ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ ᠬᠠᠮᠲᠤ ᠶᠢᠨ ᠰᠤᠷᠤᠯᠴᠠᠯᠭ᠎ᠠ ᠬᠢᠪᠡ ᠰᠦᠨ ᠱᠤᠤ ᠴᠧᠩ ᠬᠤᠷᠠᠯ ᠢ ᠡᠷᠭᠢᠯᠡᠵᠦ ᠸᠠᠩ ᠯᠢ ᠰᠢᠶᠠ ᠣᠷᠣᠯᠴᠠᠵᠠᠢ
ᠨᠡᠶᠢᠲᠡᠯᠡᠭᠰᠡᠨ ᠴᠠᠭ᠄
2023/1/4
     12 ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠪᠠᠷ ᠭᠤᠣᠯ ᠰᠡᠳᠦᠪ ᠪᠣᠯᠭᠠᠨ 2022 ᠣᠨ ᠤ ᠠᠷᠪᠠᠨ ᠨᠢᠭᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ᠃ ᠰᠦᠨ ᠱᠤᠤ ᠴᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃      ᠸᠠᠩ ᠯᠢ ᠰᠢᠶᠠ᠂ ᠶᠠᠩ ᠸᠧᠢ ᠳ᠋ᠦᠩ᠂ ᠯᠢᠦ ᠱᠤᠸᠠᠩ᠂ ᠵᠧᠩ ᠬᠤᠩ ᠹᠠᠨ᠂ ᠳ᠋ᠢᠩ ᠰᠢᠤ ᠹᠧᠩ᠂ ᠬᠤᠸᠠᠩ ᡁᠢ ᠴᠢᠶᠠᠩ᠂ ᠢᠦᠢ ᠯᠢ ᠰᠢᠨ ᠭᠤᠣᠯᠳᠠᠯᠭ᠎ᠠ ᠲᠠᠢ ᠦᠭᠡ ᠬᠡᠯᠡᠪᠡ᠃      ᠰᠦᠨ ᠱᠤᠤ ᠴᠧᠩ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠠᠮᠢ ᠠᠬᠤᠢ ᠣᠷᠴᠢᠨ ᠲᠣᠭᠤᠷᠢᠨ ᠤ ᠪᠠᠶᠢᠳᠠᠯ ᠢ ᠢᠮᠠᠭᠲᠠ ᠰᠡᠳᠬᠢᠯ ᠳᠡᠭᠡᠨ ᠪᠤᠳᠤᠵᠥ᠂ ᠮᠠᠨ ᠤ ᠣᠷᠣᠨ ᠳᠤ ᠥᠭᠭᠦᠭᠰᠡᠨ ᠴᠢᠬᠤᠯᠠ ᠵᠢᠭᠠᠪᠤᠷᠢ ᠳᠠᠭᠠᠨ ᠬᠠᠮᠤᠭ ᠤᠨ ᠤᠯᠠᠨ ᠴᠢᠬᠤᠯᠠᠴᠢᠯᠠᠭᠰᠠᠨ ᠨᠢ ᠳᠠᠷᠤᠢ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠣᠯᠣᠨ᠎ᠠ᠂ ᠮᠠᠨ ᠤ ᠣᠷᠣᠨ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢᠨ ᠳᠣᠲᠣᠷ᠎ᠠ ᠲᠡᠷᠢᠭᠦᠨ ᠪᠠᠶᠢᠷᠢᠨ ᠳᠤ ᠲᠠᠯᠪᠢᠭᠰᠠᠨ ᠨᠢ ᠳᠠᠷᠤᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠶᠠᠪᠤᠳᠠᠯ ᠪᠣᠯᠣᠨ᠎ᠠ᠃ ᠪᠢᠳᠡ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠦᠢᠯᠡᠳᠦᠯᠭᠡᠵᠢᠭᠦᠯᠵᠦ᠂ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠪᠠᠬᠢ ᠴᠣᠭᠴᠠᠯᠠᠬᠤ ᠪᠠᠷ ᠴᠢᠷᠮᠠᠶᠢᠬᠤ ᠬᠡᠷᠡᠭᠲᠡᠢ ᠭᠡᠪᠡ᠃ ᠰᠦᠨ ᠱᠤᠤ ᠴᠧᠩ᠂ ᠪᠦᠭᠦ ᠣᠷᠣᠨ ᠪᠦᠰᠡ ᠶᠢᠨ ᠠᠮᠢ ᠠᠬᠤᠢ ᠶᠢᠨ ᠠᠮᠤᠷ ᠲᠦᠪᠰᠢᠨ ᠤ ᠪᠠᠶᠢᠷᠢᠰᠢᠯ ᠢ ᠲᠦᠷᠭᠡᠨ ᠪᠠᠶᠢᠭᠤᠯᠵᠤ᠂ ᠪᠦᠭᠦ ᠣᠷᠣᠨ ᠪᠠᠶᠢᠷᠢ ᠪᠦᠭᠦ ᠣᠷᠣᠨ ᠪᠦᠰᠡ ᠪᠦᠭᠦ ᠶᠠᠪᠤᠴᠠ ᠪᠠᠷ ᠬᠠᠮᠠᠭᠠᠯᠠᠯᠲᠠ ᠶᠢ ᠴᠢᠩᠭᠠᠳᠬᠠᠵᠤ᠂ ᠪᠠᠶᠢᠭᠠᠯᠢ ᠶᠢᠨ ᠠᠮᠢ ᠠᠬᠤᠢ ᠶᠢᠨ ᠠᠮᠤᠷ ᠲᠦᠪᠰᠢᠨ ᠤ ᠬᠢᠵᠠᠭᠠᠷ ᠢ ᠡᠷᠡᠰ ᠰᠠᠬᠢᠬᠤ ᠬᠡᠷᠡᠭᠲᠡᠢ᠃ ᠠᠮᠢ ᠠᠬᠤᠢ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠠᠭᠤᠴᠢᠨ ᠥᠷᠢ ᠪᠠᠨ ᠢᠯᠡᠭᠦᠬᠡᠨ ᠲᠥᠯᠥᠵᠦ᠂ ᠰᠢᠨ᠎ᠡ ᠥᠷᠢ ᠭᠠᠷᠭᠠᠬᠤ ᠦᠭᠡᠢ ᠪᠠᠶᠢᠵᠤ᠂ ᠣᠨᠢᠨ ᠳᠡᠭᠡᠷ᠎ᠡ ᠨᠢ ᠬᠦᠴᠦᠯᠡᠵᠦ᠂ ᠦᠷᠭᠦᠯᠵᠢᠯᠡᠨ ᠬᠦᠴᠦᠯᠡᠵᠦ᠂ ᠠᠷᠠᠳ ᠣᠯᠠᠨ ᠳᠤ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠤᠨ ᠰᠠᠶᠢᠵᠢᠷᠠᠯᠲᠠ ᠶᠢ ᠦᠨᠡᠨ ᠬᠦ ᠮᠡᠳᠡᠷᠡᠭᠦᠯᠬᠦ ᠬᠡᠷᠡᠭᠲᠡᠢ᠃ ᠪᠣᠬᠢᠷᠳᠤᠯ ᠦᠭᠡᠢ ᠬᠥᠭᠵᠢᠯᠲᠡ ᠶᠢ ᠶᠡᠭᠡ ᠪᠠᠷ ᠠᠬᠢᠭᠤᠯᠵᠤ᠂ ︽ᠬᠤᠣᠰ ᠨᠡᠭᠦᠷᠡᠰᠦᠲᠥ᠋ᠷᠥᠭᠴᠢ︾ ᠶᠢ ᠢᠳᠡᠪᠬᠢᠲᠡᠢ ᠯᠠᠪᠳᠠᠭᠤᠨ ᠢᠶᠠᠷ ᠠᠬᠢᠭᠤᠯᠵᠤ᠂ ᠡᠨᠧᠷᠭᠢ ᠵᠡᠷᠭᠡ ᠭᠤᠣᠯᠳᠠᠯᠭ᠎ᠠ ᠲᠠᠢ ᠠᠵᠤ ᠦᠢᠯᠡᠰ ᠤᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠠᠯᠬᠤᠭ᠎ᠠ ᠶᠢ ᠲᠦᠷᠭᠡᠳᠬᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠠᠮᠢ ᠠᠬᠤᠢ ᠶᠢᠨ ᠮᠠᠯ ᠠᠵᠤ ᠠᠬᠤᠢ ᠲᠠᠷᠢᠶᠠᠯᠠᠩ᠂ ᠠᠮᠢ ᠠᠬᠤᠢ ᠶᠢᠨ ᠵᠢᠭᠤᠯᠴᠢᠯᠠᠯ ᠤᠨ ᠦᠢᠯᠡᠰ ᠢ ᠬᠥᠭᠵᠢᠭᠦᠯᠵᠦ᠂ ᠭᠠᠵᠠᠷ ᠰᠢᠷᠣᠢ ᠪᠣᠯᠣᠨ ᠨᠡᠭᠦᠷᠡᠰᠦᠲᠥ᠋ᠷᠥᠭᠴᠢ ᠶᠢ ᠰᠢᠩᠭᠡᠬᠡᠨ ᠠᠪᠬᠤ ᠭᠦᠢᠴᠡᠳᠬᠡᠯ ᠲᠤᠭ᠎ᠠ ᠶᠢᠨ ᠠᠷᠠᠯᠵᠢᠶᠠᠨ ᠤ ᠠᠵᠢᠯ ᠢ ᠰᠠᠶᠢᠲᠤᠷ ᠬᠢᠵᠦ᠂ ᠲᠦᠷᠦᠯ ᠵᠦᠢᠯ ᠢ ᠵᠥᠪᠰᠢᠶᠡᠷᠡᠬᠦ ᠪᠣᠭᠤᠮᠲᠠ ᠶᠢ ᠴᠢᠩᠭ᠎ᠠ ᠰᠠᠬᠢᠵᠤ᠂ ᠵᠠᠷᠢᠮ ᠲᠦᠷᠦᠯ ᠵᠦᠢᠯ ᠢ ᠤᠷᠤᠭᠤᠯᠬᠤ ᠦᠭᠡᠢ ᠠᠴᠠ ᠪᠢᠰᠢ ᠳᠤᠷ᠎ᠠ ᠪᠠᠷ ᠢᠶᠠᠨ ᠪᠠᠶᠢᠭᠤᠯᠵᠤ ᠪᠤᠯᠬᠤ ᠦᠭᠡᠢ᠃ ᠨᠡᠶᠢᠭᠡᠮ ᠳᠠᠶᠠᠭᠠᠷ ᠲᠤ ᠠᠷᠪᠢᠯᠠᠨ ᠭᠠᠮᠨᠠᠬᠤ᠂ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠶᠢ ᠶᠡᠭᠡ ᠪᠠᠷ ᠰᠠᠨᠠᠭᠠᠴᠢᠯᠠᠵᠤ᠂ ᠲᠣᠭᠲᠠᠴᠠ ᠶᠢ ᠲᠡᠭᠦᠯᠳᠡᠷᠵᠢᠭᠦᠯᠬᠦ ᠪᠠᠷ ᠳᠠᠮᠵᠢᠭᠤᠯᠤᠨ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨ ᠠᠰᠢᠭᠯᠠᠬᠤ ᠶᠢ ᠠᠬᠢᠭᠤᠯᠬᠤ ᠶᠢ ᠨᠡᠩ ᠴᠢᠬᠤᠯᠠᠴᠢᠯᠠᠬᠤ ᠬᠡᠷᠡᠭᠲᠡᠢ ᠭᠡᠪᠡ᠃      ᠰᠦᠨ ᠱᠤᠤ ᠴᠧᠩ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ ᠪᠣᠯ ᠤᠯᠤᠰ ᠲᠦᠷᠦ ᠶᠢᠨ ᠡᠭᠦᠷᠭᠡ ᠮᠥᠨ᠂ ᠡᠯ᠎ᠡ ᠭᠠᠵᠠᠷ ᠣᠷᠣᠨ ᠤ ᠬᠢᠨ ᠳᠠᠩᠰᠠ ᠮᠡᠳᠡᠭᠦᠯᠭᠦ ᠤᠬᠠᠮᠰᠠᠷ᠂ ᠰᠢᠯᠭᠠᠯᠲᠠ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠴᠡᠭᠴᠡᠯᠡᠨ ᠰᠠᠶᠢᠵᠢᠷᠠᠭᠤᠯᠵᠤ᠂ ᠱᠠᠯᠠᠪᠳᠠᠨ ᠰᠠᠶᠢᠵᠢᠷᠠᠭᠤᠯᠵᠤ᠂ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠲᠡᠷᠡ ᠶᠣᠰᠣᠭᠠᠷ ᠨᠢ ᠪᠡᠶᠡᠯᠡᠭᠦᠯᠬᠦ ᠬᠡᠷᠡᠭᠲᠡᠢ᠂ ᠪᠤᠰᠤᠳ ᠢᠶᠠᠷ ᠱᠠᠯᠠᠪᠳᠠᠭᠤᠯᠤᠭᠠᠳ ᠯᠡ ᠪᠠᠶᠢᠵᠤ ᠪᠤᠯᠬᠤ ᠦᠭᠡᠢ᠃ ᠣᠯᠠᠨᠲᠠ ᠰᠤᠷᠭᠠᠪᠠᠴᠤ ᠴᠡᠭᠴᠡᠯᠡᠨ ᠰᠠᠶᠢᠵᠢᠷᠠᠭᠤᠯᠬᠤ ᠦᠭᠡᠢ᠂ ᠬᠤᠳᠠᠯ ᠬᠡᠯᠡᠵᠦ ᠬᠠᠭᠤᠷᠮᠠᠭᠯᠠᠨ ᠦᠢᠯᠡᠳᠦᠭᠰᠡᠳ ᠢ ︽ᠶᠠᠯ᠎ᠠ ᠶᠢ ᠨᠢ ᠬᠦᠨᠳᠦᠷᠡᠭᠦᠯᠵᠦ︾᠂ ᠴᠢᠩᠭ᠎ᠠ ᠰᠢᠢᠳᠪᠦᠷᠢᠯᠡᠬᠦ ᠬᠡᠷᠡᠭᠲᠡᠢ ᠭᠡᠪᠡ᠃
 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号