ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ 2023 ᠣᠨ ᠤ ᠰᠢᠨ᠎ᠡ ᠵᠢᠯ ᠴᠠᠭᠠᠨ ᠰᠠᠷ᠎ᠠ ᠪᠠᠨ ᠪᠡᠯᠭᠡᠯᠡᠬᠦ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2023/1/19
       ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠤᠨ ᠺᠠᠳ᠋ᠷ ᠠᠵᠢᠯᠲᠠᠨ ᠤ ᠣᠶᠤᠨ ᠤ ᠪᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠠᠵᠢᠯ ᠤᠨ ᠢᠳᠡᠪᠬᠢᠵᠢᠯ ᠢ ᠨᠢ ᠨᠡᠮᠡᠭᠳᠡᠭᠦᠯᠦᠨ᠂ ᠨᠢᠭᠲᠠᠷᠠᠯ ᠤᠨ ᠬᠦᠴᠦᠨ ᠢ ᠴᠢᠩᠭᠠᠷᠠᠭᠤᠯᠬᠤ ᠶᠢᠨ ᠲᠥᠯᠥᠭᠡ᠂ ᠣᠶᠢᠷ᠎ᠠ ᠶᠢᠨ ᠡᠳᠦᠷ᠂ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ 2023 ᠣᠨ ᠤ ᠰᠢᠨ᠎ᠡ ᠵᠢᠯ ᠴᠠᠭᠠᠨ ᠰᠠᠷ᠎ᠠ ᠪᠠᠨ ᠤᠭᠲᠤᠬᠤ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃
       ᠠᠵᠢᠯᠯᠠᠭ᠎ᠠ ᠳᠤ᠂ ᠣᠯᠠᠨ ᠢᠶᠠᠷ ᠢᠶᠠᠨ ᠬᠦᠴᠦᠷᠬᠡᠭ ᠶᠡᠭᠡ ᠪᠦᠯᠬᠦᠮ ᠨᠡᠶᠢᠲᠡ ᠶᠢᠨ ᠬᠠᠮᠵᠢᠯᠴᠠᠬᠤ ᠴᠢᠳᠠᠪᠤᠷᠢ ᠪᠠ ᠲᠦᠪᠯᠡᠷᠡᠩᠭᠦᠢ ᠬᠦᠴᠦᠨ ᠢ ᠢᠯᠡᠷᠡᠭᠦᠯᠵᠦ᠂ ᠠᠵᠢᠯᠯᠠᠭ᠎ᠠ ᠶᠢᠨ ᠠᠬᠤᠢ ᠲᠠᠯᠠᠪᠠᠶ ᠶᠢᠨ ᠠᠭᠤᠷ ᠠᠮᠢᠰᠬᠤᠯ ᠬᠥᠭᠵᠢᠶᠡᠨᠲᠡᠢ᠂ ᠪᠠᠶᠠᠷ ᠬᠥᠷ ᠲᠠᠢ ᠪᠠᠶᠢᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠤᠨ ᠠᠵᠢᠯᠲᠠᠳ ᠤᠨ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃
       ᠲᠣᠰ ᠤᠳᠠᠭᠠᠨ ᠤ ᠠᠵᠢᠯᠯᠠᠭ᠎ᠠ ᠨᠢ ᠪᠥᠬᠦ ᠺᠠᠳ᠋ᠷ ᠠᠵᠢᠯᠲᠠᠨ ᠠᠵᠢᠯᠴᠢᠨ ᠤ ᠪᠡᠶ᠎ᠡ ᠰᠡᠳᠬᠢᠯ ᠢ ᠡᠩ ᠤᠨ ᠴᠠᠭ ᠤᠨ ᠶᠠᠭᠠᠷᠠᠯᠲᠠᠢ ᠠᠵᠢᠯ ᠤᠨ ᠳᠤᠮᠳᠠ ᠠᠴᠠ ᠪᠦᠲᠦᠮᠵᠢᠲᠡᠶ ᠰᠤᠯᠠᠷᠠᠭᠤᠯᠵᠤ᠂ ᠪᠦᠯᠬᠦᠮ ᠨᠡᠶᠢᠲᠡ ᠶᠢᠨ ᠨᠢᠭᠲᠠᠷᠠᠯ ᠤᠨ ᠬᠦᠴᠦᠨ ᠢ ᠴᠢᠩᠭᠠᠷᠠᠭᠤᠯᠪᠠ᠃ ᠤᠯᠠᠨ ᠢᠶᠠᠷ ᠢᠶᠠᠨ᠂ ᠬᠤᠶᠢᠰᠢᠳᠠ ᠶᠢᠨ ᠠᠵᠢᠯ ᠳᠤᠮᠳᠠ ᠪᠠᠨ ᠦᠷᠭᠦᠯᠵᠢᠯᠡᠨ ᠰᠠᠶᠢᠨ ᠰᠠᠶᠢᠬᠠᠨ ᠰᠡᠳᠬᠢᠴᠡ ᠶᠢᠨ ᠪᠠᠶᠢᠳᠠᠯ ᠲᠠᠢ ᠪᠠᠶᠢᠵᠤ᠂ ᠰᠢᠨ᠎ᠡ ᠨᠢᠭᠡ ᠵᠢᠯ ᠳᠤ ᠳᠠᠬᠢᠨᠲᠠ ᠰᠠᠶᠢᠨ ᠠᠮᠵᠢᠯᠲᠠ ᠪᠦᠲᠦᠮᠵᠢ ᠭᠠᠷᠭᠠᠨ᠎ᠠ ᠭᠡᠵᠦ ᠢᠯᠡᠳᠬᠡᠵᠡᠭᠡᠪᠡ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号