ᠰᠢᠨᠬᠤᠸᠠ ᠬᠤᠷᠢᠶᠠᠨ ᠤ ᠪᠡᠭᠡᠵᠢᠩ ᠤᠨ 1 ᠰᠠᠷ᠎ᠠ ᠶᠢᠨ 25 ᠤ ᠴᠠᠬᠢᠯᠭᠠᠨ ᠮᠡᠳᠡᠭᠡ 1 ᠰᠠᠷ᠎ᠠ ᠶᠢᠨ 24 ᠤ | ᠡᠳᠦᠷ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠳᠣᠯᠣᠳᠤᠭᠠᠷ | ᠬᠤᠭᠤᠴᠠᠭᠠᠨ ᠤ ᠲᠦᠷᠦᠭᠦᠴᠦᠳ ᠤᠨ ᠬᠤᠷᠠᠯ ᠠᠷᠭᠧᠨ᠋ᠲ᠋ᠢᠨ ᠤ ᠨᠡᠶᠢᠰᠯᠡᠯ ᠪᠦᠶᠧᠨᠣᠰ ᠠᠶᠢᠷᠧᠰ ᠲᠤ ᠶᠠᠪᠤᠭᠳᠠᠪᠠ᠃ | ᠯᠠᠲ᠋ᠢᠨ ᠠᠮᠧᠷᠢᠺᠠ ᠶᠢᠨ ᠬᠠᠮᠲᠤ ᠶᠢᠨ ᠴᠣᠭᠴᠠ ᠶᠢᠨ ᠵᠢᠵᠢᠭᠦᠷ ᠲᠡᠷᠢᠭᠦᠯᠡᠭᠴᠢ ᠤᠯᠤᠰ ᠠᠷᠭᠧᠨ᠋ᠲ᠋ᠢᠨ ᠤ | ᠶᠡᠷᠦᠩᠬᠡᠶᠢᠯᠡᠭᠴᠢ ᠹᠧᠷᠨᠠᠨᠳᠧᠰ ᠤᠨ ᠤᠷᠢᠯᠭ᠎ᠠ ᠪᠠᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠦᠷᠦᠭᠦᠴᠦᠳ ᠤᠨ | ᠬᠤᠷᠠᠯ ᠳᠤ ᠸᠢᠳᠢᠣ᠋ ᠪᠠᠷ ᠪᠠᠶᠠᠷ ᠤᠨ ᠦᠭᠡ ᠬᠡᠯᠡᠪᠡ᠃ | | | | 1 ᠰᠠᠷ᠎ᠠ ᠶᠢᠨ 24 ᠤ ᠡᠳᠦᠷ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ | ᠴᠣᠭᠴᠠ ᠶᠢᠨ ᠳᠣᠯᠣᠳᠤᠭᠠᠷ ᠬᠤᠭᠤᠴᠠᠭᠠᠨ ᠤ ᠲᠦᠷᠦᠭᠦᠴᠦᠳ ᠤᠨ ᠬᠤᠷᠠᠯ ᠠᠷᠭᠧᠨ᠋ᠲ᠋ᠢᠨ ᠤ ᠨᠡᠶᠢᠰᠯᠡᠯ ᠪᠦᠶᠧᠨᠣᠰ | ᠠᠶᠢᠷᠧᠰ ᠲᠤ ᠶᠠᠪᠤᠭᠳᠠᠪᠠ᠃ ᠯᠠᠲ᠋ᠢᠨ ᠠᠮᠧᠷᠢᠺᠠ ᠶᠢᠨ ᠬᠠᠮᠲᠤ ᠶᠢᠨ ᠴᠣᠭᠴᠠ ᠶᠢᠨ ᠵᠢᠵᠢᠭᠦᠷ ᠲᠡᠷᠢᠭᠦᠯᠡᠭᠴᠢ ᠤᠯᠤᠰ | ᠠᠷᠭᠧᠨ᠋ᠲ᠋ᠢᠨ ᠤ ᠶᠡᠷᠦᠩᠬᠡᠶᠢᠯᠡᠭᠴᠢ ᠹᠧᠷᠨᠠᠨᠳᠧᠰ ᠤᠨ ᠤᠷᠢᠯᠭ᠎ᠠ ᠪᠠᠷ᠂ ᠤᠯᠤᠰ ᠤᠨ ᠲᠡᠷᠢᠭᠦᠯᠡᠭᠴᠢ ᠰᠢ ᠶᠢᠨ ᠫᠢᠩ | ᠲᠦᠷᠦᠭᠦᠴᠦᠳ ᠤᠨ ᠬᠤᠷᠠᠯ ᠳᠤ ᠸᠢᠳᠢᠣ᠋ ᠪᠠᠷ ᠪᠠᠶᠠᠷ ᠤᠨ ᠦᠭᠡ ᠬᠡᠯᠡᠪᠡ᠃ | ᠰᠢ ᠶᠢᠨ ᠫᠢᠩ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠪᠣᠯ ᠬᠥᠭᠵᠢᠵᠦ ᠪᠠᠶᠢᠭ᠎ᠠ | ᠤᠯᠤᠰ ᠤᠳ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠪᠠᠰᠠ ᠴᠤ ᠪᠥᠬᠦ ᠪᠥᠮᠪᠥᠷᠴᠡᠭ ᠤᠨ ᠵᠠᠰᠠᠯᠲᠠ ᠳᠤ | ᠢᠳᠡᠪᠬᠢᠲᠡᠢ ᠣᠷᠣᠯᠴᠠᠭᠴᠢ ᠪᠠ ᠬᠤᠪᠢ ᠨᠡᠮᠡᠷᠢ ᠦᠵᠡᠭᠦᠯᠦᠭᠴᠢ ᠮᠥᠨ᠂ ᠯᠠᠲ᠋ᠢᠨ ᠠᠮᠧᠷᠢᠺᠠ ᠶᠢᠨ ᠬᠠᠮᠲᠤ ᠶᠢᠨ | ᠴᠣᠭᠴᠠ ᠨᠢᠭᠡᠨᠲᠡ ᠪᠥᠬᠦ ᠪᠥᠮᠪᠥᠷᠴᠡᠭ ᠤᠨ ᠡᠮᠦᠨᠡᠳᠡᠬᠢ ᠨᠢ ᠡᠮᠦᠨᠡᠳᠡᠬᠢ ᠲᠠᠢ ᠪᠠᠨ ᠬᠠᠮᠲᠤᠷᠠᠯᠴᠠᠬᠤ ᠳᠤ ᠳᠤᠲᠠᠭᠳᠠᠵᠤ | ᠪᠣᠯᠣᠰᠢ ᠦᠭᠡᠢ ᠠᠬᠢᠭᠤᠯᠬᠤ ᠬᠦᠴᠦᠨ ᠪᠣᠯᠵᠤ᠂ ᠭᠠᠵᠠᠷ ᠣᠷᠣᠨ ᠤ ᠡᠩᠬᠡ ᠲᠠᠶᠢᠪᠤᠩ ᠢ ᠬᠠᠮᠠᠭᠠᠯᠠᠬᠤ᠂ ᠬᠠᠮᠲᠤ ᠶᠢᠨ | ᠬᠥᠭᠵᠢᠯᠲᠡ ᠶᠢ ᠠᠬᠢᠭᠤᠯᠬᠤ᠂ ᠣᠷᠣᠨ ᠪᠦᠰᠡ ᠶᠢᠨ ᠨᠢᠭᠡ ᠴᠣᠭᠴᠠᠵᠢᠯᠲᠠ ᠶᠢ ᠠᠬᠢᠭᠤᠯᠬᠤ ᠳᠤ ᠴᠢᠬᠤᠯᠠ ᠦᠢᠯᠡᠳᠦᠯ | ᠦᠵᠡᠭᠦᠯᠵᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠣᠷᠣᠨ ᠤ ᠨᠢᠭᠡ | ᠴᠣᠭᠴᠠᠵᠢᠯᠲᠠ ᠶᠢᠨ ᠠᠬᠢᠴᠠ ᠶᠢ ᠢᠮᠠᠭᠲᠠ ᠳᠡᠮᠵᠢᠵᠦ᠂ ᠯᠠᠲ᠋ᠢᠨ ᠠᠮᠧᠷᠢᠺᠠ ᠶᠢᠨ ᠬᠠᠮᠲᠤ ᠶᠢᠨ ᠴᠣᠭᠴᠠ ᠯᠤᠭ᠎ᠠ ᠶᠢᠨ | ᠬᠠᠷᠢᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠯᠠᠲ᠋ᠢᠨ ᠠᠮᠧᠷᠢᠺᠠ ᠶᠢᠨ ᠬᠠᠮᠲᠤ ᠶᠢᠨ ᠴᠣᠭᠴᠠ ᠶᠢ | ᠬᠥᠭᠵᠢᠵᠦ ᠪᠠᠶᠢᠭ᠎ᠠ ᠤᠯᠤᠰ ᠤᠳ ᠤᠨ ᠪᠦᠯᠬᠦᠮᠳᠡᠯ ᠢ ᠪᠠᠬᠢᠵᠢᠭᠦᠯᠬᠦ᠂ ᠡᠮᠦᠨᠡᠳᠡᠬᠢ ᠲᠠᠢ ᠪᠠᠨ ᠬᠠᠮᠲᠤᠷᠠᠯᠴᠠᠬᠤ ᠶᠢ | ᠠᠬᠢᠭᠤᠯᠬᠤ ᠴᠢᠬᠤᠯᠠ ᠬᠠᠨᠢᠲᠠᠨ ᠢᠶᠠᠷ ᠦᠵᠡᠵᠦ ᠪᠠᠶᠢᠨ᠎ᠠ᠃ ᠶᠠᠭ ᠡᠶᠢᠮᠦ ᠤᠭ ᠰᠠᠨᠠᠭ᠎ᠠ ᠠᠴᠠ᠂ ᠳᠤᠮᠳᠠᠳᠤ ᠤᠯᠤᠰ | ᠯᠠᠲ᠋ᠢᠨ ᠠᠮᠧᠷᠢᠺᠠ ᠶᠢᠨ ᠬᠢᠨ ᠲᠠᠢ ᠬᠠᠮᠲᠤ ᠪᠠᠷ᠂ ᠳᠤᠮᠳᠠᠳᠤ ᠯᠠᠲ᠋ᠢᠨ ᠠᠮᠧᠷᠢᠺᠠ ᠶᠢᠨ ᠶᠠᠷᠢᠶᠠᠨ ᠤ ᠲᠠᠪᠴᠠᠩ ᠤᠨ | ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠳᠤᠮᠳᠠᠳᠤ ᠯᠠᠲ᠋ᠢᠨ ᠠᠮᠧᠷᠢᠺᠠ ᠶᠢᠨ ᠬᠠᠷᠢᠯᠴᠠᠭ᠎ᠠ ᠶᠢᠨ ᠡᠷᠬᠡ | ᠲᠡᠭᠰᠢ᠂ ᠬᠠᠷᠢᠯᠴᠠᠨ ᠠᠰᠢᠭᠲᠠᠢ᠂ ᠰᠢᠨ᠎ᠡ ᠶᠢ ᠡᠭᠦᠳᠬᠦ᠂ ᠨᠡᠭᠡᠭᠡᠯᠲᠡᠲᠦ᠂ ᠠᠷᠠᠳ ᠲᠤ ᠠᠰᠢᠭ ᠬᠦᠷᠲᠡᠭᠡᠬᠦ ᠰᠢᠨ᠎ᠡ ᠴᠠᠭ | ᠦᠶ᠎ᠡ ᠳᠤ ᠣᠷᠣᠬᠤ ᠶᠢ ᠠᠬᠢᠭᠤᠯᠪᠠ᠃ ᠨᠡᠩ ᠣᠯᠠᠨ ᠭᠠᠵᠠᠷ ᠣᠷᠣᠨ ᠪᠣᠯᠣᠨ ᠤᠯᠤᠰ ᠤᠳ ᠳᠤᠮᠳᠠᠳᠤ ᠤᠯᠤᠰ ᠯᠤᠭ᠎ᠠ | ᠬᠠᠮᠲᠤᠷᠠᠯᠴᠠᠭ᠎ᠠ ᠬᠢᠵᠦ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠶᠢ | ᠠᠬᠢᠭᠤᠯᠵᠤ᠂ ᠪᠥᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠪᠣᠯᠣᠨ ᠪᠥᠬᠦ ᠪᠥᠮᠪᠥᠷᠴᠡᠭ ᠤᠨ ᠠᠮᠤᠷ | ᠲᠦᠪᠰᠢᠨ ᠤ ᠰᠠᠨᠠᠭᠠᠴᠢᠯᠠᠭ᠎ᠠ ᠶᠢ ᠳᠡᠮᠵᠢᠬᠦ ᠪᠥᠭᠡᠳ ᠣᠷᠣᠯᠴᠠᠵᠤ᠂ ᠳᠤᠮᠳᠠᠳᠤ ᠤᠯᠤᠰ ᠲᠠᠢ ᠭᠠᠷ ᠬᠤᠯᠪᠣᠨ ᠳᠤᠮᠳᠠᠳᠤ | ᠯᠠᠲ᠋ᠢᠨ ᠠᠮᠧᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ ᠪᠠᠶᠢᠨ᠎ᠠ ᠭᠡᠵᠦ ᠴᠢᠬᠤᠯᠠᠴᠢᠯᠠᠪᠠ᠃ | | | | | 1 ᠰᠠᠷ᠎ᠠ ᠶᠢᠨ 24 ᠤ ᠡᠳᠦᠷ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ | ᠴᠣᠭᠴᠠ ᠶᠢᠨ ᠳᠣᠯᠣᠳᠤᠭᠠᠷ ᠬᠤᠭᠤᠴᠠᠭᠠᠨ ᠤ ᠲᠦᠷᠦᠭᠦᠴᠦᠳ ᠤᠨ ᠬᠤᠷᠠᠯ ᠠᠷᠭᠧᠨ᠋ᠲ᠋ᠢᠨ ᠤ ᠨᠡᠶᠢᠰᠯᠡᠯ ᠪᠦᠶᠧᠨᠣᠰ | ᠠᠶᠢᠷᠧᠰ ᠲᠤ ᠶᠠᠪᠤᠭᠳᠠᠪᠠ᠃ ᠯᠠᠲ᠋ᠢᠨ ᠠᠮᠧᠷᠢᠺᠠ ᠶᠢᠨ ᠬᠠᠮᠲᠤ ᠶᠢᠨ ᠴᠣᠭᠴᠠ ᠶᠢᠨ ᠵᠢᠵᠢᠭᠦᠷ ᠲᠡᠷᠢᠭᠦᠯᠡᠭᠴᠢ ᠤᠯᠤᠰ | ᠠᠷᠭᠧᠨ᠋ᠲ᠋ᠢᠨ ᠤ ᠶᠡᠷᠦᠩᠬᠡᠶᠢᠯᠡᠭᠴᠢ ᠹᠧᠷᠨᠠᠨᠳᠧᠰ ᠤᠨ ᠤᠷᠢᠯᠭ᠎ᠠ ᠪᠠᠷ᠂ ᠤᠯᠤᠰ ᠤᠨ ᠲᠡᠷᠢᠭᠦᠯᠡᠭᠴᠢ ᠰᠢ ᠶᠢᠨ ᠫᠢᠩ | ᠲᠦᠷᠦᠭᠦᠴᠦᠳ ᠤᠨ ᠬᠤᠷᠠᠯ ᠳᠤ ᠸᠢᠳᠢᠣ᠋ ᠪᠠᠷ ᠪᠠᠶᠠᠷ ᠤᠨ ᠦᠭᠡ ᠬᠡᠯᠡᠪᠡ᠃ | ᠰᠢ ᠶᠢᠨ ᠫᠢᠩ᠂ ᠣᠳᠣᠬᠠᠨ ᠳᠤ ᠳᠡᠯᠡᠬᠡᠢ ᠳ᠋ᠠᠬᠢᠨ ᠰᠢᠨ᠎ᠡ ᠤᠷᠪᠠᠭᠠᠨ ᠬᠥᠷᠪᠡᠭᠡᠨ ᠲᠠᠢ ᠬᠤᠪᠢᠰᠤᠯᠲᠠ ᠶᠢᠨ | ᠬᠤᠭᠤᠴᠠᠭᠠᠨ ᠳᠤ ᠣᠷᠣᠪᠠ᠂ ᠭᠠᠭᠴᠠ ᠬᠦ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠪᠠᠯ ᠰᠠᠶ᠋ᠢ | ᠥᠷᠢᠰᠦᠯᠳᠦᠭᠡᠨ ᠢ ᠬᠠᠮᠲᠤ ᠪᠠᠷ ᠤᠭᠲᠤᠵᠤ᠂ ᠴᠠᠭ ᠤᠨ ᠪᠡᠷᠬᠡ ᠶᠢ ᠬᠠᠮᠲᠤ ᠪᠠᠷ ᠲᠤᠭᠤᠯᠵᠤ ᠴᠢᠳᠠᠨ᠎ᠠ᠃ ᠳᠤᠮᠳᠠᠳᠤ | ᠤᠯᠤᠰ ᠳᠤᠷᠠᠲᠠᠶ᠎ᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠲᠠᠢ ᠦᠷᠭᠦᠯᠵᠢᠯᠡᠨ ᠰᠠᠬᠢᠨ ᠪᠠᠷᠠᠯᠠᠵᠤ | ᠬᠠᠷᠢᠯᠴᠠᠨ ᠬᠠᠪᠰᠤᠷᠤᠯᠴᠠᠵᠤ᠂ ᠭᠠᠷ ᠬᠤᠯᠪᠣᠨ ᠬᠠᠮᠲᠤ ᠪᠠᠷ ᠤᠷᠤᠭᠰᠢᠯᠠᠵᠤ᠂ ᠡᠩᠬᠡ ᠲᠠᠶᠢᠪᠤᠩ᠂ ᠬᠥᠭᠵᠢᠯᠲᠡ᠂ ᠲᠥᠪ | ᠭᠤᠣᠯᠴᠢ᠂ ᠰᠢᠳᠤᠷᠭᠤ ᠶᠣᠰᠣ᠂ ᠠᠷᠠᠳᠴᠢᠯᠠᠯ᠂ ᠡᠷᠬᠡ ᠴᠢᠯᠦᠭᠡ ᠪᠦᠬᠦᠢ ᠪᠥᠬᠦ ᠬᠥᠮᠥᠨ ᠲᠥᠷᠥᠯᠬᠢᠲᠡᠨ ᠤ ᠬᠠᠮᠲᠤ ᠶᠢᠨ | ᠥᠷᠲᠡᠭ ᠢ ᠪᠠᠳᠠᠷᠠᠭᠤᠯᠵᠤ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠶᠢ ᠠᠬᠢᠭᠤᠯᠵᠤ᠂ ᠬᠥᠮᠥᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠨᠡᠩ ᠰᠠᠶᠢᠨ | ᠰᠠᠶᠢᠬᠠᠨ ᠢᠷᠡᠭᠡᠳᠦᠢ ᠶᠢ ᠬᠠᠮᠲᠤ ᠪᠠᠷ ᠴᠣᠭᠴᠠᠯᠠᠨ᠎ᠠ ᠭᠡᠵᠦ ᠴᠢᠬᠤᠯᠠᠴᠢᠯᠠᠪᠠ᠃ | | |