ᠬᠢᠵᠢᠭ ᠲᠤ ᠨᠡᠷᠪᠡᠭᠳᠡᠭᠰᠡᠨ ᠤ ᠳᠠᠷᠠᠭ᠎ᠠ ᠡᠳᠡᠭᠡᠷ ᠢ ᠢᠳᠡᠵᠦ ᠪᠣᠯᠬᠤ ᠦᠭᠡᠢ
ᠨᠡᠶᠢᠲᠡᠯᠡᠭᠰᠡᠨ ᠴᠠᠭ᠄
2023/1/4
       ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠬᠳᠠᠭᠰᠠᠨ ᠤ ᠬᠤᠶᠢᠨ᠎ᠠ ᠢᠳᠡᠭᠡᠨ ᠤᠮᠳᠠᠭᠠᠨ ᠢᠶᠠᠨ ᠠᠩᠬᠠᠷᠬᠤ ᠶᠢᠨ ᠬᠠᠮᠲᠤ ᠵᠠᠷᠢᠮ ᠵᠣᠶᠢᠯ ᠢ ᠵᠣᠬᠢᠰᠳᠠᠢ ᠴᠡᠭᠡᠷᠯᠡᠬᠦ ᠬᠡᠷᠡᠭᠲᠡᠢ᠂ ᠣᠨᠴᠠᠭᠠᠶᠢᠯᠠᠨ ᠡᠶᠢᠮᠦ ᠭᠤᠷᠪᠠᠨ ᠵᠦᠢᠯ  ᠤᠨ ᠢᠳᠡᠭᠡᠨ ᠢ ᠪᠠᠭ᠎ᠠ ᠢᠳᠡᠬᠦ ᠪᠤᠶᠤ ᠢᠳᠡᠬᠦ ᠦᠭᠡᠢ ᠪᠠᠶᠢᠪᠠᠯ ᠰᠠᠶᠢᠨ ᠶᠤᠮ ᠪᠠᠶᠢᠨ᠎ᠠ᠃        1. ᠳᠠᠪᠤᠰᠤ ᠶᠡᠬᠡᠲᠡᠢ ᠢᠳᠡᠭᠡᠨ᠃ ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠬᠤ ᠦᠶ᠎ᠡ ᠳᠤ ᠳᠠᠪᠤᠰᠤ ᠪᠠᠭ᠎ᠠ ᠢᠳᠡᠬᠦ ᠬᠡᠷᠡᠭᠲᠡᠢ᠂ ᠲᠤᠭᠤᠯᠭᠠᠵᠤ ᠰᠠᠭᠤᠯᠭᠠᠭᠰᠠᠨ ᠦᠭᠡᠢ ᠪᠤᠶᠤ ᠶᠡᠭᠡ ᠬᠡᠮᠵᠢᠶᠡᠨ ᠤ ᠬᠥᠯᠥᠰᠦ ᠭᠠᠷᠤᠭᠰᠠᠨ ᠬᠦᠮᠦᠨ ᠡᠳᠦᠷ ᠪᠦᠷᠢ 5 ᠭᠷᠡᠮ ᠤᠨ ᠳᠣᠲᠣᠷ᠎ᠠ ᠬᠢᠵᠠᠭᠠᠷᠯᠠᠬᠤ ᠬᠡᠷᠡᠭᠳᠡᠢ᠃        2. ᠭᠤᠱᠤᠭᠤᠨ ᠢᠳᠡᠭᠡᠨ᠃ ᠡᠪᠡᠳᠴᠢᠯᠡᠭᠰᠡᠨ ᠬᠤᠭᠤᠴᠠᠭᠠᠨ ᠳᠤ᠂ ᠮᠠᠰᠢ ᠣᠯᠠᠨ ᠬᠥᠮᠥᠨ ᠤ ᠰᠢᠩᠭᠡᠭᠡᠯᠲᠡ  ᠶᠢᠨ ᠴᠢᠳᠠᠪᠤᠷᠢ ᠨᠢ ᠮᠠᠭᠤᠳᠠᠳᠠᠭ᠂ ᠡᠨᠡ ᠦᠶ᠎ᠡ ᠳᠤ ᠬᠡᠲᠦᠷᠬᠡᠢ ᠭᠤᠱᠤᠭᠤᠨ ᠰᠡᠳᠦᠯᠲᠡ ᠶᠢᠨ ᠴᠢᠨᠠᠷᠲᠠᠢ ᠢᠳᠡᠭᠡᠨ ᠨᠢ ᠬᠤᠳᠣᠭᠤᠳᠤ ᠭᠡᠳᠡᠰᠦᠨ ᠤ ᠠᠵᠢᠯᠯᠠᠭ᠎ᠠ ᠶᠢ ᠤᠯᠠᠮ ᠰᠠᠮᠠᠭᠤᠷᠠᠭᠤᠯᠵᠤ᠂ ᠴᠢᠨᠠᠭᠰᠢᠯᠠᠪᠠᠯ ᠳᠤᠷ᠎ᠠ ᠪᠣᠯᠭᠢᠬᠤ᠂ ᠪᠥᠭᠡᠯᠵᠢᠬᠦ ᠳᠤ ᠬᠦᠷᠬᠡᠳᠡᠭ᠃ ᠬᠠᠯᠳᠠᠪᠤᠷᠢ ᠠᠪᠤᠪᠠᠯ ᠦᠷᠭᠦᠯᠵᠢ ᠬᠤᠭᠤᠯᠠᠢ ᠡᠪᠡᠳᠳᠡᠭ᠂ ᠤᠤᠯ ᠠᠴᠠ ᠪᠠᠨ ᠭᠤᠱᠤᠭᠤᠨ ᠢᠳᠡᠭᠡᠨ ᠳᠤ ᠲᠠᠭ᠎ᠠ ᠦᠭᠡᠢ ᠬᠥᠮᠥᠨ ᠳᠤ ᠠᠪᠴᠤ ᠬᠡᠯᠡᠪᠡᠯ᠂ ᠭᠤᠱᠤᠭᠤᠨ ᠢᠳᠡᠭᠡᠨ ᠨᠢ ᠪᠠᠰᠠ ᠵᠠᠯᠭᠢᠭᠤᠷ ᠤᠨ ᠬᠡᠰᠡᠭ ᠲᠤ ᠰᠡᠳᠦᠯᠲᠡ ᠥᠭᠴᠦ᠂ ᠡᠪᠡᠳᠴᠢᠨ ᠢ ᠬᠦᠨᠳᠦᠷᠡᠭᠦᠯᠳᠡᠭ᠃        3. ᠰᠢᠩᠭᠡᠭᠡᠬᠦ ᠳᠤ ᠬᠦᠴᠢᠷ ᠢᠳᠡᠭᠡᠨ᠃ ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠨ ᠤ ᠰᠡᠭᠦᠯᠡᠷ᠂ ᠮᠠᠰᠢ ᠣᠯᠠᠨ ᠬᠥᠮᠥᠨ ᠤ ᠬᠤᠳᠣᠭᠤᠳᠤᠨ ᠤ ᠴᠢᠳᠠᠪᠬᠢ ᠪᠠᠭᠤᠷᠠᠢ ᠪᠣᠯᠳᠠᠭ᠂ ᠡᠨᠡ ᠦᠶ᠎ᠡ ᠳᠤ ᠴᠤᠭᠤᠷ ᠨᠣᠭᠤᠭ᠎ᠠ᠂ ᠭᠤᠭᠤᠳ᠂ ᠬᠠᠯᠠᠭᠠᠢ᠂ ᠠᠮᠲᠠᠲᠤ ᠲᠥᠮᠥᠰᠥ ᠵᠡᠷᠭᠡ ᠢᠳᠡᠭᠡᠨ ᠢ ᠪᠠᠭ᠎ᠠ ᠢᠳᠡᠪᠡᠯ ᠵᠣᠬᠢᠨ᠎ᠠ᠂ ᠡᠭᠦᠨ ᠠᠴᠠ ᠭᠠᠳᠠᠨ᠎ᠠ ᠦᠬᠡᠷ ᠬᠤᠨᠢᠨ ᠤ ᠮᠢᠬ᠎ᠠ ᠵᠡᠷᠭᠡ ᠶᠢ ᠠᠯᠢ ᠴᠢᠳᠠᠬᠤ ᠪᠠᠷ ᠪᠠᠭ᠎ᠠ ᠢᠳᠡᠬᠦ ᠪᠤᠶᠤ ᠢᠳᠡᠬᠦ ᠦᠭᠡᠢ ᠪᠠᠶᠢᠪᠠᠯ ᠵᠣᠬᠢᠨ᠎ᠠ᠃        ᠲᠡᠭᠡᠪᠡᠯ ᠶᠠᠮᠠᠷ ᠶᠠᠮᠠᠷ ᠢᠳᠡᠭᠡᠨ ᠤᠮᠳᠠᠭᠠᠨ ᠨᠢ ᠡᠪᠡᠳᠴᠢᠨ ᠤ ᠪᠠᠶᠢᠳᠠᠯ ᠢ ᠨᠠᠮᠳᠠᠭᠤᠯᠬᠤ ᠳᠤ ᠳᠣᠰᠠᠳᠠᠢ ᠪᠤᠯ︖        1. ᠡᠳᠦᠷ ᠪᠦᠷᠢ 2000 ᠮᠢᠯᠢᠯᠢᠲᠷ ᠤᠰᠤ ᠣᠣᠭᠤᠬᠤ᠃ ᠳᠡᠯᠡᠬᠡᠢ ᠶᠢᠨ ᠡᠷᠡᠭᠦᠯ ᠮᠡᠨᠳᠦ ᠶᠢᠨ ᠪᠠᠶᠢᠭᠤᠯᠭ᠎ᠠ ᠶᠢᠨ ᠰᠠᠨᠠᠭᠤᠯᠤᠭᠰᠠᠨ ᠢᠶᠠᠷ᠂ ᠬᠠᠯᠳᠠᠪᠤᠷᠢ ᠶᠢᠨ ᠬᠤᠭᠤᠴᠠᠭᠠᠨ ᠳᠤ ᠤᠰᠤ ᠰᠠᠶᠢᠨ ᠨᠥᠬᠦᠪᠦᠷᠢᠯᠡᠵᠦ᠂ ᠪᠦᠯᠢᠶᠡᠨ ᠤᠰᠤ ᠣᠣᠭᠤᠨ᠂ ᠬᠡᠳᠦ ᠬᠦᠢᠲᠡᠨ ᠤᠰᠤ ᠤᠤᠭᠤᠵᠤ ᠪᠣᠯᠬᠤ ᠦᠭᠡᠢ᠃        2. ᠰᠢᠩᠭᠡᠨ ᠱᠥᠯᠥ ᠪᠠ ᠰᠢᠩᠭᠡᠨ ᠪᠤᠳᠠᠭ᠎ᠠ᠃        3. ᠵᠢᠩᠨᠡᠭᠰᠡᠨ ᠲᠠᠬᠢᠶ᠎ᠠ ᠪᠠ ᠵᠢᠭᠠᠰᠤ᠃        4. ᠵᠥᠭᠡᠢ ᠶᠢᠨ ᠪᠠᠯ᠃ ᠤᠨᠲᠠᠬᠤ ᠠᠴᠠ ᠪᠠᠨ ᠬᠠᠭᠠᠰ ᠴᠠᠭ ᠤᠨ ᠡᠮᠦᠨ᠎ᠡ ᠨᠢᠭᠡ ᠬᠠᠯᠪᠠᠭ᠎ᠠ ᠵᠥᠭᠡᠢ ᠶᠢᠨ ᠪᠠᠯ ᠢᠳᠡᠪᠡᠯ ᠰᠥᠨᠢ ᠬᠠᠨᠢᠶᠠᠯᠭᠠᠬᠤ ᠶᠢ ᠨᠠᠮᠳᠠᠭᠠᠬᠤ ᠳᠤ ᠲᠤᠰᠠᠲᠠᠢ ᠶᠤᠮ ᠪᠠᠶᠢᠨ᠎ᠠ᠃ ᠬᠠᠷᠢᠨ ᠤᠢ ᠬᠦᠷᠦᠭᠡᠳᠦᠢ ᠨᠢᠯᠬ᠎ᠠ ᠬᠡᠦᠬᠡᠳ ᠲᠤ ᠢᠳᠡᠬᠦᠯᠵᠦ ᠪᠤᠯᠬᠤ ᠦᠬᠡᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠷᠠᠳᠢᠤ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号