ᠴᠠᠩ ᠴᠢᠩ ᠪᠢᠲᠡᠭᠦᠨ ᠤ ᠡᠳᠦᠷ ᠨᠢᠭᠡᠳᠦᠭᠡᠷ ᠹᠷᠤᠨᠲ ᠤᠨ ᠠᠵᠢᠯᠲᠠᠳ ᠢ ᠪᠣᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2023/1/29
       1 ᠰᠠᠷ᠎ᠠ ᠶᠢᠨ 21 ᠤ ᠡᠳᠦᠷ᠂ ᠳᠠᠷᠤᠢ ᠪᠢᠲᠡᠭᠦᠨ ᠤ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠴᠠᠩ ᠴᠢᠩ ᠨᠢᠭᠡᠳᠦᠭᠡᠷ ᠹᠷᠤᠨᠲ ᠲᠤ ᠭᠦᠨᠵᠡᠭᠡᠶᠢᠷᠡᠨ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠪᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯᠲᠠᠳ ᠢ ᠪᠣᠯᠭᠤᠭᠠᠨ ᠲᠣᠬᠤᠨᠢᠭᠤᠯᠵᠤ᠂ ᠲᠡᠳᠡᠨᠠᠷ ᠤᠨ ᠠᠷᠠᠳ ᠣᠯᠠᠨ ᠤ ᠠᠮᠤᠷ ᠲᠣᠭᠲᠠᠭᠤᠨ ᠢ ᠪᠠᠲᠤᠯᠠᠬᠤ ᠳᠤ ᠭᠠᠷᠭᠠᠭᠰᠠᠨ ᠰᠢᠷᠭᠠᠭᠤ ᠬᠦᠳᠡᠯᠮᠦᠷᠢ ᠳᠤ ᠲᠠᠯᠠᠷᠬᠠᠵᠤ᠂ ᠪᠠᠶᠠᠷ ᠤᠨ ᠡᠳᠦᠷ ᠤᠨ ᠬᠤᠭᠤᠴᠠᠭᠠᠨ ᠳᠤ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠺᠠᠳ᠋ᠷ ᠠᠵᠢᠯᠲᠠᠳ ᠲᠤ ᠰᠢᠨ᠎ᠡ ᠵᠢᠯ ᠤᠨ ᠮᠡᠨᠳᠦᠴᠢᠯᠡᠯ ᠳᠡᠪᠰᠢᠭᠦᠯᠪᠡ᠃
       ᠴᠠᠩ ᠴᠢᠩ᠂ ᠬᠢᠵᠢᠭ ᠤᠨ ᠪᠠᠶᠢᠳᠠᠯ ᠡᠭᠦᠰᠦᠭᠰᠡᠨ ᠭᠤᠷᠪᠠᠨ ᠵᠢᠯ ᠤᠨ ᠲᠤᠷᠰᠢ᠂ ᠪᠦᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠨᠠᠷ ᠭᠤᠣᠯ ᠠᠵᠢᠯ ᠤᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠨ᠂ ᠦᠷᠬᠦᠯᠵᠢᠯᠡᠨ ᠠᠮᠵᠢᠯᠲᠠ ᠪᠦᠲᠦᠮᠵᠢ ᠶᠢ ᠬᠦᠰᠡᠬᠦ ᠶᠢᠨ ᠬᠠᠮᠲᠤ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠥᠩᠭᠡᠷᠡᠭᠰᠡᠨ ᠲᠠᠢ ᠪᠠᠨ ᠠᠳᠠᠯᠢ ᠪᠠᠷ ᠳᠣᠲᠣᠭᠠᠳᠤ ᠶᠢ ᠬᠠᠮᠠᠭᠠᠯᠠᠬᠤ ᠠᠵᠢᠯ ᠢ ᠴᠢᠬᠤᠯᠠᠴᠢᠯᠠᠨ ᠳᠡᠮᠵᠢᠵᠦ᠂ ᠦᠷᠭᠡᠨ ᠣᠯᠠᠨ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠶᠢ ᠬᠠᠯᠠᠮᠵᠢᠯᠠᠨ᠂ ᠶᠡᠷᠦᠩᠬᠡᠶᠢᠯᠡᠭᠰᠡᠨ ᠦᠢᠯᠡᠴᠢᠯᠡᠭᠡᠨ ᠤ ᠪᠠᠲᠤᠯᠠᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠶᠢ ᠤᠯᠤᠰ ᠲᠦᠷᠥ ᠶᠢᠨ ᠲᠠᠯ᠎ᠠ ᠪᠠᠷ ᠬᠠᠯᠠᠮᠵᠢᠯᠠᠬᠤ ᠠᠵᠢᠯ ᠤᠨ ᠲᠠᠯ᠎ᠠ ᠪᠠᠷ ᠬᠠᠯᠠᠮᠵᠢᠯᠠᠬᠤ᠂ ᠠᠮᠢᠳᠤᠷᠠᠯ ᠤᠨ ᠲᠠᠯ᠎ᠠ ᠪᠠᠷ ᠬᠠᠯᠠᠮᠵᠢᠯᠠᠵᠤ ᠬᠠᠷᠠᠭᠠᠯᠵᠠᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃        ᠴᠠᠩ ᠴᠢᠩ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯᠲᠠᠳ ᠢ ᠪᠣᠯᠭᠤᠭᠠᠨ ᠲᠣᠬᠤᠨᠢᠭᠤᠯᠬᠤ ᠦᠶ᠎ᠡ ᠳᠤ᠂ ᠲᠠᠨᠠᠷ ᠪᠣᠯ ᠬᠤᠲᠠ ᠪᠠᠯᠭᠠᠰᠤ ᠶᠢᠨ ᠣᠷᠴᠢᠨ ᠲᠣᠭᠤᠷᠢᠨ ᠤ ᠭᠤᠸᠠᠵᠢᠭᠤᠯᠤᠭᠴᠢ ᠮᠦᠨ᠃ ᠵᠢᠯ ᠴᠠᠭᠠᠨ ᠰᠠᠷ᠎ᠠ ᠪᠣᠯᠬᠤ ᠪᠦᠷᠢ ᠲᠠᠨᠠᠷ ᠬᠠᠮᠤᠭ ᠤᠨ ᠵᠦᠳᠡᠷᠡᠯᠲᠡᠢ ᠪᠠᠶᠢᠵᠤ᠂ ᠣᠯᠠᠨ ᠢᠶᠠᠷ ᠢᠶᠠᠨ ᠬᠦᠴᠢᠷ ᠠᠴᠠ ᠠᠶᠤᠬᠤ ᠦᠭᠡᠢ᠂ ᠪᠤᠵᠠᠷ ᠪᠤᠷᠲᠠᠭ ᠠᠴᠠ ᠠᠶᠤᠬᠤ ᠦᠭᠡᠢ ᠪᠠᠶᠢᠵᠤ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠠᠷᠢᠭᠤᠨ ᠴᠡᠪᠡᠷ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠶᠢᠨ ᠬᠠᠮᠲᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯᠲᠠᠳ ᠤᠨ ᠠᠮᠤᠷ ᠲᠦᠪᠰᠢᠨ ᠢ ᠠᠩᠬᠠᠷᠴᠤ᠂ ᠲᠡᠳᠡᠨ ᠳᠤ ᠠᠮᠢᠳᠤᠷᠠᠯ ᠤᠨ ᠦᠢᠯᠡᠴᠢᠯᠡᠭᠡᠨ ᠤ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠠᠬᠢᠪᠠ᠃                               ᠰᠤᠷᠪᠤᠯᠵᠢᠯᠠᠭᠴᠢ᠄ ᠰᠣᠯᠣᠩᠭᠤᠸ᠎ᠠ  ᠸᠠᠩ ᠢᠦᠢ  ᠢᠦᠢ ᠭᠤᠸᠠᠩ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号