᠴᠦ ᠪᠠᠶᠠᠷ ᠤᠨ ᠡᠳᠦᠷ ᠠᠴᠠ ᠡᠮᠦᠨᠡᠬᠢ ᠪᠣᠯᠭᠤᠭᠠᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/1/17
       ᠬᠠᠭᠤᠴᠢᠨ ᠵᠢᠯ ᠢᠶᠠᠨ ᠦᠳᠡᠵᠦ ᠰᠢᠨ᠎ᠡ ᠵᠢᠯ ᠢᠶᠠᠨ ᠤᠭᠲᠤᠵᠤ ᠪᠠᠶᠢᠭ᠎ᠠ ᠪᠠᠶᠠᠷᠲᠤ ᠮᠦᠴᠡ ᠳᠤ᠂ ᠬᠠᠯᠠᠮᠵᠢᠯᠠᠯ ᠵᠥᠩᠨᠡᠯ ᠨᠢ ᠬᠥᠮᠥᠰ ᠤᠨ ᠰᠡᠳᠬᠢᠯ ᠢ ᠳᠤᠯᠠᠭᠠᠴᠠᠭᠤᠯᠤᠨ᠎ᠠ᠃ 1 ᠰᠠᠷ᠎ᠠ ᠶᠢᠨ 16 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠩᠭᠤ ᠶᠢᠨ ᠳᠡᠳ᠋ ᠲᠡᠷᠢᠭᠦᠯᠡᠭᠴᠢ ᠾᠧ ᠴᠠᠩ ᠵᠢᠶᠧ ᠨᠠᠷ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠲᠤ ᠬᠦᠷᠴᠦ᠂ ᠰᠣᠨᠢᠨ ᠮᠡᠳᠡᠭᠡᠨ ᠤ ᠠᠵᠢᠯ ᠤᠨ ᠡᠮᠦᠨ᠎ᠡ ᠹᠷᠣᠨᠲ ᠲᠤ ᠣᠷᠳᠣ ᠬᠤᠭᠤᠴᠠᠭ᠎ᠠ ᠪᠠᠷ ᠠᠵᠢᠯᠯᠠᠵᠤ ᠪᠠᠶᠢᠭ᠎ᠠ ᠰᠣᠨᠢᠨ ᠮᠡᠳᠡᠭᠡᠨ ᠤ ᠠᠵᠢᠯᠲᠠᠳ ᠲᠤ ᠴᠠᠭᠠᠨ ᠰᠠᠷ᠎ᠠ ᠶᠢᠨ ᠮᠡᠨᠳᠦ ᠳᠡᠪᠰᠢᠭᠦᠯᠬᠦ ᠶᠢᠨ ᠬᠠᠮᠲᠤ ᠲᠣᠬᠤᠨᠢᠭᠤᠯᠬᠤ ᠪᠣᠳᠠᠰ ᠬᠦᠷᠭᠡᠪᠡ᠃
       ᠲᠣᠬᠤᠨᠢᠭᠤᠯᠬᠤ ᠳᠤᠭᠤᠶᠢᠯᠠᠩ ᠤᠨ ᠬᠢᠨ ᠬᠠᠮ ᠵᠠᠭᠤᠴᠢᠯᠠᠭᠤᠷ ᠤᠨ ᠲᠥᠪ ᠤᠨ ᠨᠥᠬᠦᠳ ᠤᠨ ᠠᠵᠢᠯ ᠠᠮᠢᠳᠤᠷᠠᠯ ᠤᠨ ᠪᠠᠶᠢᠳᠠᠯ ᠢ ᠳᠣᠲᠣᠨᠣ ᠪᠠᠷ ᠠᠰᠠᠭᠤᠵᠤ᠂ ᠲᠡᠳᠡᠨ ᠤ ᠰᠢᠷᠭᠠᠭᠤ ᠬᠥᠳᠡᠯᠮᠦᠷᠢ ᠳᠤ ᠴᠢᠩ ᠰᠡᠳᠬᠢᠯ ᠤᠨ ᠲᠠᠯᠠᠷᠬᠠᠯ ᠳᠡᠪᠰᠢᠭᠦᠯᠵᠦ᠂ ᠥᠩᠭᠡᠷᠡᠭᠰᠡᠨ ᠨᠢᠭᠡ ᠵᠢᠯ ᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠰᠣᠨᠢᠨ ᠮᠡᠳᠡᠭᠡᠨ ᠤ ᠠᠵᠢᠯᠲᠠᠳ ᠲᠠᠰᠬᠢᠮ᠎ᠠ ᠬᠦᠢᠲᠡᠨ ᠠᠭᠠᠬᠢᠮ᠎ᠠ ᠬᠠᠯᠠᠭᠤᠨ ᠢ ᠬᠠᠶᠢᠬᠤᠷᠤᠯ ᠦᠭᠡᠢ ᠪᠠᠷ ᠰᠣᠨᠢᠨ ᠮᠡᠳᠡᠭᠡᠨ ᠤ ᠡᠮᠦᠨ᠎ᠡ ᠹᠷᠣᠨᠲ ᠲᠤ ᠴᠢᠷᠮᠠᠶᠢᠨ ᠠᠵᠢᠯᠯᠠᠵᠤ᠂ ᠬᠦᠴᠦ ᠬᠥᠯᠥᠰᠦ ᠪᠠᠨ ᠤᠷᠤᠰᠬᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠪᠦᠭᠦ ᠬᠤᠰᠢᠭᠤᠨ ᠤ ᠥᠷᠭᠡᠨ ᠤᠯᠠᠨ ᠠᠵᠢᠯᠲᠠᠨ ᠠᠵᠢᠯᠴᠢᠨ ᠣᠯᠠᠨ ᠲᠦᠮᠡᠨ ᠤ ᠠᠵᠢᠯ ᠶᠠᠪᠤᠳᠠᠯ ᠬᠢᠵᠦ ᠦᠢᠯᠡᠰ ᠪᠣᠰᠬᠠᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠪᠦᠲᠦᠮᠵᠢᠲᠡᠶ ᠤᠬᠠᠭᠤᠯᠵᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠦᠷ᠎ᠡ ᠪᠦᠲᠦᠮᠵᠢ ᠶᠢ ᠭᠦᠢᠴᠡᠳ ᠬᠠᠷᠠᠭᠤᠯᠪᠠ᠃ ᠤᠯᠠᠨ ᠢᠶᠠᠷ ᠢᠶᠠᠨ ᠰᠢᠨ᠎ᠡ ᠨᠢᠭᠡ ᠵᠢᠯ ᠳᠤ ᠰᠢᠨᠲᠠᠷᠠᠰᠢ ᠦᠭᠡᠢ ᠴᠢᠷᠮᠠᠶᠢᠵᠤ᠂ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠵᠤ᠂ ᠰᠢᠨ᠎ᠡ ᠠᠶᠠᠨ ᠵᠠᠮ ᠳᠠᠭᠠᠨ ᠨᠡᠩ ᠤᠯᠠᠨ ᠦᠵᠡᠯ ᠰᠠᠨᠠᠭ᠎ᠠ᠂ ᠳᠣᠲᠣᠨᠣᠰᠤᠭ ᠪᠦᠷᠭᠡ ᠴᠢᠨᠠᠷᠯᠢᠭ ᠰᠣᠨᠢᠨ ᠮᠡᠳᠡᠭᠡ ᠨᠡᠶᠢᠲᠡᠯᠡᠵᠦ᠂ ᠪᠦᠯᠬᠦᠮᠳᠡᠯ ᠲᠠᠢ ᠦᠵᠡᠰᠬᠦᠯᠡᠩᠲᠦ ᠰᠠᠶᠢᠬᠠᠨ ᠪᠣᠯᠪᠠᠰᠤᠨ ᠡᠶ᠎ᠡ ᠵᠣᠬᠢᠴᠠᠩᠭᠤᠢ ᠨᠡᠶᠢᠭᠡᠮ ᠵᠢᠷᠤᠮᠲᠤ ᠣᠳᠣᠬᠢᠴᠢᠯᠠᠭᠰᠠᠨ ᠰᠢᠨ᠎ᠡ ᠪᠠᠷᠭᠤ ᠪᠠᠷᠠᠭᠤᠨ ᠬᠤᠰᠢᠭᠤ ᠶᠢ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠡᠢ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号