ᠣᠳᠣᠬᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠢ ᠦᠷᠭᠦᠯᠵᠢᠯᠡᠨ ᠪᠣᠳᠠᠲᠠᠢ ᠪᠠᠷ | ᠠᠳᠬᠤᠵᠤ ᠵᠢᠯ ᠤᠨ ᠡᠬᠢᠨ ᠳᠤ ᠠᠵᠤ ᠠᠬᠤᠢ ᠶᠢᠨ ᠠᠵᠢᠯᠯᠠᠭᠠᠨ ᠤ ᠲᠣᠭᠲᠠᠭᠤᠨ ᠢᠶᠠᠷ ᠳᠡᠭᠡᠭᠰᠢᠯᠡᠬᠦ ᠶᠢ ᠠᠬᠢᠭᠤᠯᠬᠤ | ᠬᠡᠷᠡᠭᠲᠡᠢ ᠭᠡᠵᠦ ᠱᠠᠭᠠᠷᠳᠠᠪᠠ | ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠰᠠᠶᠢᠲᠤᠷ ᠬᠢᠵᠦ ᠠᠮᠤ ᠪᠤᠳᠠᠭᠠᠨ ᠤ ᠡᠯᠪᠡᠭ | ᠬᠤᠷᠢᠶᠠᠯᠲᠠ ᠣᠯᠬᠤ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠢ ᠲᠣᠭᠲᠠᠭᠤᠨ ᠢᠶᠠᠷ ᠬᠠᠩᠭᠠᠬᠤ ᠳᠤ ᠪᠠᠲᠤ | ᠰᠠᠭᠤᠷᠢ ᠲᠠᠯᠪᠢᠬᠤ ᠲᠤᠬᠠᠢ ᠪᠠᠶᠢᠷᠢᠯᠠᠭᠤᠯᠤᠯᠲᠠ ᠬᠢᠪᠡ | ᠬᠡᠷᠡᠭᠯᠡᠭᠡ ᠶᠢ ᠠᠬᠢᠭᠤᠯᠤᠨ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢᠨ ᠲᠦᠷᠭᠡᠨ ᠰᠡᠷᠭᠦᠭᠡᠯᠲᠡ ᠪᠠ | ᠲᠣᠭᠲᠠᠭᠤᠨ ᠢ ᠪᠠᠲᠤᠯᠠᠵᠤ ᠠᠵᠤ ᠠᠬᠤᠢ ᠳᠤ ᠦᠵᠡᠭᠦᠯᠬᠦ ᠲᠠᠲᠠᠬᠤ ᠬᠦᠴᠦᠨ ᠢ ᠴᠢᠩᠭᠠᠷᠠᠭᠤᠯᠬᠤ ᠬᠡᠷᠡᠭᠲᠡᠢ ᠭᠡᠵᠦ | ᠱᠠᠭᠠᠷᠳᠠᠪᠠ | | | ᠰᠢᠨᠬᠤᠸᠠ ᠬᠤᠷᠢᠶᠠᠨ ᠤ ᠪᠡᠭᠡᠵᠢᠩ ᠤᠨ 1 ᠳ᠋ᠦ᠋ᠭᠡᠷ ᠰᠠᠷ᠎ᠠ ᠶᠢᠨ 28 ᠤ ᠴᠠᠬᠢᠯᠭᠠᠨ ᠮᠡᠳᠡᠭᠡ ᠲᠦᠷᠦ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 1 ᠳ᠋ᠦ᠋ᠭᠡᠷ ᠰᠠᠷ᠎ᠠ ᠶᠢᠨ 28 ᠤ ᠡᠳᠦᠷ ᠲᠦᠷᠦ ᠶᠢᠨ | ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠣᠳᠣᠬᠠᠨ ᠤ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠠᠵᠢᠯ ᠢ ᠦᠷᠭᠦᠯᠵᠢᠯᠡᠨ ᠪᠣᠳᠠᠲᠠᠢ ᠪᠠᠷ ᠠᠳᠬᠤᠵᠤ᠂ ᠵᠢᠯ ᠤᠨ ᠡᠬᠢᠨ ᠳᠤ ᠠᠵᠤ | ᠠᠬᠤᠢ ᠶᠢᠨ ᠠᠵᠢᠯᠯᠠᠭᠠᠨ ᠤ ᠲᠣᠭᠲᠠᠭᠤᠨ ᠢᠶᠠᠷ ᠳᠡᠭᠡᠭᠰᠢᠯᠡᠬᠦ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ︔ | ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠰᠠᠶᠢᠲᠤᠷ ᠬᠢᠵᠦ᠂ ᠠᠮᠤ ᠪᠤᠳᠠᠭᠠᠨ ᠤ ᠡᠯᠪᠡᠭ ᠬᠤᠷᠢᠶᠠᠯᠲᠠ ᠣᠯᠬᠤ | ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠲᠣᠭᠲᠠᠭᠤᠨ ᠢᠶᠠᠷ ᠬᠠᠩᠭᠠᠬᠤ ᠳᠤ ᠪᠠᠲᠤ ᠰᠠᠭᠤᠷᠢ ᠲᠠᠯᠪᠢᠬᠤ | ᠲᠤᠬᠠᠢ ᠪᠠᠶᠢᠷᠢᠯᠠᠭᠤᠯᠤᠯᠲᠠ ᠬᠢᠪᠡ︔ ᠬᠡᠷᠡᠭᠯᠡᠭᠡ ᠶᠢ ᠠᠬᠢᠭᠤᠯᠤᠨ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢᠨ | ᠲᠦᠷᠭᠡᠨ ᠰᠡᠷᠭᠦᠭᠡᠯᠲᠡ ᠪᠠ ᠲᠣᠭᠲᠠᠭᠤᠨ ᠢ ᠪᠠᠲᠤᠯᠠᠵᠤ᠂ ᠠᠵᠤ ᠠᠬᠤᠢ ᠳᠤ ᠦᠵᠡᠭᠦᠯᠬᠦ ᠲᠠᠲᠠᠬᠤ ᠬᠦᠴᠦᠨ ᠢ | ᠴᠢᠩᠭᠠᠷᠠᠭᠤᠯᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ᠂ ᠣᠳᠣᠬᠠᠨ ᠳᠤ ᠠᠵᠤ ᠠᠬᠤᠢ ᠦᠷᠭᠦᠯᠵᠢᠯᠡᠨ ᠰᠡᠷᠭᠦᠨ ᠳᠡᠭᠡᠭᠰᠢᠯᠡᠬᠦ ᠬᠠᠨᠳᠤᠰᠢ ᠲᠠᠢ | ᠪᠠᠶᠢᠨ᠎ᠠ᠃ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ | ᠲᠤᠭᠤᠰᠢᠯᠠᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ | ᠨᠠᠶᠢᠳᠠᠪᠤᠷᠢᠵᠢᠭᠤᠯᠤᠨ᠂ ᠨᠡᠮᠡᠭᠳᠡᠯ ᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ | ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ ᠪᠠᠷ ᠬᠦᠴᠦᠯᠡᠨ ᠴᠢᠷᠮᠠᠶᠢᠵᠤ᠂ ᠠᠵᠤ ᠠᠬᠤᠢ ᠶᠢᠨ ᠠᠵᠢᠯᠯᠠᠭᠠᠨ ᠢ ᠵᠦᠢ | ᠵᠣᠬᠢᠰᠲᠠᠢ ᠣᠷᠣᠨ ᠵᠠᠢ ᠳᠤ ᠪᠠᠶᠢᠯᠭᠠᠬᠤ ᠬᠡᠷᠡᠭᠲᠡᠢ᠃ ᠠᠵᠤ ᠠᠬᠤᠢ ᠶᠢ ᠲᠣᠭᠲᠠᠪᠤᠷᠢᠵᠢᠭᠤᠯᠬᠤ ᠠᠯᠢ ᠣᠯᠠᠨ | ᠲᠦᠷᠤ ᠶᠢᠨ ᠪᠣᠳᠣᠯᠭ᠎ᠠ ᠪᠠ ᠦᠷᠭᠦᠯᠵᠢᠯᠡᠬᠦ᠋ᠢᠴᠡ ᠠᠷᠭ᠎ᠠ ᠬᠡᠮᠵᠢᠶ᠎ᠡ ᠶᠢ ᠭᠦᠨᠵᠡᠭᠡᠢ ᠨᠠᠶᠢᠳᠠᠪᠤᠷᠢᠵᠢᠭᠤᠯᠵᠤ᠂ ᠡᠳ᠋ ᠤᠨ | ᠵᠠᠰᠠᠭ᠂ ᠮᠥᠩᠭᠦᠨ ᠭᠦᠢᠯᠭᠡᠭᠡᠨ ᠤ ᠪᠠᠭᠠᠵᠢ ᠪᠠᠷ ᠳᠡᠮᠵᠢᠭᠰᠡᠨ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ᠂ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠶᠢ ᠠᠬᠢᠭᠤᠯᠵᠤ᠂ ᠨᠡᠩ ᠤᠯᠠᠨ ᠪᠣᠳᠠᠲᠤ ᠵᠦᠢᠯ ᠤᠨ | ᠠᠵᠢᠯ ᠤᠨ ᠬᠡᠮᠵᠢᠶ᠎ᠡ ᠶᠢ ᠪᠤᠢ ᠪᠣᠯᠭᠠᠵᠤ᠂ ᠤᠤᠯ ᠤᠨ ᠦᠷᠭᠦᠯᠵᠢᠯᠡᠨ ᠬᠡᠷᠡᠭᠵᠢᠭᠦᠯᠬᠦ ᠪᠠᠷ ᠲᠣᠭᠲᠠᠭᠠᠭᠰᠠᠨ ᠪᠠᠭ᠎ᠠ | ᠬᠡᠪᠴᠢᠶᠡᠨ ᠤ ᠭᠠᠶᠢᠯᠢ ᠲᠤᠰᠢᠶᠠᠭᠴᠢ ᠶᠢᠨ ᠦᠷᠳᠡᠭ ᠨᠡᠮᠡᠭᠳᠡᠯ ᠤᠨ ᠭᠠᠶᠢᠯᠢ ᠶᠢ ᠬᠠᠰᠤᠵᠤ ᠬᠡᠯᠲᠦᠷᠢᠭᠦᠯᠬᠦ᠂ ᠨᠡᠶᠢᠳᠡᠮ | ᠬᠠᠷᠠᠭᠠᠯᠵᠠᠬᠤ ᠵᠢᠵᠢᠭ ᠪᠢᠴᠢᠯ ᠵᠢᠭᠡᠯᠡᠯᠭᠡ ᠵᠡᠷᠭᠡ ᠲᠦᠷᠤ ᠶᠢᠨ ᠪᠣᠳᠣᠯᠭ᠎ᠠ ᠶᠢ ᠰᠠᠶᠢᠲᠤᠷ ᠬᠡᠷᠡᠭᠵᠢᠭᠦᠯᠦᠨ᠎ᠡ᠃ | ︽ᠬᠤᠶᠠᠷ ᠢ ᠥᠴᠥᠬᠡᠨ ᠴᠦ ᠭᠤᠶᠢᠪᠢᠰᠢ ᠦᠭᠡᠢ ᠠᠳᠬᠤᠬᠤ︾ ᠶᠢ ᠪᠠᠷᠢᠮᠲᠠᠯᠠᠵᠤ᠂ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠤᠨ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠵᠠᠬ᠎ᠠ ᠳᠡᠯᠭᠡᠭᠦᠷᠴᠢᠯᠡᠭᠰᠡᠨ ᠬᠠᠤᠯᠢᠵᠢᠭᠰᠠᠨ | ᠳᠡᠯᠡᠬᠡᠶᠢᠴᠢᠯᠡᠭᠰᠡᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠷᠭᠦᠯᠵᠢᠯᠡᠨ ᠪᠣᠢ ᠪᠣᠯᠭᠠᠨ᠎ᠠ᠃ | ᠲᠠᠪᠴᠠᠩ ᠤᠨ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠲᠡᠮᠵᠢᠨ᠎ᠠ᠃ ᠪᠠᠶᠠᠷ ᠤᠨ ᠡᠳᠦᠷ ᠤᠨ | ᠳᠠᠷᠠᠭ᠎ᠠ ᠠᠵᠤ ᠠᠬᠤᠶᠢᠯᠠᠯ ᠤᠨ ᠦᠳᠲᠡᠷ ᠲᠦᠷᠭᠡᠨ ᠢᠶᠠᠷ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ | ᠰᠡᠷᠭᠦᠭᠡᠬᠦ ᠶᠢ ᠠᠬᠢᠭᠤᠯᠵᠤ᠂ ᠬᠥᠯᠥᠰᠦᠨ ᠠᠵᠢᠯᠴᠢᠨ ᠤ ᠠᠵᠢᠯ ᠤᠨ ᠪᠠᠶᠢᠷᠢ ᠳᠤ ᠪᠠᠨ ᠪᠤᠴᠠᠵᠤ ᠠᠵᠢᠯ ᠣᠯᠬᠤ | ᠦᠢᠯᠡᠴᠢᠯᠡᠭᠡ ᠶᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃ ᠳᠡᠭᠡᠳᠦ ᠳᠣᠣᠷᠠᠳᠤ ᠱᠠᠲᠤ ᠪᠠᠷ ᠢᠶᠠᠨ ᠬᠠᠮᠲᠤ ᠪᠠᠷ | ᠴᠢᠷᠮᠠᠶᠢᠵᠤ᠂ ᠠᠵᠤ ᠠᠬᠤᠢ ᠶᠢᠨ ᠠᠵᠢᠯᠯᠠᠭᠠᠨ ᠤ ᠳᠡᠭᠡᠭᠰᠢᠯᠡᠬᠦ ᠬᠠᠨᠳᠤᠰᠢ ᠶᠢ ᠲᠠᠬᠢᠨ ᠪᠠᠬᠢᠵᠢᠭᠦᠯᠦᠨ ᠥᠷᠭᠡᠳᠬᠡᠬᠦ | ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠵᠢᠯ ᠤᠨ ᠠᠵᠢᠯ ᠬᠠᠪᠤᠷ ᠠᠴᠠ ᠡᠬᠢᠯᠡᠳᠡᠭ ᠭᠡᠳᠡᠭᠴᠢᠯᠡᠨ ᠬᠠᠪᠤᠷ ᠤᠨ ᠲᠠᠷᠢᠶᠠᠯᠠᠭ᠎ᠠ ᠶᠢᠨ ᠠᠮᠤ | ᠪᠤᠳᠠᠭᠠᠨ ᠤ ᠤᠨᠠᠯᠲᠠ ᠪᠦᠬᠦ ᠵᠢᠯ ᠤᠨ ᠵᠢᠷᠭᠤᠭᠠᠨ ᠬᠤᠪᠢ ᠣᠷᠴᠢᠮ ᠢ ᠡᠵᠡᠯᠡᠵᠦ᠂ ᠬᠠᠪᠤᠷ ᠤᠨ ᠬᠠᠮᠢᠶᠠᠷᠤᠯᠲᠠ ᠶᠢᠨ | ᠠᠮᠤ ᠪᠤᠳᠠᠭᠠᠨ ᠤ ᠤᠨᠠᠯᠲᠠ ᠭᠤᠣᠯ ᠠᠮᠤ ᠪᠤᠳᠠᠭᠠᠨ ᠤ ᠠᠷᠪᠠᠨ ᠤ ᠳᠥᠷᠪᠡᠨ ᠬᠤᠪᠢ ᠣᠷᠴᠢᠮ ᠢ ᠡᠵᠡᠯᠡᠵᠦ ᠪᠠᠶᠢᠨ᠎ᠠ᠃ | ᠬᠤᠶᠠᠳᠤᠭᠠᠷ ᠰᠠᠷ᠎ᠠ ᠶᠢᠨ ᠡᠬᠢ ᠪᠠᠷ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠪᠦᠬᠦ ᠲᠠᠯ᠎ᠠ ᠪᠠᠷ | ᠪᠠᠶᠢᠷᠢᠯᠠᠭᠤᠯᠤᠯᠲᠠ ᠬᠢᠵᠦ᠂ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠤᠨ᠂ ᠲᠠᠷᠢᠶᠠᠯᠠᠩ ᠤᠨ ᠴᠠᠭ ᠢ | ᠰᠠᠭᠠᠲᠠᠭᠠᠬᠤ ᠦᠭᠡᠢ ᠪᠠᠷ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠰᠠᠶᠢᠲᠤᠷ ᠠᠳᠬᠤᠵᠤ᠂ ᠠᠮᠤ | ᠪᠤᠳᠠᠭᠠᠨ ᠤ ᠲᠣᠭᠲᠠᠭᠤᠨ ᠢᠶᠠᠷ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠬᠦ᠂ ᠪᠠᠷᠠᠭᠠᠨ ᠤ ᠦᠨ᠎ᠡ ᠶᠢᠨ ᠲᠣᠭᠲᠠᠭᠤᠨ | ᠪᠠᠶᠢᠬᠤ ᠶᠢ ᠪᠠᠲᠤᠯᠠᠬᠤ ᠳᠤ ᠰᠠᠭᠤᠷᠢ ᠲᠠᠯᠪᠢᠬᠤ ᠬᠡᠷᠡᠭᠲᠡᠢ᠃ ᠨᠢᠭᠡ ᠳᠤ᠂ ᠪᠤᠭᠤᠳᠠᠢ᠂ ᠰᠢᠯᠢᠮᠳᠡᠭ ᠤᠨ ᠲᠠᠷᠢᠶᠠᠨ ᠤ | ᠬᠠᠪᠤᠷ ᠤᠨ ᠤᠯᠠᠷᠢᠯ ᠤᠨ ᠬᠠᠮᠢᠶᠠᠷᠤᠯᠲᠠ ᠶᠢ ᠰᠠᠶᠢᠲᠤᠷ ᠠᠳᠬᠤᠨ᠎ᠠ᠃ ᠭᠠᠵᠠᠷ ᠣᠷᠣᠨ ᠪᠠ ᠴᠢᠬᠢ ᠮᠣᠳᠣᠨ ᠤ | ᠪᠠᠶᠢᠳᠠᠯ ᠳᠤ ᠨᠢ ᠲᠣᠬᠢᠷᠠᠭᠤᠯᠤᠨ ᠮᠡᠷᠭᠡᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠵᠤ᠂ ᠬᠠᠪᠤᠷ ᠤᠨ ᠭᠠᠩ᠂ | ᠬᠠᠪᠤᠷ ᠤᠨ ᠭᠡᠳᠡᠷᠭᠦ ᠬᠦᠢᠲᠡᠨ᠂ ᠡᠪᠡᠳᠴᠢᠨ ᠬᠤᠷᠣᠬᠠᠢ ᠶᠢᠨ ᠭᠠᠮᠰᠢᠭ ᠵᠡᠷᠭᠡ ᠭᠠᠢ ᠭᠠᠮᠰᠢᠭ ᠢ ᠴᠠᠭ ᠲᠤᠬᠠᠢ ᠳᠤ ᠨᠢ | ᠰᠡᠷᠭᠡᠶᠢᠯᠡᠬᠦ ᠬᠡᠷᠡᠭᠲᠡᠢ᠃ ᠬᠤᠶᠠᠷ ᠲᠤ᠂ ᠡᠯ᠎ᠡ ᠭᠠᠵᠠᠷ ᠤᠨ ᠠᠮᠤ ᠪᠤᠳᠠᠭ᠎ᠠ ᠪᠣᠯᠣᠨ ᠲᠣᠰᠣᠯᠢᠭ ᠲᠠᠷᠢᠮᠠᠯ ᠤᠨ | ᠦᠢᠯᠡᠳᠪᠦᠷᠢᠯᠡᠯ ᠤᠨ ᠬᠠᠷᠠᠯᠲᠠ ᠶᠢ ᠲᠦᠷᠭᠡᠬᠡᠨ ᠲᠣᠳᠣᠷᠬᠠᠶᠢᠯᠠᠵᠤ᠂ ᠬᠠᠪᠤᠷ ᠤᠨ ᠲᠠᠷᠢᠶᠠᠯᠠᠭ᠎ᠠ ᠶᠢᠨ ᠲᠠᠯᠠᠪᠠᠶ ᠶᠢᠨ | ᠨᠠᠶᠢᠳᠠᠪᠤᠷᠢᠵᠢᠭᠤᠯᠤᠯᠲᠠ ᠶᠢ ᠦᠨᠡᠨ ᠬᠦ ᠪᠠᠲᠤᠯᠠᠵᠤ᠂ ᠰᠢᠷ᠎ᠠ ᠪᠤᠷᠴᠠᠭ ᠳᠠᠷᠢᠬᠤ ᠲᠠᠯᠠᠪᠠᠶ ᠶᠢ ᠲᠣᠭᠲᠠᠪᠤᠷᠢᠵᠢᠭᠤᠯᠤᠨ᠎ᠠ᠃ | ᠭᠤᠷᠪᠠ ᠳᠤ᠂ ᠪᠠᠲᠤᠯᠠᠭ᠎ᠠ ᠶᠢᠨ ᠦᠢᠯᠡᠴᠢᠯᠡᠭᠡ ᠶᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠢ ᠣᠷᠣᠨ ᠪᠦᠰᠡ ᠠᠯᠤᠰᠯᠠᠨ ᠲᠣᠬᠢᠷᠠᠭᠤᠯᠤᠨ ᠵᠥᠭᠡᠭᠡᠪᠦᠷᠢᠯᠡᠬᠦ ᠠᠵᠢᠯ ᠢ ᠰᠠᠶᠢᠲᠤᠷ | ᠠᠳᠬᠤᠵᠤ᠂ ᠲᠠᠷᠢᠶᠠᠴᠢᠳ ᠤᠨ ᠦᠷ᠎ᠡ ᠪᠣᠷᠳᠣᠭᠤᠷ ᠪᠡᠯᠡᠳᠬᠡᠬᠦ ᠶᠢ ᠲᠡᠮᠵᠢᠨ᠎ᠠ᠃ ᠲᠠᠷᠢᠶᠠᠯᠠᠩ ᠤᠨ ᠮᠡᠷᠭᠡᠵᠢᠯ ᠤᠨ | ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠪᠣᠯᠪᠠᠰᠤᠷᠠᠯ ᠢ ᠥᠷᠨᠢᠭᠦᠯᠦᠨ᠎ᠡ᠃ ᠲᠠᠷᠢᠶᠠᠯᠠᠩ ᠤᠨ | ᠮᠠᠰᠢᠨ ᠢ ᠪᠠᠶᠢᠴᠠᠭᠠᠨ ᠵᠠᠰᠠᠬᠤ ᠪᠠ ᠣᠷᠣᠨ ᠠᠯᠤᠰᠯᠠᠨ ᠮᠠᠰᠢᠨ ᠢᠶᠠᠷ ᠬᠠᠭᠠᠯᠪᠤᠷᠢᠯᠠᠵᠤ ᠲᠡᠷᠢᠬᠤ ᠠᠵᠢᠯ ᠢ ᠰᠠᠶᠢᠲᠤᠷ | ᠵᠣᠬᠢᠶᠠᠨ ᠪᠠᠶᠢᠭᠤᠯᠵᠤ᠂ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ | ᠪᠠᠳᠠᠷᠠᠭᠤᠯᠤᠨ᠂ ᠵᠢᠵᠢᠭ ᠲᠠᠷᠢᠶᠠᠴᠢᠨ ᠡᠷᠦᠭᠡ ᠶᠢ ᠬᠠᠪᠰᠤᠷᠴᠤ ᠲᠠᠷᠢᠶ᠎ᠠ ᠶᠢ ᠨᠢ ᠰᠠᠶᠢᠲᠤᠷ ᠲᠠᠷᠢᠭᠤᠯᠤᠨ᠎ᠠ᠃ | ᠳᠥᠷᠪᠡ ᠳᠤ᠂ ᠨᠠᠭᠠᠲᠤ ᠵᠠᠬ᠎ᠠ ᠶᠢᠨ ᠬᠤᠳᠠᠯᠳᠤᠨ ᠠᠪᠬᠤ ᠦᠨ᠎ᠡ ᠪᠠ ᠦᠢᠯᠡᠳᠪᠦᠷᠢᠯᠡᠭᠴᠢ ᠳᠤ ᠨᠥᠬᠦᠪᠦᠷᠢ ᠥᠭᠬᠦ | ᠵᠡᠷᠭᠡ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠲᠠᠪᠤ ᠳᠤ᠂ ᠰᠢᠷ᠎ᠠ ᠪᠤᠷᠴᠠᠭ ᠲᠠᠷᠢᠬᠤ ᠶᠢ ᠳᠡᠮᠵᠢᠬᠦ | ᠡᠷᠴᠢᠮ ᠢᠶᠠᠨ ᠴᠢᠩᠭᠠᠷᠠᠭᠤᠯᠵᠤ᠂ ᠪᠤᠭᠤᠳᠠᠢ ᠶᠢᠨ ︽ᠨᠢᠭᠡ ᠶᠢ ᠰᠦᠷᠴᠢᠵᠦ ᠭᠤᠷᠪᠠ ᠶᠢ ᠰᠡᠷᠭᠡᠶᠢᠯᠡᠬᠦ︾ ᠨᠥᠬᠦᠪᠦᠷᠢ ᠶᠢ | ᠨᠡᠶᠢᠳᠡᠮ ᠪᠦᠷᠬᠦᠭᠦᠯᠬᠦ ᠶᠢ ᠦᠷᠭᠦᠯᠵᠢᠯᠡᠨ ᠬᠡᠷᠡᠭᠵᠢᠭᠦᠯᠵᠦ᠂ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ | ᠬᠢᠵᠠᠭᠠᠷᠯᠠᠬᠤ ᠪᠡᠯᠡ ᠮᠥᠩᠭᠦ ᠶᠢ ᠡᠷᠲᠡᠬᠡᠨ ᠪᠠᠭᠤᠯᠭᠠᠵᠤ᠂ ᠡᠮᠦᠨᠡᠲᠦ ᠣᠷᠣᠨ ᠤ ᠡᠷᠲᠡ ᠶᠢᠨ ᠲᠤᠲᠤᠷᠭ᠎ᠠ ᠶᠢᠨ | ᠴᠢᠬᠢ ᠶᠢ ᠲᠥᠪᠯᠡᠷᠡᠭᠦᠯᠦᠨ ᠪᠤᠶᠢᠵᠢᠭᠤᠯᠬᠤ ᠨᠥᠬᠦᠪᠦᠷᠢ ᠶᠢ ᠬᠡᠷᠡᠭᠵᠢᠭᠦᠯᠵᠦ᠂ ᠲᠠᠷᠢᠶᠠᠴᠢᠳ ᠤᠨ ᠢᠳᠡᠪᠬᠢᠵᠢᠯ ᠢ | ᠲᠠᠶᠢᠴᠢᠯᠠᠨ᠂ ᠭᠠᠷᠤᠯᠲᠠ ᠪᠠᠨ ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠬᠤᠷᠠᠯ ᠠᠴᠠ᠂ ᠬᠡᠷᠡᠭᠴᠡᠭᠡ ᠱᠠᠭᠠᠷᠳᠠᠯᠭ᠎ᠠ ᠬᠦᠷᠦᠯᠴᠡᠬᠦ ᠦᠭᠡᠢ ᠪᠠᠶᠢᠭ᠎ᠠ ᠲᠣᠪᠤᠶᠢᠮ᠎ᠠ ᠵᠥᠷᠢᠴᠡᠯ ᠳᠤ | ᠴᠢᠭᠯᠡᠭᠦᠯᠦᠨ᠂ ᠠᠰᠢᠭᠲᠠᠢ ᠪᠠᠶᠢᠳᠠᠯ ᠢ ᠠᠮᠵᠢᠨ ᠬᠡᠷᠡᠭᠯᠡᠭᠡ ᠶᠢ ᠲᠦᠷᠭᠡᠳᠬᠡᠨ ᠰᠡᠷᠭᠦᠭᠡᠬᠦ ᠶᠢ ᠠᠬᠢᠭᠤᠯᠬᠤ ᠪᠠᠷ ᠠᠵᠤ | ᠠᠬᠤᠢ ᠶᠢᠨ ᠭᠤᠣᠯ ᠲᠠᠲᠠᠬᠤ ᠬᠦᠴᠦᠨ ᠪᠣᠯᠭᠠᠵᠤ᠂ ᠭᠠᠳᠠᠭᠠᠳᠤ ᠨᠡᠭᠡᠭᠡᠯᠲᠡ ᠶᠢ ᠡᠷᠡᠰ ᠭᠤᠶᠢᠪᠢᠰᠢ ᠦᠭᠡᠢ | ᠥᠷᠭᠡᠳᠬᠡᠵᠦ᠂ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢᠨ ᠲᠣᠭᠲᠠᠭᠤᠨ ᠪᠠᠶᠢᠬᠤ ᠶᠢ ᠪᠠᠲᠤᠯᠠᠵᠤ ᠶᠠᠰᠤ ᠴᠢᠨᠠᠷ ᠢ | ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ᠃ ᠨᠢᠭᠡ ᠳᠤ᠂ ᠬᠡᠷᠡᠭᠯᠡᠭᠡ ᠶᠢ ᠬᠦᠴᠦᠯᠡᠨ ᠥᠷᠭᠡᠳᠬᠡᠨ᠎ᠡ᠃ ᠠᠮᠢᠳᠤᠷᠠᠯ ᠤᠨ | ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ | ᠬᠦᠴᠢᠷᠳᠡᠯ ᠢ ᠬᠠᠪᠰᠤᠷᠤᠨ ᠰᠢᠢᠳᠪᠦᠷᠢᠯᠡᠬᠦ ᠶᠢ ᠠᠬᠢᠭᠤᠯᠵᠤ᠂ ᠮᠠᠰᠢᠨ ᠲᠡᠷᠭᠡ ᠵᠡᠷᠭᠡ ᠶᠢᠨ ᠶᠡᠭᠡ ᠬᠡᠮᠵᠢᠶᠡᠨ ᠤ | ᠬᠡᠷᠡᠭᠯᠡᠭᠡᠨ ᠤ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠬᠡᠷᠡᠭᠯᠡᠭᠡ ᠶᠢ | ᠠᠬᠢᠭᠤᠯᠬᠤ ᠤᠯᠠᠨ ᠶᠠᠩᠵᠤ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠦᠷᠦᠯᠴᠡᠬᠦ ᠬᠡᠯᠪᠡᠷᠢ ᠶᠢᠨ | ᠬᠡᠷᠡᠭᠯᠡᠭᠡ ᠶᠢ ᠲᠦᠷᠭᠡᠪᠴᠢᠯᠡᠨ ᠰᠡᠷᠭᠦᠭᠡᠬᠦ ᠶᠢ ᠠᠬᠢᠭᠤᠯᠬᠤ ᠬᠡᠷᠡᠭᠲᠡᠢ᠃ ᠬᠡᠷᠡᠭᠯᠡᠭᠡᠨ ᠤ ᠵᠢᠭᠡᠯᠡᠯᠭᠡ ᠶᠢ ᠵᠦᠢ ᠵᠣᠬᠢᠰᠲᠠᠢ | ᠨᠡᠮᠡᠭᠳᠡᠭᠦᠯᠦᠨ᠎ᠡ᠃ ᠬᠤᠲᠠ ᠶᠢᠨ ᠪᠠᠶᠢᠳᠠᠯ ᠳᠤ ᠨᠢ ᠲᠣᠬᠢᠷᠠᠭᠤᠯᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠳᠤ | ᠲᠥᠷᠥ ᠶᠢᠨ ᠪᠣᠳᠣᠯᠭ᠎ᠠ ᠶᠢᠨ ᠪᠠᠭᠠᠵᠢ ᠬᠡᠷᠡᠭᠰᠡᠯ ᠢ ᠰᠠᠶᠢᠲᠤᠷ ᠬᠡᠷᠡᠭᠯᠡᠵᠦ᠂ ᠣᠷᠣᠨ ᠰᠠᠭᠤᠴᠠ ᠶᠢᠨ ᠵᠠᠪᠠᠯ ᠪᠠᠶᠢᠬᠤ ᠪᠠ | ᠰᠠᠶᠢᠵᠢᠷᠠᠭᠤᠯᠬᠤ ᠴᠢᠨᠠᠷᠲᠠᠢ ᠬᠡᠷᠡᠭᠴᠡᠭᠡ ᠶᠢ ᠳᠡᠮᠵᠢᠵᠦ᠂ ᠪᠠᠲᠤᠯᠠᠭ᠎ᠠ ᠲᠠᠢ ᠲᠤᠰᠢᠶᠠᠬᠤ ᠠᠰᠠᠷ ᠤᠨ ᠠᠵᠢᠯ ᠢ ᠰᠠᠶᠢᠲᠤᠷ | ᠬᠢᠨ᠎ᠡ᠃ ᠬᠤᠶᠠᠷ ᠲᠤ᠂ ᠭᠠᠳᠠᠭᠠᠳᠤ ᠨᠡᠭᠡᠭᠡᠯᠲᠡ ᠬᠢᠬᠦ ᠤᠯᠤᠰ ᠤᠨ ᠦᠨᠳᠦᠰᠦᠨ ᠪᠣᠳᠣᠯᠭ᠎ᠠ ᠶᠢ ᠪᠠᠷᠢᠮᠲᠠᠯᠠᠵᠤ᠂ ᠪᠣᠳᠠᠲᠠᠢ | ᠠᠷᠭ᠎ᠠ ᠬᠡᠮᠵᠢᠶ᠎ᠡ ᠶᠢ ᠦᠷᠭᠦᠯᠵᠢᠯᠡᠨ ᠬᠡᠷᠡᠭᠵᠢᠭᠦᠯᠵᠦ᠂ ᠭᠠᠳᠠᠭᠠᠳᠤ ᠠᠷᠠᠯᠵᠢᠶ᠎ᠠ ᠶᠢ ᠴᠢᠷᠮᠠᠶᠢᠨ ᠲᠣᠭᠲᠠᠪᠤᠷᠢᠵᠢᠭᠤᠯᠤᠨ᠎ᠠ᠃ | ᠤᠯᠤᠰ ᠤᠨ ᠳᠣᠲᠣᠭᠠᠳᠤ ᠶᠢᠨ ᠰᠦᠯᠵᠢᠶᠡᠨ ᠠᠴᠠ ᠭᠠᠳᠠᠨᠠᠬᠢ ᠦᠵᠡᠰᠬᠦᠯᠡᠩ ᠢ ᠰᠡᠷᠭᠦᠭᠡᠬᠦ ᠶᠢ ᠠᠬᠢᠭᠤᠯᠵᠤ᠂ ᠠᠵᠤ | ᠠᠬᠤᠶᠢᠯᠠᠯ ᠤᠨ ᠬᠢᠯᠢ ᠠᠴᠠ ᠭᠠᠷᠴᠤ ᠦᠵᠡᠰᠬᠦᠯᠡᠩ ᠳᠤ ᠣᠷᠤᠯᠴᠠᠬᠤ ᠶᠢ ᠳᠡᠮᠵᠢᠨ᠎ᠡ᠃ ᠭᠠᠳᠠᠭᠠᠳᠤ ᠭᠠᠷᠭᠠᠯᠭ᠎ᠠ ᠶᠢᠨ | ᠭᠠᠶᠢᠯᠢ ᠶᠢ ᠪᠤᠴᠠᠭᠠᠬᠤ᠂ ᠢᠲᠡᠭᠡᠮᠵᠢᠲᠦ ᠵᠢᠭᠡᠯᠡᠯᠭᠡ᠂ ᠢᠲᠡᠭᠡᠮᠵᠢ ᠶᠢᠨ ᠪᠠᠲᠤᠯᠠᠭ᠎ᠠ ᠵᠡᠷᠭᠡ ᠶᠢᠨ ᠲᠥᠷᠥ ᠶᠢᠨ | ᠪᠣᠳᠣᠯᠭ᠎ᠠ ᠶᠢ ᠨᠠᠢᠳᠠᠪᠤᠷᠢᠵᠢᠭᠤᠯᠵᠤ᠂ ᠠᠷᠠᠳ ᠤᠨ ᠵᠣᠭᠤᠰᠤᠨ ᠤ ᠭᠤᠪᠢᠭᠤᠯᠭ᠎ᠠ ᠶᠢᠨ ᠨᠣᠷᠮ᠎ᠠ ᠶᠢᠨ | ᠦᠨᠳᠦᠰᠦᠨ ᠳᠤ ᠪᠠᠨ ᠵᠦᠢ ᠵᠣᠬᠢᠰᠲᠠᠢ ᠪᠥᠭᠡᠳ ᠲᠡᠩᠴᠡᠭᠦᠷᠢᠲᠡᠢ ᠲᠦᠪᠰᠢᠨ ᠳᠤ ᠪᠠᠶᠢᠬᠤ ᠶᠢ ᠲᠣᠭᠲᠠᠭᠤᠨ ᠢᠶᠠᠷ | ᠪᠠᠲᠤᠯᠠᠨ᠎ᠠ᠃ ᠠᠵᠤ ᠠᠬᠤᠶᠢᠯᠠᠯ ᠤᠨ ᠣᠷᠣᠨ ᠪᠦᠰᠡ ᠶᠢᠨ ᠪᠦᠬᠦ ᠲᠠᠯ᠎ᠠ ᠶᠢᠨ ᠠᠵᠤ ᠠᠬᠤᠢ ᠶᠢᠨ ᠬᠠᠨᠢᠲᠠᠨ ᠤ | ᠬᠠᠷᠢᠴᠠᠭ᠎ᠠ ᠶᠢᠨ ᠬᠡᠯᠡᠯᠴᠡᠭᠡᠷ ᠢ ᠰᠠᠶᠢᠲᠤᠷ ᠠᠰᠢᠭᠯᠠᠵᠤ ᠪᠠᠶᠢᠭᠠᠳ ᠵᠠᠬ᠎ᠠ ᠳᠡᠯᠭᠡᠭᠦᠷ ᠢ ᠥᠷᠭᠡᠳᠬᠡᠬᠦ ᠶᠢ ᠳᠡᠮᠵᠢᠨ᠎ᠡ᠃ | ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭ᠎ᠠ᠂ ᠭᠠᠳᠠᠭᠠᠳᠤ ᠳᠠᠬᠢ ᠬᠥᠮᠥᠷᠭᠡ ᠵᠡᠷᠭᠡ ᠶᠢᠨ ᠤᠯᠠᠮ ᠨᠢᠭᠡ ᠠᠯᠬᠤᠮ | ᠬᠥᠭᠵᠢᠬᠦ ᠶᠢ ᠠᠬᠢᠭᠤᠯᠤᠨ᠎ᠠ᠃ ᠭᠠᠳᠠᠭᠠᠳᠤ ᠠᠷᠠᠯᠵᠢᠶᠠᠨ ᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ | ᠭᠠᠳᠠᠭᠠᠳᠤ ᠠᠴᠠ ᠣᠷᠣᠭᠤᠯᠬᠤ ᠶᠢ ᠵᠦᠢ ᠵᠣᠬᠢᠰᠲᠠᠢ ᠥᠷᠭᠡᠳᠬᠡᠨ᠎ᠡ᠃ ᠭᠤᠷᠪᠠ ᠳᠤ᠂ ᠭᠠᠳᠠᠭᠠᠳᠤ ᠪᠡᠯᠡ ᠶᠢ | ᠢᠳᠡᠪᠬᠢᠲᠡᠢ ᠪᠠᠷ ᠲᠠᠲᠠᠨ᠎ᠠ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠵᠤ ᠨᠡᠭᠡᠭᠡᠬᠦ ᠠᠵᠤ ᠦᠢᠯᠡᠰ ᠤᠨ | ᠰᠢᠨ᠎ᠡ ᠭᠠᠷᠴᠠᠭ ᠢ ᠲᠦᠷᠭᠡᠪᠴᠢᠯᠡᠨ ᠨᠠᠶᠢᠳᠠᠪᠤᠷᠢᠵᠢᠭᠤᠯᠬᠤ ᠶᠢ ᠵᠣᠷᠢᠭᠵᠢᠭᠤᠯᠤᠨ᠎ᠠ᠃ ᠣᠷᠣᠨ ᠨᠤᠲᠤᠭ ᠤᠨ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠲᠡᠮᠵᠢᠨ᠎ᠠ᠃ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ | ᠣᠷᠣᠨ ᠵᠡᠷᠭᠡ ᠲᠠᠪᠴᠠᠩ ᠤᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠤᠨ᠎ᠠ᠃ ᠬᠥᠮᠥᠰ ᠤᠨ ᠬᠢᠯᠢ ᠠᠯᠤᠰᠯᠠᠨ | ᠶᠠᠪᠤᠯᠴᠠᠬᠤ ᠳᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠭᠠᠳᠠᠭᠠᠳᠤ ᠪᠡᠯᠡ ᠶᠢᠨ ᠠᠵᠤ | ᠠᠬᠤᠶᠢᠯᠠᠯ ᠤᠨ ᠦᠢᠯᠡᠴᠢᠯᠡᠭᠡ ᠶᠢ ᠦᠷᠭᠦᠯᠵᠢᠯᠡᠨ ᠴᠢᠩᠭᠠᠳᠬᠠᠵᠤ᠂ ᠴᠢᠬᠤᠯᠠ ᠶᠡᠭᠡ ᠲᠥᠷᠥᠯ ᠵᠦᠢᠯ ᠢ | ᠲᠦᠷᠭᠡᠪᠴᠢᠯᠡᠨ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | | |