ᠡᠳᠡᠭᠡᠷ ᠡᠪᠡᠳᠴᠢᠳᠡᠨ ᠸᠢᠷᠦ᠋ᠰ ᠲᠤ ᠬᠠᠯᠳᠠᠪᠦᠷᠢᠯᠠᠬᠳᠠᠪᠠᠯ ᠶᠠᠭᠠᠬᠢᠵᠦ ᠠᠷᠭᠠᠴᠠᠭᠠᠬᠤ ᠪᠤᠢ︖
ᠨᠡᠶᠢᠲᠡᠯᠡᠭᠰᠡᠨ ᠴᠠᠭ᠄
2023/1/4
       ᠵᠢᠷᠦᠬᠡᠨ ᠡᠪᠡᠳᠴᠢᠳᠡᠨ ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠦᠷᠢᠯᠠᠬᠳᠠᠪᠠᠯ ᠡᠮ ᠢᠶᠠᠨ ᠵᠤᠬᠰᠤᠵᠦ ᠪᠤᠯᠤᠨ᠎ᠠ ᠤᠤ︖ ᠦᠮᠡᠨ ᠡᠪᠡᠳᠴᠢᠳᠡᠨ ᠸᠢᠷᠦ᠋ᠰ ᠲᠤ ᠬᠠᠯᠳᠠᠪᠦᠷᠢᠯᠠᠬᠳᠠᠪᠠᠯ ᠦᠷᠭᠦᠯᠵᠢᠯᠡᠨ ᠵᠠᠰᠠᠯᠭ᠎ᠠ ᠬᠢᠵᠦ ᠪᠤᠯᠤᠨ᠎ᠠ ᠤᠤ︖ ᠤᠳᠠᠭᠠᠨ ᠴᠢᠨᠠᠷ ᠲᠠᠢ ᠠᠮᠢᠰᠬᠤᠯ ᠤᠨ ᠵᠠᠮ ᠤᠨ ᠡᠪᠡᠳᠴᠢᠳᠡᠨ ᠶᠠᠭᠤ ᠶᠢ ᠠᠩᠬᠠᠷᠬᠤ ᠴᠢᠬᠤᠯᠠ ᠲᠠᠢ ᠪᠤᠢ︖ ᠰᠦᠯᠵᠢᠶ᠎ᠡ ᠠᠰᠢᠬᠯᠠᠬᠴᠢᠳ ᠤᠨ ᠠᠩᠬᠠᠷᠴᠦ ᠪᠠᠶᠢᠭ᠎ᠠ ᠡᠳᠡᠭᠡᠷ ᠠᠰᠠᠭᠤᠳᠠᠯ ᠳᠤ ᠬᠠᠨᠳᠤᠭᠤᠯᠵᠦ᠂ ᠲᠦᠷᠦ ᠶᠢᠨ ᠶᠠᠪᠤᠳᠠᠯ ᠤᠨ ᠬᠤᠷᠢᠶᠠᠨ ᠤ ᠬᠢᠵᠢᠭ ᠢ ᠰᠡᠷᠭᠡᠶᠢᠯᠡᠨ ᠲᠠᠷᠤᠬᠤ ᠬᠠᠮᠳᠤᠷᠠᠨ ᠠᠵᠢᠯᠯᠠᠬᠤ ᠲᠤᠬᠳᠠᠴᠠ ᠶᠢᠨ ᠬᠢᠨ ᠲᠤᠰᠬᠠᠢ ᠮᠡᠷᠭᠡᠵᠢᠯᠳᠡᠨ ᠤᠷᠢᠵᠦ ᠡᠨᠡ ᠲᠤᠬᠠᠢ ᠲᠠᠶᠢᠯᠪᠦᠷᠢ ᠬᠢᠯᠭᠡᠭᠰᠡᠨ ᠪᠠᠶᠢᠨ᠎ᠠ᠃        ᠠᠮᠢᠰᠬᠤᠯ ᠤᠨ ᠰᠢᠰᠲ᠋ᠧᠮ ᠤᠨ ᠡᠪᠡᠳᠴᠢᠨ ᠳᠤ ᠨᠡᠷᠪᠡᠭᠳᠡᠭᠰᠡᠨ ᠦᠨᠳᠦᠷ ᠨᠠᠰᠤᠲᠠᠢ ᠡᠪᠡᠳᠴᠢᠳᠡᠳ ᠬᠡᠷ  ᠲᠡᠭᠡᠨ ᠬᠦᠴᠢᠯᠳᠦ᠋ᠷᠦᠭᠴᠢ ᠬᠠᠩᠭᠠᠬᠤ ᠪᠠᠭᠠᠵᠢ ᠪᠡᠯᠡᠳᠭᠡᠵᠦ ᠪᠠᠶᠢᠩᠭᠤ ᠬᠦᠴᠢᠯᠳᠦ᠋ᠷᠦᠭᠴᠢ ᠰᠤᠷᠤᠵᠦ ᠪᠠᠶᠢᠬᠤ ᠴᠢᠬᠤᠯᠠᠳᠠᠢ᠃ ᠡᠭᠦᠨ ᠤ ᠬᠠᠮᠳᠤ ᠪᠠᠰᠠ ᠰᠤᠳᠠᠯ ᠢᠶᠠᠷ ᠴᠢᠰᠤᠨ ᠤ ᠬᠦᠴᠢᠯᠳᠦ᠋ᠷᠦᠭᠴᠢ ᠶᠢ ᠬᠡᠮᠵᠢᠬᠦ ᠪᠠᠭᠠᠵᠢ ᠪᠡᠯᠡᠳᠭᠡᠵᠦ᠂ ᠴᠢᠰᠤᠨ ᠲᠤᠳᠤᠷᠠᠬᠢ ᠬᠦᠴᠢᠯᠳᠦ᠋ᠷᠦᠭᠴᠢ ᠶᠢᠨ ᠬᠡᠮᠵᠢᠶᠡᠨ ᠤ ᠪᠠᠶᠢᠳᠠᠯ ᠢ ᠨᠢ ᠴᠠᠭ ᠢᠮᠠᠬᠳᠠ ᠠᠵᠢᠬᠯᠠᠨ᠂ ᠬᠦᠴᠢᠯᠳᠦ᠋ᠷᠦᠭᠴᠢ ᠶᠢᠨ ᠬᠡᠮᠵᠢᠶ᠎ᠡ ᠨᠢ 90 ᠠᠴᠠ ᠲᠤᠷᠤᠬᠰᠢ ᠪᠠᠶᠢᠪᠠᠯ᠂ ᠡᠷᠬᠡᠪᠰᠢ ᠡᠮᠨᠡᠯᠬᠡ ᠳᠤ ᠠᠪᠠᠴᠢᠵᠦ ᠦᠵᠡᠭᠦᠯᠬᠦ ᠬᠡᠷᠡᠭᠳᠡᠢ᠃        ᠵᠢᠷᠦᠬᠡᠨ ᠡᠪᠡᠳᠴᠢᠳᠡᠳ ᠸᠢᠷᠦ᠋ᠰ ᠲᠤ ᠬᠠᠯᠳᠠᠪᠦᠷᠢᠯᠠᠬᠳᠠᠬᠰᠠᠨ ᠬᠤᠭᠤᠴᠠᠭᠠᠨ ᠳᠤ᠂ ᠡᠩ ᠤᠨ ᠪᠠᠶᠢᠳᠠᠯ ᠳᠤ ᠤᠤᠯ ᠤᠨ ᠶᠤᠰᠤᠭᠠᠷ ᠡᠮ ᠲᠠᠩ ᠢᠶᠠᠨ ᠤᠤᠭᠤᠬᠤ ᠬᠡᠷᠡᠭᠳᠡᠢ᠂ ᠡᠮ ᠢᠶᠠᠨ ᠲᠤᠷ᠎ᠠ ᠪᠠᠷ ᠢᠶᠠᠨ ᠵᠤᠬᠰᠤᠭᠠᠵᠦ ᠪᠤᠯᠬᠤ ᠦᠭᠡᠢ ᠶᠤᠮ ᠪᠠᠶᠢᠨ᠎ᠠ᠃        ᠦᠮᠡᠨ ᠡᠪᠡᠳᠴᠢᠳᠡᠨ ᠸᠢᠷᠦ᠋ᠰ ᠲᠤ ᠬᠠᠯᠳᠠᠪᠦᠷᠢᠯᠠᠬᠳᠠᠪᠠᠯ᠂ ᠡᠪᠡᠳᠴᠢᠨ ᠨᠢ ᠲᠤᠬᠳᠠᠭᠤᠨ ᠪᠠᠶᠢᠭ᠎ᠠ ᠦᠶ᠎ᠡ  ᠳᠤ᠂ ᠸᠢᠷᠦ᠋ᠰ ᠢ ᠰᠡᠷᠭᠡᠶᠢᠯᠡᠨ ᠵᠠᠰᠠᠬᠤ ᠲᠠᠯ᠎ᠠ ᠪᠠᠷ ᠡᠩ ᠤᠨ ᠬᠦᠮᠦᠰ ᠲᠠᠢ ᠠᠳᠠᠯᠢᠬᠠᠨ ᠪᠠᠶᠢᠪᠠᠯ ᠪᠤᠯᠴᠢᠬᠠᠨ᠎ᠠ᠂ ᠬᠡᠷᠪᠡ ᠦᠮᠡᠨ ᠢ ᠡᠮᠨᠡᠨ ᠵᠠᠰᠠᠵᠦ ᠪᠠᠶᠢᠬᠤ ᠬᠤᠭᠤᠴᠠᠭᠠᠨ ᠳᠤ ᠸᠢᠷᠦ᠋ᠰ ᠲᠤ ᠬᠠᠯᠳᠠᠪᠦᠷᠢᠯᠠᠬᠳᠠᠪᠠᠯ᠂ ᠦᠮᠡᠨ ᠢ ᠵᠠᠰᠠᠬᠤ ᠵᠠᠰᠠᠯᠭ᠎ᠠ᠂ ᠢᠯᠠᠩᠭᠤᠶ᠎ᠠ ᠬᠢᠮᠢ ᠶᠢᠨ ᠵᠠᠰᠠᠯᠭ᠎ᠠ᠂ ᠲᠠᠷᠬᠠᠯᠠᠭ᠎ᠠ ᠶᠢ ᠰᠠᠶᠢᠵᠢᠷᠠᠭᠤᠯᠬᠤ ᠵᠠᠰᠠᠯᠭ᠎ᠠ ᠪᠠ ᠰᠠᠴᠤᠷᠠᠭ ᠵᠠᠰᠠᠯᠭ᠎ᠠ ᠵᠡᠷᠭᠡ ᠶᠢ ᠪᠦᠷ ᠵᠤᠬᠰᠤᠭᠠᠪᠠᠯ ᠵᠤᠬᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠷᠠᠳᠢᠤ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号