ᠬᠦᠯᠦᠨ ᠨᠠᠭᠤᠷ ᠤᠨ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠦᠷᠬᠦᠯᠵᠢᠯᠡᠨ ᠰᠠᠶᠢᠵᠢᠷᠠᠯ᠎ᠠ
ᠨᠡᠶᠢᠲᠡᠯᠡᠭᠰᠡᠨ ᠴᠠᠭ᠄
2023/1/4
       10 ᠵᠢᠯ ᠤᠨ ᠲᠤᠷᠰᠢ ᠰᠢᠨᠵᠢᠯᠡᠬᠦ ᠤᠬᠠᠭᠠᠨᠴᠢ ᠪᠠᠷ ᠵᠠᠰᠠᠬᠤ᠂ ᠰᠢᠰᠲ᠋ᠧᠮ ᠲᠠᠢ ᠬᠠᠮᠠᠭᠠᠯᠠᠬᠤ ᠪᠠ ᠦᠷᠬᠦᠯᠵᠢᠯᠡᠨ ᠬᠠᠶᠢᠨ ᠰᠦᠪᠡᠭᠴᠢᠯᠡᠬᠦ ᠳᠠᠮᠵᠢᠨ᠂ ᠬᠦᠯᠦᠨ ᠨᠠᠭᠤᠷ ᠤᠨ ᠤᠰᠤᠨ ᠤ ᠲᠦᠪᠰᠢᠨ ᠪᠠ ᠤᠰᠤᠨ ᠤ ᠭᠠᠳᠠᠷᠭᠤ ᠲᠣᠭᠲᠠᠭᠤᠨ ᠢᠶᠠᠷ ᠳᠡᠭᠡᠭᠰᠢᠯᠡᠵᠦ᠂ ᠲᠠᠯᠠᠪᠠᠢ ᠨᠢ 500 ᠰᠢᠬᠠᠮ ᠲᠡᠭᠰᠢ ᠳᠦᠷᠪᠡᠯᠵᠢᠨ ᠺᠢᠯᠤᠮᠧᠲᠷ ᠨᠡᠮᠡᠭᠳᠡᠨ᠂ ᠤᠰᠤᠨ ᠤ ᠭᠠᠳᠠᠷᠭᠤ ᠶᠢᠨ ᠲᠠᠯᠠᠪᠠᠢ ᠨᠢ ᠨᠢᠭᠡᠨᠲᠡ 2244.3 ᠲᠡᠭᠰᠢ ᠳᠦᠷᠪᠡᠯᠵᠢᠨ ᠺᠢᠯᠦᠮᠧᠲᠷ ᠪᠣᠯᠣᠨ ᠦᠷᠭᠡᠳᠴᠦ᠂ ᠤᠰᠤᠨ ᠤ ᠬᠡᠮᠵᠢᠶ᠎ᠡ ᠨᠢ 139.7 ᠳ᠋ᠦᠩᠰᠢᠭᠤᠷ ᠪᠣᠰᠤᠭ᠎ᠠ ᠳᠦᠷᠪᠡᠯᠵᠢᠨ ᠮᠧᠲᠷ ᠬᠦᠷᠴᠦ᠂ ᠲᠡᠦᠬᠡ ᠶᠢᠨ ᠬᠠᠮᠤᠭ ᠤᠨ ᠦᠨᠳᠦᠷ ᠲᠦᠪᠰᠢᠨ ᠳᠤ ᠣᠶᠢᠷᠠᠳᠪᠠ᠃        ᠬᠦᠯᠦᠨ ᠨᠠᠭᠤᠷ ᠪᠣᠯ ᠮᠠᠨ ᠤ ᠣᠷᠣᠨ ᠤ ᠬᠠᠮᠤᠭ ᠤᠨ ᠲᠣᠮᠣ ᠨᠠᠭᠤᠷ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠷᠢᠯᠳᠦᠭᠦᠨ ᠬᠡᠰᠡᠭ ᠪᠦᠭᠡᠳ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ᠂ ᠣᠷᠣᠨ ᠪᠦᠰᠡ ᠶᠢᠨ ᠠᠭᠤᠷ ᠠᠮᠢᠰᠬᠤᠯ ᠢ ᠲᠣᠬᠢᠷᠠᠭᠤᠯᠬᠤ᠂ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ᠂ ᠴᠦᠯᠡᠷᠬᠡᠭᠵᠢᠯ ᠢ ᠰᠡᠷᠭᠡᠶᠢᠯᠡᠬᠦ ᠮᠤᠨᠤᠭᠲᠤᠭ ᠪᠡᠯᠴᠢᠭᠡᠷ ᠤᠨ ᠠᠮᠢ ᠠᠬᠤᠢ ᠶᠢᠨ ᠲᠡᠩᠴᠡᠭᠦᠷᠢ ᠶᠢ ᠬᠠᠮᠠᠭᠠᠯᠠᠬᠤ ᠪᠠ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠢ ᠪᠠᠲᠤᠯᠠᠬᠤ ᠵᠡᠷᠭᠡ ᠲᠠᠯ᠎ᠠ ᠪᠠᠷ ᠣᠷᠤᠯᠠᠭᠤᠯᠵᠤ ᠪᠣᠯᠣᠰᠢ ᠦᠭᠡᠢ ᠴᠢᠬᠤᠯᠠ ᠦᠢᠯᠡᠳᠦᠯ ᠲᠠᠢ᠃        2002 ᠣᠨ ᠠᠴᠠ 2012 ᠣᠨ ᠪᠣᠯᠲᠠᠯ᠎ᠠ᠂ ᠦᠶᠡᠯᠡᠯ ᠤᠨ ᠴᠢᠨᠠᠷᠲᠠᠢ ᠭᠠᠩ ᠬᠠᠭᠰᠠᠷᠠᠭᠠᠨ ᠤ ᠨᠦᠯᠦᠭᠡ ᠠᠴᠠ ᠪᠣᠯᠵᠤ᠂ ᠬᠦᠯᠦᠨ ᠨᠠᠭᠤᠷ ᠤᠨ ᠤᠰᠤᠨ ᠲᠦᠪᠰᠢᠨ ᠦᠷᠬᠦᠯᠵᠢᠯᠡᠨ ᠳᠣᠷᠣᠭᠰᠢᠯᠠᠵᠤ᠂ ᠨᠠᠭᠤᠷ ᠤᠨ ᠲᠠᠯᠠᠪᠠᠢ᠂ ᠡᠷᠭᠢᠨ ᠲᠣᠭᠤᠷᠢᠨ ᠤ ᠨᠤᠭᠤ ᠭᠠᠵᠠᠷ ᠤᠨ ᠲᠠᠯᠠᠪᠠᠢ ᠬᠡᠭᠡᠷ᠎ᠡ ᠶᠢᠨ ᠠᠮᠢᠲᠠᠨ ᠤ ᠲᠦᠷᠦᠯ ᠵᠦᠢᠯ ᠲᠤᠭ᠎ᠠ ᠬᠡᠮᠵᠢᠶ᠎ᠡ ᠵᠡᠷᠭᠡ ᠴᠦᠮ ᠪᠠᠭᠠᠰᠴᠤ᠂ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠢ ᠰᠦᠷᠳᠡᠭᠦᠯᠦᠯ ᠳᠤ ᠤᠴᠠᠷᠠᠭᠤᠯᠪᠠ᠃        ᠣᠶᠢᠷ᠎ᠠ ᠶᠢᠨ ᠵᠢᠯ ᠠᠴᠠ ᠨᠠᠰᠢ᠂ ᠬᠦᠯᠦᠨ ᠪᠣᠶᠢᠷ ᠬᠤᠲᠠ ᠤᠯᠤᠰ ᠲᠦᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠬᠦᠯᠦᠨ ᠨᠠᠭᠤᠷ ᠤᠨ ᠬᠠᠮᠠᠭᠠᠯᠠᠯᠲᠠ ᠪᠠ ᠵᠠᠰᠠᠯᠲᠠ ᠶᠢᠨ ᠠᠵᠢᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠨ᠂ ᠬᠦᠯᠦᠨ ᠨᠠᠭᠤᠷ ᠤᠨ ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ︽ᠲᠡᠷᠢᠭᠦᠨ ᠴᠢᠬᠤᠯᠠ ᠢᠨᠵᠧᠨᠧᠷᠢᠩ︾ ᠪᠣᠯᠭᠠᠵᠤ᠂ ᠠᠮᠢ ᠠᠬᠤᠢ ᠶᠢᠨ ᠤᠰᠤ ᠨᠦᠬᠦᠪᠦᠷᠢᠯᠡᠬᠦ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠰᠢᠨᠵᠢᠯᠡᠬᠦ ᠤᠬᠠᠭᠠᠨ ᠤ ᠰᠣᠳᠣᠯᠭᠠᠨ ᠵᠡᠷᠭᠡ ᠲᠠᠯ᠎ᠠ ᠪᠠᠷ ᠣᠯᠠᠨ ᠵᠦᠢᠯ ᠤᠨ ᠬᠠᠮᠠᠭᠠᠯᠠᠯᠲᠠ ᠪᠠ ᠵᠠᠰᠠᠯᠲᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠶᠡᠷᠦᠩᠬᠡᠶᠢᠯᠡᠨ ᠵᠠᠰᠠᠬᠤ ᠠᠵᠢᠯ ᠢ ᠲᠠᠰᠤᠷᠠᠯᠲᠠ ᠦᠭᠡᠢ ᠭᠦᠨᠵᠡᠭᠡᠢ ᠠᠬᠢᠭᠤᠯᠤᠭᠰᠠᠨ ᠪᠠᠶᠢᠨ᠎ᠠ᠃        ︽ᠠᠷᠪᠠᠨ ᠭᠤᠷᠪᠠᠳᠤᠭᠠᠷ ᠲᠠᠪᠤᠨ ᠵᠢᠯ︾ ᠠᠴᠠ ᠨᠠᠰᠢ᠂ ᠬᠦᠯᠦᠨ ᠪᠣᠶᠢᠷ ᠬᠤᠲᠠ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ᠂ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ᠂ ᠬᠠᠮᠢᠶᠠᠷᠤᠨ ᠬᠠᠮᠠᠭᠠᠯᠠᠬᠤ ᠴᠢᠳᠠᠪᠤᠷᠢ ᠶᠢᠨ ᠪᠠᠶᠢᠭᠤᠯᠤᠯᠲᠠ᠂ ᠣᠷᠴᠢᠨ ᠲᠣᠭᠤᠷᠢᠨ ᠤ ᠴᠡᠭᠴᠡᠯᠡᠨ ᠵᠠᠰᠠᠯᠲᠠ᠂ ᠰᠢᠨᠵᠢᠯᠡᠬᠦ ᠤᠬᠠᠭᠠᠨ ᠤ ᠰᠣᠳᠣᠯᠭᠠᠨ ᠤ ᠬᠢᠨᠠᠨ ᠬᠡᠮᠵᠢᠯᠲᠡ᠂ ᠨᠤᠭᠤ ᠭᠠᠵᠠᠷ ᠤᠨ ᠠᠮᠢ ᠠᠬᠤᠢ ᠶᠢᠨ ᠰᠢᠰᠲ᠋ᠧᠮ ᠢ ᠰᠡᠷᠭᠦᠭᠡᠬᠦ ᠪᠠ ᠤᠰᠤᠨ ᠤ ᠡᠬᠢ ᠪᠠᠶᠠᠯᠢᠭ ᠤᠨ ᠪᠠᠲᠤᠯᠠᠭ᠎ᠠ ᠵᠡᠷᠭᠡ ᠳᠣᠯᠣᠭᠠᠨ ᠶᠡᠭᠡ ᠲᠠᠯ᠎ᠠ ᠠᠴᠠ ᠨᠢᠭᠡ ᠪᠦᠯᠦᠭ ᠪᠦᠲᠦᠮᠵᠢᠲᠡᠢ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠪᠣᠯᠣᠨ ᠵᠠᠰᠠᠯᠲᠠ ᠶᠢᠨ ᠲᠦᠷᠦᠯ ᠵᠦᠢᠯ ᠢ ᠨᠠᠶᠢᠳᠠᠪᠤᠷᠢᠵᠢᠭᠤᠯᠪᠠ᠃ ᠬᠦᠯᠦᠨ ᠨᠠᠭᠤᠷ ᠤᠨ ᠠᠮᠢ ᠠᠬᠤᠢ ᠶᠢᠨ ᠤᠰᠤ ᠨᠦᠬᠦᠪᠦᠷᠢᠯᠡᠬᠦ ᠪᠠ ᠭᠤᠣᠯ ᠮᠦᠷᠡᠨ ᠨᠠᠭᠤᠷ ᠴᠦᠬᠦᠷᠦᠮ ᠤᠨ ᠰᠤᠪᠠᠭ ᠢ ᠬᠤᠯᠪᠣᠨ ᠨᠡᠪᠲᠡᠷᠡᠭᠦᠯᠬᠦ ᠵᠡᠷᠭᠡ ᠤᠰᠤᠨ ᠠᠰᠢᠭᠯᠠᠯᠲᠠ ᠶᠢᠨ ᠢᠨᠵᠧᠨᠧᠷᠢᠩ ᠢᠶᠠᠷ ᠳᠠᠮᠵᠢᠭᠤᠯᠤᠨ ᠤᠰᠤᠨ ᠤ ᠡᠬᠢ ᠪᠠᠶᠠᠯᠢᠭ ᠢ ᠲᠣᠬᠢᠷᠠᠭᠤᠯᠵᠤ᠂ ᠰᠠᠪᠠ ᠭᠠᠵᠠᠷ ᠤᠨ ᠠᠮᠢᠳᠤᠷᠠᠯ ᠤᠨ ᠪᠤᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠶᠢᠨ ᠳᠠᠬᠢᠯᠲᠠ ᠤᠰᠤ ᠶᠢ ᠡᠭᠡᠭᠦᠯᠦᠨ ᠬᠡᠷᠡᠭᠯᠡᠬᠦ ᠲᠦᠷᠦᠯ ᠵᠦᠢᠯ ᠢ ᠪᠠᠶᠢᠭᠤᠯᠤᠨ᠂ ᠨᠠᠭᠤᠷ ᠲᠤ ᠣᠷᠣᠬᠤ ᠪᠤᠬᠢᠷᠲᠤᠯ ᠤᠨ ᠳᠠᠭᠠᠭᠠᠴᠠ ᠶᠢ ᠪᠠᠭᠠᠰᠬᠠᠬᠤ ᠵᠢᠴᠢ ᠬᠠᠮᠠᠭᠠᠯᠠᠯᠲᠠ ᠶᠢᠨ ᠣᠷᠣᠨ ᠤ ᠠᠮᠢ ᠠᠬᠤᠢ ᠶᠢᠨ ᠨᠡᠭᠦᠳᠡᠯ ᠠᠷᠠᠳ᠂ ᠨᠤᠲᠤᠭ ᠪᠡᠯᠴᠢᠭᠡᠷ ᠤᠨ ᠱᠠᠩᠨᠠᠯ ᠨᠦᠬᠦᠪᠦᠷᠢ᠂ ᠵᠢᠭᠠᠰᠤ ᠠᠩᠨᠠᠬᠤ ᠶᠢ ᠴᠠᠭᠠᠵᠠᠯᠠᠬᠤ᠂ ᠨᠠᠭᠤᠷ ᠢ ᠲᠣᠭᠤᠷᠢᠭᠰᠠᠨ ᠡᠯᠡᠰᠦᠷᠬᠡᠭᠵᠢᠭᠰᠡᠨ ᠭᠠᠵᠠᠷ ᠰᠢᠷᠤᠢ ᠶᠢ ᠵᠠᠰᠠᠬᠤ ᠵᠡᠷᠭᠡ ᠣᠯᠠᠨ ᠠᠷᠭ᠎ᠠ ᠬᠡᠮᠵᠢᠶ᠎ᠡ ᠠᠪᠴᠤ᠂ ᠠᠮᠢ ᠠᠬᠤᠢ ᠶᠢᠨ ᠰᠢᠰᠲ᠋ᠧᠮ ᠤᠨ ᠠᠶᠠᠨᠳᠠᠭᠠᠨ ᠰᠡᠷᠭᠦᠬᠦ ᠳᠤ ᠰᠠᠶᠢᠨ ᠰᠠᠶᠢᠬᠠᠨ ᠨᠦᠬᠦᠴᠡᠯ ᠢ ᠪᠦᠷᠢᠯᠳᠦᠭᠦᠯᠵᠦ ᠦᠭᠴᠡᠢ᠃        ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ ᠪᠦᠬᠦ ᠲᠠᠯ᠎ᠠ ᠪᠠᠷ ᠬᠠᠮᠠᠭᠠᠯᠠᠨ ᠵᠠᠰᠠᠬᠤ ᠡᠭᠦᠷᠭᠡ ᠶᠢᠨ ᠰᠠᠭᠤᠷᠢᠨ ᠳᠡᠭᠡᠷ᠎ᠡ᠂ 2021 ᠣᠨ ᠳᠤ ᠬᠦᠯᠦᠨ ᠪᠣᠶᠢᠷ ᠬᠤᠲᠠ ᠬᠦᠯᠦᠨ ᠨᠠᠭᠤᠷ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠠᠮᠤᠭ ᠤᠨ ᠰᠢᠨ᠎ᠡ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢᠶᠠᠷ ᠲᠤᠯᠭᠠᠭᠤᠷᠢᠯᠠᠯ ᠪᠣᠯᠭᠠᠵᠤ᠂ 11.38 ᠳ᠋ᠦᠩᠰᠢᠭᠤᠷ ᠲᠦᠬᠦᠷᠢᠭ ᠪᠡᠯᠡ ᠣᠷᠤᠭᠤᠯᠬᠤ ᠪᠠᠷ ᠲᠦᠯᠦᠪᠯᠡᠵᠦ᠂ 19 ᠵᠠᠰᠠᠯᠲᠠ ᠶᠢᠨ ᠲᠦᠷᠦᠯ ᠵᠦᠢᠯ ᠤᠨ ︽ᠠᠷᠪᠠᠨ ᠳᠦᠷᠪᠡᠳᠦᠭᠡᠷ ᠲᠠᠪᠤᠨ ᠵᠢᠯ ᠤᠨ ᠲᠦᠯᠦᠪᠵᠢᠭᠦᠯᠭᠡ ᠶᠢᠨ ᠬᠤᠭᠤᠴᠠᠭᠠᠨ ᠳᠠᠬᠢ ᠬᠦᠯᠦᠨ ᠨᠠᠭᠤᠷ ᠤᠨ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠠᠰᠠᠯᠲᠠ ᠶᠢᠨ ᠬᠡᠷᠡᠭᠵᠢᠭᠦᠯᠬᠦ ᠲᠦᠰᠦᠯ︾ ᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ ᠬᠡᠷᠡᠭᠵᠢᠭᠦᠯᠦᠨ᠂ ᠣᠳᠣᠬᠠᠨ ᠳᠤ ᠡᠯ᠎ᠡ ᠵᠦᠢᠯ ᠤᠨ ᠠᠵᠢᠯ ᠢ ᠶᠠᠭ ᠡᠮᠬᠢ ᠵᠢᠷᠤᠮ ᠲᠠᠢ ᠠᠬᠢᠭᠤᠯᠵᠤ ᠪᠤᠢ᠃        ᠰᠢᠨᠵᠢᠯᠡᠬᠦ ᠤᠬᠠᠭᠠᠨᠴᠢ ᠪᠠᠷ ᠵᠠᠰᠠᠬᠤ᠂ ᠰᠢᠰᠲ᠋ᠧᠮ ᠲᠠᠢ ᠬᠠᠮᠠᠭᠠᠯᠠᠬᠤ ᠪᠠ ᠦᠷᠬᠦᠯᠵᠢᠯᠡᠨ ᠰᠦᠪᠡᠭᠴᠢᠯᠡᠬᠦ ᠪᠠᠷ ᠳᠠᠮᠵᠢᠨ᠂ ᠬᠦᠯᠦᠨ ᠨᠠᠭᠤᠷ ᠤᠨ ᠤᠰᠤᠨ ᠤ ᠡᠬᠢ ᠪᠠᠶᠠᠯᠢᠭ ᠤᠨ ᠪᠠᠲᠤᠯᠠᠭ᠎ᠠ ᠶᠢᠨ ᠴᠢᠳᠠᠪᠤᠷᠢ ᠲᠠᠰᠤᠷᠠᠯᠲᠠ ᠦᠭᠡᠢ ᠳᠡᠭᠡᠭᠰᠢᠯᠡᠵᠦ᠂ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠰᠠᠶᠢᠵᠢᠷᠠᠨ᠂ ᠤᠰᠤᠨ ᠤ ᠴᠢᠨᠠᠷ ᠤᠨ ᠡᠯ᠎ᠡ ᠵᠦᠢᠯ ᠤᠨ ᠭᠦᠢᠴᠡᠳᠬᠡᠯ ᠲᠤᠭ᠎ᠠ ᠰᠠᠶᠢᠵᠢᠷᠠᠵᠤ᠂ ᠤᠰᠤᠨ ᠤ ᠬᠡᠮᠵᠢᠶ᠎ᠡ ᠶᠢᠨ ᠲᠡᠦᠬᠡ ᠶᠢᠨ ᠬᠠᠮᠤᠭ ᠤᠨ ᠰᠠᠶᠢᠨ ᠲᠦᠪᠰᠢᠨ ᠳᠤ ᠣᠶᠢᠷᠠᠲᠤᠨ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠲᠠᠰᠤᠷᠠᠯᠲᠠ ᠦᠭᠡᠢ ᠳᠡᠭᠡᠭᠰᠢᠯᠡᠵᠦ᠂ ᠵᠠᠰᠠᠵᠤ ᠬᠠᠮᠠᠭᠠᠯᠠᠬᠤ ᠠᠵᠢᠯ ᠱᠠᠲᠤᠴᠢ ᠴᠢᠨᠠᠷᠲᠠᠢ ᠦᠷ᠎ᠡ ᠪᠦᠲᠦᠮᠵᠢ ᠣᠯᠣᠭᠰᠠᠨ ᠪᠠᠶᠢᠨ᠎ᠠ᠃ ᠡᠭᠦᠨ ᠠᠴᠠ ᠭᠠᠳᠠᠨ᠎ᠠ᠂ ᠰᠠᠪᠠ ᠭᠠᠵᠠᠷ ᠤᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠲᠣᠭᠲᠠᠭᠤᠨ ᠢᠶᠠᠷ ᠳᠡᠭᠡᠭᠰᠢᠯᠡᠵᠦ᠂ 2016 ᠣᠨ ᠪᠣᠯᠲᠠᠯ᠎ᠠ ᠬᠠᠮᠠᠭᠠᠯᠠᠯᠲᠠ ᠶᠢᠨ ᠣᠷᠣᠨ ᠳᠤ ᠲᠡᠮᠳᠡᠭᠯᠡᠭᠡᠰᠦᠲᠡᠢ ᠰᠢᠪᠠᠭᠤᠨ ᠤ ᠲᠦᠷᠦᠯ 333 ᠵᠦᠢᠯ ᠪᠠᠶᠢᠭᠰᠠᠨ ᠠᠴᠠ ᠪᠠᠨ ᠣᠳᠤ 345 ᠵᠦᠢᠯ ᠪᠣᠯᠵᠤ ᠨᠡᠮᠡᠭᠳᠡᠨ᠂ ᠰᠢᠪᠠᠭᠤᠨ ᠤ ᠲᠦᠷᠦᠯ ᠤᠨ ᠰᠦᠷᠦᠭ ᠤᠨ ᠲᠤᠭ᠎ᠠ ᠲᠦᠮᠡ ᠰᠢᠬᠠᠮ ᠨᠡᠮᠡᠭᠳᠡᠵᠦ᠂ ᠵᠢᠭᠠᠰᠤᠨ ᠤ ᠲᠦᠷᠦᠯ 32 ᠵᠦᠢᠯ ᠪᠠᠶᠢᠭᠰᠠᠨ ᠠᠴᠠ ᠪᠠᠨ 39 ᠵᠦᠢᠯ ᠪᠣᠯᠵᠤ ᠨᠡᠮᠡᠭᠳᠡᠨ ᠂ ᠬᠦᠬᠦᠲᠡᠨ ᠠᠮᠢᠲᠠᠨ 35 ᠵᠦᠢᠯ ᠪᠠᠶᠢᠭᠰᠠᠨ ᠠᠴᠠ ᠪᠠᠨ 38 ᠵᠦᠢᠯ ᠪᠣᠯᠵᠤ ᠨᠡᠮᠡᠭᠳᠡᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号