ᠠᠯᠳ᠋ᠬᠠᠮᠡᠭᠡᠯ ᠪᠠᠯᠭᠠᠰᠤ ᠶᠢᠨ ᠪᠠᠷᠠᠭᠤᠨ ᠰᠦᠮ᠎ᠡ ᠭᠠᠴᠠᠭ᠎ᠠ ᠲᠣᠮᠢᠯᠠᠨ ᠰᠠᠭᠤᠭ᠎ᠠ ᠨᠢᠭᠡᠳᠦᠭᠡᠷ ᠱᠦᠵᠢ ᠶᠢᠨ ᠲᠣᠮᠢᠯᠠᠭᠰᠠᠨ ᠪᠠᠶᠢᠭᠤᠯᠭ᠎ᠠ ᠪᠣᠯᠬᠤ ᠬᠤᠲᠠ ᠶᠢᠨ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠳᠤ ᠬᠡᠮᠡᠷᠯᠢᠭ ᠲᠤᠭ ᠬᠦᠷᠭᠡᠪᠡ
ᠨᠡᠶᠢᠲᠡᠯᠡᠭᠰᠡᠨ ᠴᠠᠭ᠄
2023/1/30
       ᠣᠶᠢᠷ᠎ᠠ ᠳᠤ᠂ ᠠᠯᠳ᠋ᠬᠠᠮᠡᠭᠡᠯ ᠪᠠᠯᠭᠠᠰᠤ ᠶᠢᠨ ᠪᠠᠷᠠᠭᠤᠨ ᠰᠦᠮ᠎ᠡ ᠭᠠᠴᠠᠭᠠᠨ ᠤ ︽ᠬᠤᠶᠠᠷ ᠵᠥᠪᠯᠡᠯ︾ ᠤᠨ ᠭᠡᠰᠢᠭᠦᠳ᠂ ᠭᠠᠴᠠᠭᠠᠨ ᠳᠤ ᠲᠣᠮᠢᠯᠠᠨ ᠰᠠᠭᠤᠭ᠎ᠠ ᠨᠢᠭᠡᠳᠦᠭᠡᠷ ᠱᠦᠵᠢ ᠯᠢ ᠳ᠋ᠦᠩ ᠳ᠋ᠦᠩ ᠤᠨ ᠲᠣᠮᠢᠯᠠᠭᠰᠠᠨ ᠪᠠᠶᠢᠭᠤᠯᠭ᠎ᠠ ᠪᠣᠯᠬᠤ ᠬᠥᠯᠥᠨ ᠪᠤᠶᠢᠷ ᠬᠤᠲᠠ ᠶᠢᠨ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶᠠᠨ ᠳᠤ ᠬᠦᠷᠴᠦ᠂ ︽ᠳᠠᠭᠠᠷᠠᠭᠰᠠᠨ ᠬᠥᠮᠥᠨ ᠳᠤ ᠳᠠᠬᠤ ᠬᠦᠷᠭᠡᠵᠦ᠂ ᠠᠷᠠᠳ ᠲᠦᠮᠡᠨ ᠢ ᠰᠡᠳᠬᠢᠯ ᠳᠡᠭᠡᠨ ᠪᠣᠳᠣᠵᠤ᠂ ᠦᠨᠳᠦᠰᠦᠨ ᠱᠠᠲᠤ ᠶᠢ ᠳᠤᠯᠠᠭᠠᠴᠠᠭᠤᠯᠪᠠ︾ ᠭᠡᠬᠦ ᠬᠡᠮᠡᠷᠯᠢᠭ ᠲᠤᠭ ᠢ ᠡᠮᠨᠡᠯᠭᠡ ᠶᠢᠨ ᠬᠤᠷᠢᠶᠠᠨ ᠤ ᠨᠠᠮ ᠤᠨ ᠬᠤᠷᠢᠶ᠎ᠠ ᠳᠤ ᠬᠦᠷᠭᠡᠵᠦ᠂ ᠬᠤᠳᠠ ᠶᠢᠨ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶᠠᠨ ᠤ ᠲᠣᠮᠢᠯᠠᠨ ᠰᠠᠭᠤᠯᠭᠠᠵᠤ ᠬᠠᠪᠰᠤᠷᠤᠨ ᠲᠡᠳᠬᠦᠭᠰᠡᠨ ᠠᠴᠠ ᠨᠠᠰᠢᠬᠢ ᠬᠠᠪᠰᠤᠷᠤᠯᠭ᠎ᠠ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ᠂ ᠡᠮᠨᠡᠯᠭᠡ ᠶᠢᠨ ᠬᠤᠷᠢᠶᠠᠨ ᠤ ᠨᠠᠮ ᠤᠨ ᠬᠤᠷᠢᠶ᠎ᠠ ᠶᠢᠨ ᠰᠣᠩᠭᠤᠨ ᠲᠣᠮᠢᠯᠠᠭᠰᠠᠨ ᠬᠡᠪ ᠴᠢᠨᠠᠷ ᠢᠶᠠᠷ ᠥᠨᠳᠥᠷ᠂ ᠣᠪᠣᠷ ᠰᠤᠷᠲᠠᠯ ᠢᠶᠠᠷ ᠰᠠᠶᠢᠨ᠂ ᠴᠢᠳᠠᠪᠤᠷᠢ ᠪᠠᠷ ᠴᠢᠩᠭ᠎ᠠ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠯᠢ ᠳ᠋ᠦᠩ ᠳ᠋ᠦᠩ ᠨᠥᠬᠦᠷ ᠢ ᠳᠡᠭᠡᠳᠦ ᠬᠡᠮᠵᠢᠶ᠎ᠡ ᠪᠠᠷ ᠦᠨᠡᠯᠡᠪᠡ᠃
       ᠨᠢᠭᠡ ᠵᠢᠯ ᠤᠨ ᠲᠤᠷᠰᠢ᠂ ᠭᠠᠴᠠᠭᠠᠨ ᠳᠤ ᠰᠠᠭᠤᠭ᠎ᠠ ᠱᠦᠵᠢ ᠯᠢ ᠳ᠋ᠦᠩ ᠳ᠋ᠦᠩ ᠦᠷᠭᠦᠯᠵᠢ ᠭᠠᠴᠠᠭᠠᠨ ᠤ ︽ᠬᠤᠶᠠᠷ ᠵᠥᠪᠯᠡᠯ︾ ᠲᠠᠢ ᠬᠠᠮᠲᠤ ᠡᠷᠦᠬᠡ ᠪᠠᠷ ᠬᠦᠷᠴᠦ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠣᠶᠢᠯᠠᠭᠠᠨ᠂ ︽ᠪᠢ ᠣᠯᠠᠨ ᠲᠦᠮᠡᠨ ᠳᠤ ᠪᠣᠳᠠᠲᠠᠢ ᠠᠵᠢᠯ ᠬᠢᠵᠦ ᠥᠭᠬᠦ︾ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠭᠠᠴᠠᠭᠠᠨ ᠤ ᠬᠠᠮᠲᠤ ᠶᠢᠨ ᠬᠥᠭᠵᠢᠯᠲᠡ ᠳᠤ ᠠᠷᠭ᠎ᠠ ᠤᠬᠠᠭᠠᠨ ᠭᠠᠷᠭᠠᠵᠤ ᠥᠭᠭᠦᠭᠰᠡᠨ ᠶᠤᠮ᠃ ᠡᠨᠡ ᠬᠤᠭᠤᠴᠠᠭᠠᠨ ᠳᠤ᠂ ᠲᠡᠷᠡ ᠪᠠᠰᠠ ᠬᠤᠲᠠ ᠶᠢᠨ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶ᠎ᠠ᠂ ᠷᠠᠰᠢᠶᠠᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠡᠮᠴᠢ ᠰᠤᠪᠢᠯᠠᠭᠴᠢᠳ ᠢ ᠢᠳᠡᠪᠬᠢᠲᠡᠢ ᠵᠣᠬᠢᠴᠠᠭᠤᠯᠵᠤ᠂ ᠭᠠᠴᠠᠭᠠᠨ ᠤ ᠮᠠᠯᠴᠢᠳ ᠲᠤ ᠡᠮᠴᠢᠯᠡᠭᠡ ᠬᠢᠵᠦ᠂ ᠭᠡᠷ ᠲᠤᠨᠢ ᠬᠦᠷᠴᠦ ᠡᠮᠨᠡᠨ ᠵᠠᠰᠠᠵᠤ᠂ ᠪᠠᠶᠢᠴᠠᠭᠠᠨ ᠰᠤᠳᠤᠯᠵᠤ ᠬᠠᠪᠰᠤᠷᠤᠨ ᠲᠡᠳᠬᠦᠬᠦ ᠠᠵᠢᠯᠯᠠᠭ᠎ᠠ ᠥᠷᠨᠢᠭᠦᠯᠵᠦ᠂ ᠮᠠᠯᠴᠢᠳ ᠤᠨ ᠪᠠᠴᠢᠮ᠂ ᠬᠦᠴᠢᠷ ᠵᠡᠷᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃
       ᠬᠠᠮᠢᠶ᠎ᠠ ᠪᠦᠬᠦᠢ ᠬᠠᠷᠢᠭᠤᠴᠠᠯᠭᠠᠲᠠᠨ ᠤ ᠪᠠᠷ᠎ᠠ ᠪᠤᠯᠤᠯᠭ᠎ᠠ ᠪᠠᠷ᠂ ᠭᠠᠴᠠᠭᠠᠨ ᠤ ︽ᠬᠤᠶᠠᠷ ᠵᠥᠪᠯᠡᠯ︾ ᠤᠨ ᠬᠢᠨ ᠪᠠᠰᠠ ᠡᠮᠨᠡᠯᠭᠡ ᠶᠢᠨ ᠬᠤᠷᠢᠶᠠᠨ ᠤ ᠬᠢᠲᠠᠳ ᠮᠣᠩᠭᠤᠯ ᠡᠮ ᠨᠠᠶᠢᠷᠠᠭᠤᠯᠬᠤ ᠲᠠᠰᠤᠭ ᠢ ᠲᠣᠭᠤᠷᠢᠨ ᠦᠵᠡᠪᠡ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号