ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/1/31
ᠡᠯ᠎ᠡ ᠰᠤᠮᠤ ︵ᠪᠠᠯᠭᠠᠰᠤ︶᠎ ᠶᠢᠨ ᠠᠷᠠᠳ ᠤᠨ ᠵᠠᠰᠠᠭ ᠤᠨ ᠣᠷᠳᠣᠨ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠳᠤ᠄        ᠰᠢᠨ᠎ᠡ ᠪᠠᠷᠭᠤ ᠪᠠᠷᠠᠭᠤᠨ ᠬᠤᠰᠢᠭᠤᠨ ᠤ 2022 ᠣᠨ ᠤ ᠨᠠᠮᠤᠷ ᠤᠨ ᠤᠯᠠᠷᠢᠯ ᠤᠨ ᠬᠦᠨᠳᠦ ᠶᠡᠭᠡ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠤᠷᠤᠰᠬᠠᠯ ᠢ ᠵᠣᠬᠢᠴᠠᠭᠤᠯᠬᠤ ᠲᠥᠪᠯᠡᠷᠡᠩᠭᠦᠢ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠦᠨᠳᠦᠰᠦᠯᠡᠨ᠂ ᠠᠵᠢᠯ ᠤᠨ ᠦᠷ᠎ᠡ ᠪᠦᠲᠦᠮᠵᠢ ᠨᠡᠯᠢᠶᠡᠳ ᠢᠯᠡᠷᠬᠡᠢ ᠪᠣᠯᠪᠠᠴᠤ ᠬᠦᠨᠳᠦ ᠶᠡᠭᠡ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠳᠤ ᠮᠥᠨ ᠬᠦ ᠪᠠᠭᠤᠷᠠᠢ ᠭᠤᠭᠴᠤᠭ᠎ᠠ ᠣᠷᠣᠰᠢᠵᠤ᠂ ᠤᠯᠤᠰ ᠤᠨ ᠠᠯᠪᠠᠳᠠᠯᠭ᠎ᠠ ᠶᠢᠨ ᠴᠢᠨᠠᠷᠲᠠᠢ ᠬᠢᠵᠢᠭ ᠡᠪᠡᠳᠴᠢᠨ ᠤ ᠲᠥᠷᠥᠯ ᠤᠨ ᠬᠢᠨᠠᠨ ᠬᠡᠮᠵᠢᠯᠲᠡ ᠳᠤ ᠣᠨᠴᠠ ᠵᠠᠷᠢᠮ ᠰᠤᠮᠤ ᠪᠠᠯᠭᠠᠰᠤᠨ ᠳᠤ ᠴᠠᠷᠤᠯᠲᠠ ᠶᠢᠨ ᠡᠰᠡᠷᠭᠦᠴᠡᠭᠴᠢ ᠶᠢᠨ ᠪᠠᠷᠢᠮᠵᠢᠶ᠎ᠠ ᠳᠤ ᠬᠦᠷᠬᠦ ᠦᠭᠡᠢ᠂ ᠬᠦᠨᠳᠦ ᠶᠡᠭᠡ ᠠᠮᠢᠲᠠᠨ ᠤ ᠬᠢᠵᠢᠭ ᠡᠪᠡᠳᠴᠢᠨ ᠡᠭᠦᠰᠬᠦ ᠲᠦᠭᠰᠢᠭᠦᠷᠢ ᠣᠷᠣᠰᠢᠵᠤ ᠪᠠᠶᠢᠨ᠎ᠠ᠃ ᠤᠳᠤ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠬᠤ ᠲᠤᠬᠠᠢ ᠳᠣᠣᠷᠠᠬᠢ ᠮᠡᠲᠦ ᠮᠡᠳᠡᠭᠳᠡᠶ᠎ᠡ᠄        ᠨᠢᠭᠡ ᠳᠤ᠂ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠰᠤᠮᠤ ᠪᠠᠯᠭᠠᠰᠤ ᠶᠢᠨ ᠵᠠᠰᠠᠭ ᠤᠨ ᠣᠷᠳᠣᠨ ᠤ ᠬᠢᠵᠢᠭ ᠢ ᠰᠡᠷᠭᠡᠶᠢᠯᠡᠬᠦ ᠬᠠᠷᠢᠭᠤᠴᠠᠯᠭ᠎ᠠ ᠶᠢ ᠤᠯᠠᠮ ᠴᠢᠨᠠᠭᠰᠢᠳᠠ ᠴᠢᠩᠭᠠᠳᠬᠠᠨ᠂ ᠪᠣᠳᠠᠲᠠᠢ ᠬᠠᠷᠢᠭᠤᠴᠠᠯᠭᠠᠲᠠᠨ ᠳᠤ ᠬᠦᠷᠲᠡᠯ᠎ᠡ ᠨᠠᠶᠢᠳᠠᠪᠤᠷᠢᠵᠢᠭᠤᠯᠬᠤ ᠶᠢᠨ ᠬᠠᠮᠲᠤ᠂ ᠮᠠᠯᠵᠢᠬᠤ ᠡᠷᠦᠬᠡ ᠪᠣᠯᠣᠨ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠤᠨ ᠬᠢᠵᠢᠭ ᠢ ᠰᠡᠷᠭᠡᠶᠢᠯᠡᠬᠦ ᠡᠭᠦᠷᠭᠡ ᠪᠠᠨ ᠬᠢᠨᠠᠮᠠᠭᠠᠢ ᠭᠦᠢᠴᠡᠳᠬᠡᠬᠦ ᠶᠢ ᠰᠢᠮᠳᠠᠭᠤᠯᠵᠤ᠂ ᠬᠢᠵᠢᠭ ᠢ ᠰᠡᠷᠭᠡᠶᠢᠯᠡᠬᠦ ᠬᠠᠷᠢᠭᠤᠴᠠᠯᠭ᠎ᠠ ᠶᠢ ᠡᠭᠦᠷᠭᠡᠯᠡᠭᠦᠯᠬᠦ ᠬᠡᠷᠡᠭᠲᠡᠢ᠃        ᠬᠤᠶᠠᠷ᠂ ᠬᠤᠭᠤᠴᠠᠭ᠎ᠠ ᠲᠣᠭᠲᠠᠭᠠᠨ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠬᠡᠷᠡᠭᠲᠡᠢ᠃ ᠡᠪᠡᠳᠴᠢᠨ ᠢ ᠡᠰᠡᠷᠭᠦᠴᠡᠬᠦ ᠬᠠᠯᠬᠠᠪᠴᠢ ᠨᠢ ᠪᠠᠷᠢᠮᠵᠢᠶ᠎ᠠ ᠳᠤ ᠬᠦᠷᠬᠦ ᠦᠭᠡᠢ ᠰᠤᠮᠤ ᠪᠠᠯᠭᠠᠰᠤ ᠳᠤ ᠮᠡᠳᠡᠭᠳᠡᠵᠦ᠂ ᠳᠠᠷᠤᠶᠢᠬᠠᠨ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠢ ᠰᠢᠮᠳᠠᠭᠤᠯᠵᠤ ᠨᠥᠬᠦᠵᠦ ᠬᠡᠯᠲᠦᠷᠢᠭᠦᠯᠬᠦ ᠠᠵᠢᠯ ᠥᠷᠨᠢᠭᠦᠯᠵᠦ᠂ ᠡᠭᠡᠯᠢᠯᠡᠭᠡ ᠶᠢᠨ ᠡᠰᠡᠷᠭᠦᠴᠡᠭᠴᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃        ᠭᠤᠷᠪᠠ᠂ ᠵᠢᠯᠣᠭᠤᠳᠤᠨ ᠪᠠᠶᠢᠴᠠᠭᠠᠬᠤ ᠶᠢ ᠴᠢᠩᠭᠠᠳᠬᠠᠬᠤ ᠬᠡᠷᠡᠭᠲᠡᠢ᠃ ᠰᠤᠮᠤ ᠪᠠᠯᠭᠠᠰᠤ ᠶᠢᠨ ᠵᠠᠰᠠᠭ ᠤᠨ ᠣᠷᠳᠣᠨ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠭᠡᠷ᠎ᠡ ᠲᠠᠢ ᠤᠶᠠᠯᠳᠤᠭᠤᠯᠤᠨ᠂ ᠦᠢᠯᠡᠴᠢᠯᠡᠭᠡᠨ ᠤ ᠠᠵᠤ ᠠᠬᠤᠶᠢᠯᠠᠯ ᠤᠨ ᠵᠣᠬᠢᠶᠠᠨ ᠪᠠᠶᠢᠭᠤᠯᠵᠤ ᠥᠷᠨᠢᠭᠦᠯᠦᠭᠰᠡᠨ ᠠᠵᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠴᠠᠭ ᠲᠤᠬᠠᠢ ᠳᠤᠨᠢ ᠪᠠᠶᠢᠴᠠᠭᠠᠨ ᠵᠢᠯᠣᠭᠤᠳᠬᠤ ᠬᠡᠷᠡᠭᠲᠡᠢ᠃        ᠳᠥᠷᠪᠡ᠂ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢ ᠴᠢᠩᠭᠠᠳᠬᠠᠬᠤ ᠬᠡᠷᠡᠭᠲᠡᠢ᠃ ᠰᠤᠮᠤ ᠪᠠᠯᠭᠠᠰᠤ ᠶᠢᠨ ᠵᠠᠰᠠᠭ ᠤᠨ ᠣᠷᠳᠣᠨ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠢ ᠵᠢᠯᠤᠭᠤᠳᠴᠤ ᠠᠮᠢᠲᠠᠨ ᠤ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠪᠠ ᠬᠢᠨᠠᠨ ᠬᠡᠮᠵᠢᠬᠦ᠂ ᠰᠢᠯᠵᠢᠭᠦᠯᠦᠨ ᠲᠣᠬᠢᠷᠠᠭᠤᠯᠬᠤ ᠶᠢ ᠥᠷᠨᠢᠭᠦᠯᠵᠦ᠂ ᠬᠢᠯᠢ ᠶᠢᠨ ᠱᠤᠭᠤᠮ ᠤᠨ ᠡᠷᠬᠢᠨ ᠲᠣᠭᠤᠷᠢᠨ ᠤ ᠮᠠᠯ ᠰᠦᠷᠦᠭ ᠤᠨ ᠬᠢᠵᠢᠭ ᠡᠪᠡᠳᠴᠢᠨ ᠤ ᠲᠦᠭᠰᠢᠭᠦᠷᠢ ᠶᠢ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠵᠦ᠂ ᠪᠠᠶᠢᠴᠠᠭᠠᠵᠤ ᠰᠢᠯᠵᠢᠭᠦᠯᠦᠨ ᠲᠣᠬᠢᠷᠠᠭᠤᠯᠬᠤ ᠡᠷᠴᠢᠮ ᠢᠶᠠᠨ ᠴᠢᠩᠭᠠᠷᠠᠭᠤᠯᠤᠨ᠂ ᠭᠤᠣᠯᠳᠠᠯᠭ᠎ᠠ ᠲᠠᠢ ᠬᠢᠵᠢᠭ ᠡᠪᠡᠳᠴᠢᠨ ᠤ ᠲᠠᠷᠬᠠᠯᠲᠠ ᠪᠠ ᠳᠡᠯᠭᠡᠷᠡᠵᠦ ᠪᠠᠶᠢᠭ᠎ᠠ ᠪᠠᠶᠢᠳᠠᠯ ᠢ ᠪᠥᠬᠦ ᠲᠠᠯ᠎ᠠ ᠪᠠᠷ ᠡᠵᠡᠮᠰᠢᠵᠦ᠂ ᠬᠦᠨᠳᠦ ᠶᠡᠭᠡ ᠠᠮᠢᠲᠠᠨ ᠤ ᠬᠢᠵᠢᠭ ᠡᠪᠡᠳᠴᠢᠨ ᠤ ᠣᠷᠣᠵᠤ ᠢᠷᠡᠬᠦ ᠪᠠ ᠡᠭᠦᠰᠬᠦ ᠶᠢ ᠰᠡᠷᠭᠡᠶᠢᠯᠡᠨ ᠡᠵᠡᠮᠳᠡᠵᠦ᠂ ᠬᠦᠨᠳᠦ ᠶᠡᠭᠡ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠬᠠᠯᠬᠠᠪᠴᠢ ᠶᠢ ᠪᠠᠬᠢᠵᠢᠭᠦᠯᠬᠦ ᠬᠡᠷᠡᠭᠲᠡᠢ᠃         ᠰᠢᠨ᠎ᠡ ᠪᠠᠷᠭᠤ ᠪᠠᠷᠠᠭᠤᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ                                    2023 ᠣᠨ ᠤ 1 ᠰᠠᠷ᠎ᠠ ᠶᠢᠨ 19᠎ ᠤ ᠡᠳᠦᠷ 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ