ᠴᠠᠩ ᠴᠢᠩ ᠴᠠᠭᠠᠨ ᠰᠠᠷ᠎ᠠ ᠶᠢᠨ ᠰᠢᠨ᠎ᠡ ᠶᠢᠨ ᠨᠢᠭᠡᠨ ᠳᠤ ᠮᠠᠯᠴᠢᠨ ᠲᠦᠮᠡᠨ ᠢ ᠡᠷᠭᠢᠨ ᠦᠵᠡᠵᠦ ᠪᠣᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2023/1/29
       1 ᠰᠠᠷ᠎ᠠ ᠶᠢᠨ 22 ᠤᠨ ᠡᠳᠦᠷ᠂ ᠴᠠᠭᠠᠨ ᠰᠠᠷ᠎ᠠ ᠶᠢᠨ ᠰᠢᠨ᠎ᠡ ᠶᠢᠨ ᠨᠢᠭᠡᠨ ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠴᠠᠩ ᠴᠢᠩ ᠠᠷᠤᠬᠠᠰᠢᠶᠠᠲᠤ ᠪᠠᠯᠭᠠᠰᠤᠨ ᠳᠤ ᠭᠦᠨᠵᠡᠭᠡᠶᠢᠷᠡᠨ᠂ ᠮᠠᠯᠴᠢᠨ ᠲᠦᠮᠡᠨ ᠢ ᠡᠷᠭᠢᠨ ᠦᠵᠡᠵᠦ᠂ ᠴᠠᠭᠠᠨ ᠰᠠᠷ᠎ᠠ ᠶᠢᠨ ᠮᠡᠨᠳᠦ ᠳᠡᠪᠰᠢᠭᠦᠯᠦᠨ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠢᠨ᠎ᠡ ᠨᠢᠭᠡᠨ ᠵᠢᠯ ᠳᠡᠭᠡᠨ ᠵᠣᠯ ᠵᠢᠷᠭᠠᠯ ᠲᠠᠢ ᠠᠮᠤᠷ ᠠᠮᠤᠭᠤᠯᠠᠩ ᠪᠠᠶᠢᠬᠤ ᠶᠢ ᠬᠦᠰᠡᠨ ᠵᠥᠩᠨᠡᠪᠡ᠃        ᠠᠷᠤᠬᠠᠰᠢᠶᠠᠲᠤ ᠪᠠᠯᠭᠠᠰᠤ ᠶᠢᠨ ᠪᠦᠯᠬᠦᠮᠳᠡᠯ ᠭᠠᠴᠠᠭᠠᠨ ᠤ ᠮᠠᠯᠴᠢᠨ ᠴᠦᠨ ᠭᠤᠸᠠᠩ᠂ ᠪᠦᠷᠢᠨᠲᠡᠭᠦᠰ ᠤᠨ ᠭᠡᠷ ᠲᠤ ᠴᠠᠩ ᠴᠢᠩ᠄ ︽ᠪᠢ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠦᠯᠦᠭᠡᠯᠡᠨ ᠲᠠ ᠪᠦᠬᠦᠨ ᠤ ᠰᠠᠷ᠎ᠠ ᠰᠢᠨ᠎ᠡ ᠳᠡᠭᠡᠨ ᠪᠠᠶᠠᠷ ᠬᠦᠷ ᠲᠠᠢ᠂ ᠭᠡᠷ ᠬᠤᠲᠠᠯᠠᠭᠠᠷ ᠢᠶᠠᠨ ᠵᠣᠯ ᠵᠢᠷᠭᠠᠯ ᠲᠠᠢ᠂ ᠠᠵᠤ ᠠᠮᠢᠳᠤᠷᠠᠯ ᠦᠭᠡᠳᠡ ᠡᠰᠡᠷᠡᠭ ᠪᠠᠶᠢᠬᠤ ᠶᠢ ᠬᠦᠰᠡᠨ ᠵᠥᠩᠨᠡᠵᠦ ᠪᠠᠶᠢᠨ᠎ᠠ︾ ᠭᠡᠵᠦ ᠳᠣᠲᠣᠨᠤ ᠮᠡᠨᠳᠦᠴᠢᠯᠡᠯ ᠬᠦᠷᠭᠡᠬᠦ ᠶᠢᠨ ᠬᠠᠮᠲᠤ᠂ ᠮᠠᠯᠴᠢᠨ ᠲᠦᠮᠡᠨ ᠤ ᠦᠢᠯᠡᠳᠪᠦᠷᠢᠯᠡᠯ ᠠᠮᠢᠳᠤᠷᠠᠯ᠂ ᠮᠠᠯ ᠠᠵᠤ ᠠᠬᠤᠢ ᠶᠢᠨ ᠬᠦᠭᠵᠢᠯᠲᠡ ᠶᠢᠨ ᠪᠠᠶᠢᠳᠠᠯ ᠢ ᠠᠰᠠᠭᠤᠨ ᠯᠠᠪᠯᠠᠵᠤ᠂ ᠲᠡᠳᠡᠨ ᠤ ᠰᠢᠨ᠎ᠡ ᠵᠢᠯ ᠤᠨ ᠲᠦᠰᠦᠪ ᠲᠦᠯᠦᠪᠯᠡᠭᠡ ᠶᠢ ᠠᠰᠠᠭᠤᠨ ᠣᠶᠢᠯᠠᠭᠠᠭᠰᠠᠨ ᠪᠠᠶᠢᠨ᠎ᠠ᠃        ᠴᠠᠩ ᠴᠢᠩ᠂ ᠥᠩᠭᠡᠷᠡᠭᠰᠡᠨ ᠨᠢᠭᠡ ᠵᠢᠯ ᠪᠣᠯ ᠶᠡᠷᠦ ᠪᠣᠰᠤ ᠶᠢᠨ ᠪᠦᠭᠡᠳ ᠬᠢᠯᠪᠠᠷ ᠪᠣᠰᠤ ᠨᠢᠭᠡ ᠵᠢᠯ ᠮᠦᠨ᠂ ᠪᠦᠬᠦ ᠬᠤᠰᠢᠭᠤ ᠪᠠᠷ ᠢᠶᠠᠨ ᠬᠠᠮᠲᠤᠪᠠᠷ ᠴᠢᠷᠮᠠᠶᠢᠨ᠂ ᠡᠯ᠎ᠡ ᠵᠦᠢᠯ ᠤᠨ ᠬᠦᠴᠢᠷ ᠪᠡᠷᠬᠡᠰᠢᠶᠡᠯ ᠪᠠ ᠦᠷᠢᠰᠦᠯᠳᠦᠭᠡᠨ ᠢ ᠢᠯᠠᠨ ᠳᠠᠪᠠᠵᠤ᠂ ᠰᠢᠨ᠎ᠡ ᠠᠮᠵᠢᠯᠲᠠ ᠣᠯᠣᠭᠰᠠᠨ ᠶᠤᠮ᠃ ᠰᠢᠨ᠎ᠡ ᠨᠢᠭᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠪᠣᠯᠣᠨ᠎ᠠ᠃ ᠨᠡᠩ ᠴᠤ ᠮᠠᠯᠴᠢᠨ ᠲᠦᠮᠡᠨ ᠢ ᠬᠠᠯᠠᠮᠵᠢᠯᠠᠨ ᠠᠩᠬᠠᠷᠴᠤ᠂ ᠮᠠᠯ ᠠᠵᠤ ᠠᠬᠤᠢ ᠶᠢᠨ ᠮᠡᠷᠭᠡᠵᠢᠯ ᠤᠨ ᠵᠢᠯᠣᠭᠤᠳᠣᠯᠭ᠎ᠠ ᠶᠢ ᠴᠢᠩᠭᠠᠳᠬᠠᠨ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ᠂ ᠬᠦᠳᠡᠭᠡ ᠲᠣᠰᠬᠤᠨ ᠢ ᠬᠦᠭᠵᠢᠭᠦᠯᠦᠨ ᠮᠠᠨᠳᠤᠭᠤᠯᠬᠤ ᠵᠡᠷᠭᠡ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠮᠠᠨ ᠤ ᠬᠤᠰᠢᠭᠤᠨ ᠤ ᠮᠠᠯ ᠠᠵᠤ ᠠᠬᠤᠢ ᠶᠢᠨ ᠬᠦᠭᠵᠢᠯᠲᠡ ᠪᠠ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠨᠡᠩ ᠣᠯᠠᠨ ᠰᠢᠨ᠎ᠡ ᠵᠠᠮ ᠢ ᠬᠠᠶᠢᠨ ᠰᠦᠪᠡᠭᠴᠢᠯᠡᠵᠦ᠂ ᠮᠠᠯᠴᠢᠳ ᠢ ᠳᠠᠭᠠᠭᠤᠯᠤᠨ ᠦᠢᠯᠡᠳᠪᠦᠷᠢᠯᠡᠯ ᠠᠮᠢᠳᠤᠷᠠᠯ ᠤᠨ ᠨᠦᠬᠦᠴᠡᠯ ᠢ ᠰᠠᠶᠢᠵᠢᠷᠠᠭᠤᠯᠤᠨ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷᠯᠢᠭ ᠬᠦᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠭᠡᠵᠡᠢ᠃                               ᠰᠤᠷᠪᠤᠯᠵᠢᠯᠠᠭᠴᠢ᠄ ᠰᠣᠯᠣᠩᠭᠤᠸ᠎ᠠ  ᠸᠠᠩ ᠢᠦᠢ  ᠢᠦᠢ ᠭᠤᠸᠠᠩ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号