ᠰᠠᠷᠠᠨᠲᠤᠩᠭᠠᠯᠠᠭ᠄ ᠴᠢᠩ ᠦᠨᠡᠨᠴᠢ ᠰᠡᠳᠬᠢᠯ ᠢᠶᠠᠷ ᠬᠢᠯᠢ ᠬᠢᠵᠠᠭᠠᠷ ᠤᠨ ᠪᠦᠯᠬᠦᠮᠳᠡᠯ ᠲᠣᠭᠲᠠᠭᠤᠨ ᠢ ᠰᠠᠬᠢᠨ ᠬᠠᠮᠠᠭᠠᠯᠠᠨ᠎ᠠ
ᠨᠡᠶᠢᠲᠡᠯᠡᠭᠰᠡᠨ ᠴᠠᠭ᠄
2023/1/20
       ᠰᠠᠷᠠᠨᠲᠤᠩᠭᠠᠯᠠᠭ᠂ ᠤᠳᠤ ᠰᠢᠨ᠎ᠡ ᠪᠠᠷᠭᠤ ᠪᠠᠷᠠᠭᠤᠨ ᠬᠤᠰᠢᠭᠤᠨ ᠤ ᠬᠢᠯᠢ ᠶᠢᠨ ᠬᠠᠮᠢᠶᠠᠷᠤᠯᠲᠠ ᠶᠢᠨ ᠶᠡᠭᠡ ᠠᠩᠭᠢ ᠶᠢᠨ ᠪᠤᠶᠢᠷ ᠬᠢᠯᠢ ᠶᠢᠨ ᠲᠣᠮᠢᠯᠠᠭᠰᠠᠨ ᠰᠠᠯᠪᠤᠷᠢ ᠶᠢᠨ ᠤᠯᠤᠰ ᠲᠦᠷᠦ ᠶᠢᠨ ᠵᠢᠭᠠᠨ ᠵᠢᠯᠣᠭᠤᠳᠤᠭᠴᠢ ᠶᠢᠨ ᠲᠤᠰᠢᠶᠠᠯ ᠳᠤ ᠪᠤᠢ᠃ ᠴᠠᠭᠳᠠᠭ᠎ᠠ ᠶᠢᠨ ᠠᠵᠢᠯ ᠬᠢᠭᠰᠡᠨ 17 ᠵᠢᠯ ᠤᠨ ᠲᠤᠷᠰᠢ᠂ ᠰᠠᠷᠠᠨᠲᠤᠩᠭᠠᠯᠠᠭ ᠢᠮᠠᠭᠲᠠ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠪᠠᠨ ᠪᠠᠲᠤ ᠴᠡᠭᠡᠵᠢᠯᠡᠵᠦ᠂ ᠨᠠᠮ ᠪᠠ ᠤᠯᠤᠰ ᠲᠠᠭᠠᠨ ᠦᠨᠡᠨᠴᠢ ᠰᠢᠳᠤᠷᠭᠤ ᠬᠠᠨᠳᠤᠵᠤ᠂ ᠬᠢᠯᠢ ᠬᠢᠵᠠᠭᠠᠷ ᠤᠨ ᠬᠠᠮᠢᠶᠠᠷᠤᠯᠲᠠ ᠶᠢᠨ ᠦᠢᠯᠡᠰ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠳᠠᠬᠢ ᠬᠠᠯᠠᠭᠤᠨ ᠰᠡᠳᠬᠢᠯᠭᠡ ᠪᠠᠨ ᠠᠵᠢᠯ ᠤᠨ ᠳᠤᠮᠳᠠ ᠪᠠᠨ ᠠᠭᠤᠰᠬᠠᠪᠠ᠃ ᠲᠡᠭᠦᠨ ᠤ ᠠᠵᠢᠯ ᠤᠨ ᠬᠢᠷᠢ ᠪᠦᠲᠦᠮᠵᠢ ᠨᠢ ᠳᠡᠭᠡᠳᠦ ᠱᠠᠲᠤᠨ ᠤ ᠨᠤᠲᠠᠯᠠᠯᠲᠠ ᠪᠠ ᠤᠯᠠᠨ ᠲᠦᠮᠡᠨ ᠤ ᠬᠦᠷᠢᠶᠡᠯᠡᠯ ᠢ ᠣᠯᠵᠤ᠂ ᠤᠯᠠᠨ ᠤᠳᠠᠭ᠎ᠠ ︽ᠰᠢᠯᠢᠳᠡᠭ ᠠᠷᠠᠳ ᠤᠨ ᠴᠠᠭᠳᠠᠭ᠎ᠠ︾ ᠪᠠᠷ ᠦᠨᠡᠯᠡᠭᠳᠡᠵᠦ᠂ ᠱᠠᠩᠨᠠᠯ ᠬᠥᠬᠢᠭᠦᠯᠦᠯ ᠬᠦᠷᠲᠡᠨ᠂ ᠬᠤᠪᠢ ᠬᠥᠮᠥᠨ ᠤ ᠭᠤᠷᠪᠠᠳᠤᠭᠠᠷ ᠳᠡᠰ ᠤᠨ ᠭᠠᠪᠢᠶ᠎ᠠ ᠶᠢ ᠨᠢᠭᠡ ᠤᠳᠠᠭ᠎ᠠ ᠪᠠᠶᠢᠭᠤᠯᠵᠤ᠂ 2022 ᠣᠨ ᠤ 2 ᠰᠠᠷ᠎ᠠ ᠳᠤ ᠬᠤᠳᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠲᠤ ︽ᠬᠥᠯᠥᠨ ᠪᠤᠶᠢᠷ ᠤᠨ ᠰᠠᠶᠢᠨ ᠬᠥᠮᠥᠨ︾ ᠢᠶᠠᠷ ᠦᠨᠡᠯᠡᠭᠳᠡᠪᠡ᠃
       ᠰᠠᠷᠠᠨᠲᠤᠩᠭᠠᠯᠠᠭ ᠢᠮᠠᠭᠲᠠ ᠶᠠᠳᠠᠭᠤ ᠬᠦᠴᠢᠷᠳᠡᠯᠲᠡᠢ ᠤᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠢ ᠰᠢᠢᠳᠪᠦᠷᠢᠯᠡᠬᠦ ᠶᠢ ᠲᠡᠷᠢᠭᠦᠨ ᠴᠢᠬᠤᠯᠠ ᠠᠰᠠᠭᠤᠳᠠᠯ ᠪᠣᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠪᠦᠯᠬᠦᠮᠳᠡᠯ ᠨᠥᠬᠦᠷᠯᠡᠯ ᠤᠨ ᠶᠣᠰᠣ ᠰᠤᠷᠲᠠᠬᠤᠨ ᠤ ᠬᠡᠪ ᠰᠤᠷᠲᠠᠯ ᠢ ᠪᠠᠳᠠᠷᠠᠭᠤᠯᠵᠤ᠂ ᠬᠠᠷᠢᠶ᠎ᠠ ᠣᠷᠣᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠠᠶᠢᠨ ᠦᠨᠡᠯᠡᠯᠲᠡ ᠶᠢ ᠣᠯᠪᠠ᠃ ᠲᠡᠷᠡ ᠤᠯᠠᠨ ᠤᠳᠠᠭ᠎ᠠ ︽ᠡᠭᠦᠳᠡ ᠪᠠᠨ ᠨᠡᠭᠡᠭᠡᠵᠦ ᠢᠳᠬᠠᠯ ᠬᠤᠷᠢᠶᠠᠬᠤ︾ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠵᠤ᠂ ᠰᠠᠨᠠᠭᠠᠴᠢᠯᠠᠭ᠎ᠠ ᠠᠴᠠ ᠪᠠᠨ ᠰᠠᠨᠠᠯ ᠰᠠᠨᠠᠭᠤᠯᠭ᠎ᠠ ᠬᠤᠷᠢᠶᠠᠵᠤ᠂ ᠬᠠᠷᠢᠶ᠎ᠠ ᠣᠷᠣᠨ ᠤ ᠪᠠᠨ ᠭᠤᠤᠨᠢ ᠭᠠᠭᠴᠠ ᠨᠠᠰᠤᠲᠠᠨ᠂ ᠵᠡᠮᠳᠡᠭᠴᠦᠳ᠂ ᠬᠦᠴᠢᠷᠳᠡᠯᠲᠡᠢ ᠬᠡᠦᠬᠡᠳ᠂ ᠶᠠᠳᠠᠭᠤ ᠬᠦᠴᠢᠷᠳᠡᠯᠲᠡᠢ ᠡᠷᠦᠬᠡ ᠵᠡᠷᠭᠡ ᠪᠠᠭᠤᠷᠠᠶᠢᠴᠤᠳ ᠢ ᠲᠣᠬᠤᠨᠢᠭᠤᠯᠵᠤ᠂ ᠤᠯᠠᠨ ᠲᠦᠮᠡᠨ ᠤ ᠬᠦᠴᠢᠷᠳᠡᠯ ᠲᠠᠢ ᠬᠦᠰᠡᠯ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠣᠨᠣᠰᠳᠠᠭ᠃ ᠪᠤᠶᠢᠷ ᠬᠢᠯᠢ ᠶᠢᠨ ᠲᠣᠮᠢᠯᠠᠭᠰᠠᠨ ᠰᠠᠯᠪᠤᠷᠢ ᠳᠤ ᠬᠦᠷᠴᠦ ᠠᠵᠢᠯᠯᠠᠭᠰᠠᠨ ᠵᠢᠯ ᠭᠠᠷᠤᠢ ᠶᠢᠨ ᠲᠤᠷᠰᠢ᠂ ᠲᠡᠷᠡ 12 ᠬᠦᠴᠢᠷᠳᠡᠯᠲᠡᠢ ᠤᠯᠠᠨ ᠲᠦᠮᠡᠨ ᠢ ᠲᠣᠬᠤᠨᠢᠭᠤᠯᠵᠤ᠂ 16 ᠵᠤᠷᠪᠤᠰ ᠪᠣᠳᠠᠲᠠᠢ ᠬᠦᠴᠢᠷᠳᠡᠯ ᠢ ᠰᠢᠢᠳᠪᠦᠷᠢᠯᠡᠵᠦ᠂ 13000 ᠲᠥᠭᠦᠷᠢᠭ ᠤᠨ ᠲᠣᠬᠤᠨᠢᠭᠤᠯᠬᠤ ᠡᠳ᠋ ᠪᠣᠳᠠᠰ᠂ ᠠᠮᠢᠳᠤᠷᠠᠯ ᠤᠨ ᠬᠡᠷᠡᠭᠰᠡᠯ ᠢ ᠬᠦᠷᠭᠡᠪᠡ᠃        ᠬᠢᠯᠢ ᠶᠢᠨ ᠲᠣᠮᠢᠯᠠᠭᠰᠠᠨ ᠰᠠᠯᠪᠤᠷᠢ ᠶᠢᠨ ᠠᠵᠢᠯ ᠤᠨ ᠦᠷ᠎ᠡ ᠪᠦᠲᠦᠮᠵᠢ ᠨᠢ ᠬᠠᠷᠢᠶ᠎ᠠ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠲᠤᠰ ᠪᠡᠶ᠎ᠡ ᠶᠢᠨ ᠠᠰᠢᠭ ᠲᠤᠰᠠ  ᠲᠠᠢ ᠬᠤᠯᠪᠣᠭᠳᠠᠵᠤ᠂ ᠪᠤᠶᠢᠷ ᠬᠢᠯᠢ ᠶᠢᠨ ᠲᠣᠮᠢᠯᠠᠭᠰᠠᠨ ᠰᠠᠯᠪᠤᠷᠢ ᠳᠤ ᠬᠦᠷᠴᠦ ᠠᠵᠢᠯᠯᠠᠭᠰᠠᠨ ᠤ ᠲᠠᠷᠠᠭ᠎ᠠ᠂ ᠰᠠᠷᠠᠨᠲᠤᠩᠭᠠᠯᠠᠭ ᠬᠢᠯᠢ ᠶᠢᠨ ᠬᠠᠷᠢᠶ᠎ᠠ ᠣᠷᠣᠨ ᠤ ᠪᠣᠳᠠᠲᠠᠢ ᠪᠠᠶᠢᠳᠠᠯ ᠳᠤ ᠰᠠᠭᠤᠷᠢᠯᠠᠵᠤ᠂ ︽ᠬᠤᠶᠠᠷ ᠠᠩᠭᠢ ᠨᠢᠭᠡ ᠲᠠᠰᠤᠯᠭ᠎ᠠ︾ ᠶᠢᠨ ᠴᠠᠭᠳᠠᠭᠠᠨ ᠤ ᠶᠠᠪᠤᠳᠠᠯ ᠤᠨ ᠲᠣᠭᠲᠠᠴᠠ ᠶᠢᠨ ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠵᠤ᠂ ᠨᠠᠮ ᠤᠨ ᠪᠠᠶᠢᠭᠤᠯᠤᠯᠲᠠ ᠶᠢᠨ ᠵᠢᠯᠣᠭᠤᠳᠤᠯᠭ᠎ᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠵᠠᠰᠠᠯᠲᠠ ᠶᠢ ᠭᠦᠨᠵᠡᠭᠡᠶᠢᠷᠡᠭᠦᠯᠵᠦ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠵᠦ᠂ ᠬᠢᠯᠢ ᠶᠢᠨ ᠬᠠᠷᠢᠶ᠎ᠠ ᠣᠷᠣᠨ ᠦᠷᠭᠦᠯᠵᠢᠯᠡᠨ ᠠᠮᠤᠷ ᠲᠦᠪᠰᠢᠨ ᠲᠣᠭᠲᠠᠭᠤᠨ ᠪᠠᠶᠢᠵᠤ᠂ ᠤᠯᠠᠨ ᠲᠦᠮᠡᠨ ᠤ ᠠᠮᠤᠷ ᠲᠦᠪᠰᠢᠨ ᠤ ᠲᠥᠷᠥᠭᠳᠡᠯ᠂ ᠬᠠᠨᠤᠮᠵᠢ ᠶᠢᠨ ᠬᠡᠮᠵᠢᠶ᠎ᠡ ᠦᠷᠭᠦᠯᠵᠢᠯᠡᠨ ᠳᠡᠭᠡᠭᠰᠢᠯᠡᠪᠡ᠃
       ᠨᠢᠭᠡ ᠵᠢᠯ ᠤᠨ ᠲᠤᠷᠰᠢ᠂ ᠰᠠᠷᠠᠨᠲᠤᠩᠭᠠᠯᠠᠭ ᠨᠡᠶᠢᠲᠡ 475 ᠡᠷᠦᠬᠡ 1091 ᠬᠥᠮᠥᠨ ᠢ ᠰᠤᠷᠪᠤᠯᠵᠢᠯᠠᠵᠤ᠂ ᠤᠷᠢᠳ ᠬᠤᠵᠢᠳ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠢ 18 ᠤᠳᠠᠭ᠎ᠠ ᠪᠠᠶᠢᠴᠠᠭᠠᠵᠤ᠂ 18 ᠬᠡᠷᠡᠭ ᠢ ᠠᠮᠵᠢᠯᠲᠠ ᠲᠠᠢ ᠰᠢᠢᠳᠪᠦᠷᠢᠯᠡᠪᠡ᠂ ᠪᠥᠬᠦ ᠰᠤᠮᠤᠨ ᠳᠤ ᠠᠷᠠᠳ ᠠᠴᠠ ᠡᠷᠡᠭᠦᠦ ᠶᠢᠨ ᠬᠡᠷᠡᠭ ᠪᠣᠯᠭᠠᠨ ᠬᠤᠪᠢᠷᠠᠭᠤᠯᠤᠭᠰᠠᠨ ᠬᠡᠷᠡᠭ ᠨᠢᠭᠡ ᠴᠦ ᠭᠠᠷᠤᠭᠰᠠᠨ ᠦᠭᠡᠢ᠂ ᠱᠠᠲᠤ ᠠᠯᠤᠰᠯᠠᠨ ᠳᠡᠭᠡᠭᠰᠢ ᠰᠤᠷᠪᠤᠯᠵᠢᠯᠠᠭᠰᠠᠨ ᠬᠡᠷᠡᠭ ᠨᠢᠭᠡ ᠴᠦ ᠭᠠᠷᠤᠭᠰᠠᠨ ᠦᠭᠡᠢ᠂ ︽ᠪᠠᠭ᠎ᠠ ᠶᠠᠪᠤᠳᠠᠯ ᠳᠤ ᠲᠣᠰᠬᠤᠨ ᠤ ᠣᠷᠣᠨ ᠰᠠᠭᠤᠴᠠ ᠠᠴᠠ ᠭᠠᠷᠬᠤ ᠦᠭᠡᠢ᠂ ᠶᠡᠭᠡ ᠶᠠᠪᠤᠳᠠᠯ ᠳᠤ ᠰᠢᠶᠠᠩ ᠪᠠᠯᠭᠠᠰᠤ ᠠᠴᠠ ᠭᠠᠷᠬᠤ ᠦᠭᠡᠢ︾ ᠪᠠᠶᠢᠬᠤ ᠶᠢ ᠦᠨᠡᠨ ᠬᠦ ᠪᠡᠶᠡᠯᠡᠭᠦᠯᠦᠭᠰᠡᠨ ᠪᠠᠶᠢᠨ᠎ᠠ᠃ ᠲᠡᠷᠡ ᠤᠯᠠᠨ ᠲᠦᠮᠡᠨ ᠳᠤ ᠰᠠᠶᠢᠨ ᠶᠠᠪᠤᠳᠠᠯ᠂ ᠪᠣᠳᠠᠲᠤ ᠶᠠᠪᠤᠳᠠᠯ᠂ ᠬᠦᠴᠢᠷ ᠠᠰᠠᠭᠤᠳᠠᠯ ᠢ 20 ᠬᠤᠪᠢ ᠰᠢᠢᠳᠪᠦᠷᠢᠯᠡᠵᠦ᠂ 27 ᠠᠮᠤᠷ ᠲᠦᠪᠰᠢᠨ ᠤ ᠭᠡᠮ ᠰᠣᠭᠤᠭ ᠢ ᠴᠡᠭᠴᠡᠯᠡᠨ ᠵᠠᠰᠠᠵᠤ᠂ 15 ᠵᠦᠢᠯ ᠤᠨ ᠠᠵᠢᠯ ᠤᠨ ᠰᠠᠨᠠᠯ ᠰᠠᠨᠠᠭᠤᠯᠭ᠎ᠠ ᠶᠢ ᠬᠤᠷᠢᠶᠠᠵᠤ᠂ ᠬᠠᠤᠯᠢ ᠴᠠᠭᠠᠵᠠ ᠬᠠᠤᠯᠢ ᠲᠣᠭᠲᠠᠭᠠᠯ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠬᠠᠭᠤᠳᠠᠰᠤ ᠶᠢ 500 ᠭᠠᠷᠤᠢ ᠬᠤᠪᠢ ᠲᠠᠷᠬᠠᠭᠠᠵᠤ᠂ ᠬᠠᠷᠢᠶ᠎ᠠ ᠣᠷᠣᠨ ᠤ ᠲᠣᠭᠲᠠᠭᠤᠨ ᠢ ᠬᠠᠮᠠᠭᠠᠯᠠᠬᠤ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠳᠤ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠪᠡ᠃        ᠰᠠᠷᠠᠨᠲᠤᠩᠭᠠᠯᠠᠭ ᠪᠦᠬᠦ ᠠᠷᠠᠳ ᠤᠨ ᠴᠠᠭᠳᠠᠭ᠎ᠠ ᠶᠢ ᠳᠠᠭᠠᠭᠤᠯᠤᠨ ᠠᠷᠠᠳ ᠲᠦᠮᠡᠨ ᠤ ᠰᠡᠳᠬᠢᠯ ᠬᠠᠨᠤᠮᠵᠢᠲᠠᠢ ᠭᠠᠵᠠᠷ ᠠᠴᠠ ᠡᠬᠢᠯᠡᠨ ᠬᠢᠵᠦ᠂ ᠠᠷᠠᠳ ᠲᠦᠮᠡᠨ ᠤ ᠰᠡᠳᠬᠢᠯ ᠬᠠᠨᠤᠮᠵᠢ ᠦᠭᠡᠢ ᠭᠠᠵᠠᠷ ᠠᠴᠠ ᠡᠬᠢᠯᠡᠨ ᠥᠭᠡᠷᠡᠴᠢᠯᠡᠵᠦ᠂ ᠪᠣᠯᠪᠠᠰᠤᠨ ᠢᠶᠠᠷ ᠬᠡᠷᠡᠭ ᠰᠢᠢᠳᠪᠦᠷᠢᠯᠡᠵᠦ᠂ ᠪᠣᠯᠪᠠᠰᠤᠨ ᠢᠶᠠᠷ ᠭᠥᠯᠢᠶᠡᠨ ᠠᠪᠴᠤ᠂ ᠤᠯᠠᠨ ᠲᠦᠮᠡᠨ ᠢ ᠰᠡᠳᠬᠢᠯ ᠬᠠᠨᠤᠮᠵᠢᠲᠠᠢ ᠪᠣᠯᠭᠠᠬᠤ ᠪᠠᠷ ᠴᠢᠷᠮᠠᠶᠢᠪᠠ᠃ ᠢᠯᠠᠩᠭᠤᠶ᠎ᠠ ᠠᠷᠠᠳ ᠤᠯᠠᠨ ᠤ ᠵᠢᠭᠤᠷᠠᠯᠳᠤᠭᠠᠨ ᠢ ᠰᠢᠢᠳᠪᠦᠷᠢᠯᠡᠬᠦ ᠳᠡᠭᠡᠨ ᠲᠡᠷᠡ ᠴᠥᠮ ᠦᠨᠡᠨᠴᠢ ᠰᠡᠳᠬᠢᠯᠭᠡ ᠪᠠᠷ ᠰᠢᠢᠳᠪᠦᠷᠢᠯᠡᠳᠡᠭ ᠶᠤᠮ᠃ ᠡᠳᠦᠭᠡ ᠪᠤᠶᠢᠷ ᠰᠤᠮᠤᠨ ᠤ ᠮᠠᠯᠵᠢᠬᠤ ᠡᠷᠦᠬᠡ ᠳᠤ ᠬᠦᠷᠬᠦ ᠳᠤ᠂ ᠰᠠᠷᠠᠨᠲᠤᠩᠭᠠᠯᠠᠭ ᠭᠡᠰᠡᠨ ᠨᠡᠷ᠎ᠡ ᠶᠢ ᠳᠤᠷᠠᠳᠬᠤ ᠳᠤ ᠯᠠ ᠬᠦᠷᠪᠡᠯ᠂ ᠤᠯᠠᠨ ᠲᠦᠮᠡᠨ᠄ ︽ᠰᠠᠷᠠᠨᠲᠤᠩᠭᠠᠯᠠᠭ ᠰᠠᠨᠠᠭ᠎ᠠ ᠰᠠᠶᠢᠨ᠂ ᠤᠴᠢᠷ ᠶᠠᠪᠤᠳᠠᠯ ᠰᠢᠢᠳᠪᠦᠷᠢᠯᠡᠬᠦ ᠳᠡᠭᠡᠨ ᠡᠷᠬᠡ ᠲᠡᠭᠰᠢ᠂ ᠲᠥᠪ ᠭᠤᠣᠯᠴᠢ᠂ ᠢᠲᠡᠭᠡᠯ ᠬᠦᠨᠳᠦ ᠪᠠᠷ ᠥᠨᠳᠥᠷ᠂ ᠪᠢ ᠲᠡᠭᠦᠨ ᠢ ᠪᠢᠰᠢᠷᠡᠨ᠎ᠡ︾ ᠭᠡᠵᠦ ᠬᠡᠯᠡᠳᠡᠭ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号