2022 ᠣᠨ ᠤ 12 ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ | ᠶᠠᠷᠢᠯᠴᠠᠬᠤ ᠬᠤᠷᠠᠯ ᠬᠤᠷᠠᠯᠳᠤᠭᠤᠯᠵᠤ᠂ ᠨᠠᠮ ᠤᠨ ᠭᠠᠳᠠᠨᠠᠬᠢ ᠬᠥᠮᠥᠰ ᠤᠨ ᠵᠠᠰᠠᠭ ᠤᠨ ᠣᠷᠳᠣᠨ ᠤ ᠠᠵᠢᠯ ᠤᠨ | ᠢᠯᠡᠳᠬᠡᠯ ᠤᠨ ᠲᠤᠬᠠᠢ ᠰᠠᠨᠠᠯ ᠰᠠᠨᠠᠭᠤᠯᠭ᠎ᠠ ᠶᠢ ᠰᠣᠨᠣᠰᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠶᠠᠷᠢᠯᠴᠠᠬᠤ | ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ | ᠬᠤᠷᠠᠯ ᠳᠡᠭᠡᠷ᠎ᠡ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠬᠤᠷᠢᠶ᠎ᠠ ᠶᠢᠨ ᠡᠷᠭᠢᠯᠡᠭᠴᠢ ᠭᠡᠰᠢᠭᠦᠨ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ | ᠬᠠᠷᠢᠭᠤᠴᠠᠯᠭᠠᠲᠠᠨ᠂ ᠨᠠᠮ ᠪᠦᠯᠦᠭ ᠤᠨ ᠪᠤᠰᠤ ᠬᠥᠮᠥᠰ ᠤᠨ ᠲᠥᠯᠥᠭᠡᠯᠡᠭᠴᠢ ᠠᠨ ᠷᠦᠨ ᠱᠧᠩ᠂ ᠪᠠᠢ ᠴᠢᠩ ᠶᠤᠸᠠᠨ᠂ | ᠵᠤᠤ ᠵᠢᠢ᠂ ᠰᠦᠨ ᠵᠢᠶᠦ᠋ᠨ ᠴᠢᠩ᠂ ᠶᠦᠨ ᡁᠢ ᠾᠧᠦ᠂ ᠢᠦᠢ ᠷᠧᠨ ᠵᠢᠶᠧ᠂ ᠯᠢ ᠪᠢᠨ ᠤᠷᠢᠳ ᠬᠤᠵᠢᠳ ᠠᠳᠠᠯᠢ | ᠪᠤᠰᠤ ᠬᠠᠷᠠᠭᠠᠰᠤ ᠠᠴᠠ ᠰᠠᠨᠠᠯ ᠰᠠᠨᠠᠭᠤᠯᠭ᠎ᠠ ᠳᠤᠷᠠᠳᠪᠠ᠃ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠡᠮᠦᠨ᠎ᠡ ᠠᠴᠠ ᠡᠯ᠎ᠡ ᠠᠷᠠᠳᠴᠢᠯᠠᠭᠰᠠᠨ ᠨᠠᠮ ᠪᠦᠯᠦᠭ᠂ | ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠣᠯᠣᠨ ᠨᠠᠮ ᠪᠦᠯᠦᠭ ᠤᠨ ᠪᠤᠰᠤ ᠬᠥᠮᠥᠰ ᠤᠨ ᠤᠷᠳᠤ ᠬᠤᠭᠤᠴᠠᠭᠠᠨ ᠤ | ᠲᠤᠷᠰᠢ ᠵᠠᠰᠠᠭ ᠤᠨ ᠣᠷᠳᠣᠨ ᠤ ᠠᠵᠢᠯ ᠢ ᠬᠠᠯᠠᠮᠵᠢᠯᠠᠨ ᠳᠡᠮᠵᠢᠭᠰᠡᠨ᠂ ᠪᠦᠭᠦ ᠣᠷᠣᠨ ᠤ ᠠᠵᠤ ᠠᠬᠤᠢ ᠨᠡᠶᠢᠭᠡᠮ ᠤᠨ | ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ | ᠢᠯᠡᠳᠬᠡᠪᠡ᠃ ᠤᠯᠠᠨ ᠤ ᠭᠡᠯᠡᠭᠦ ᠶᠢ ᠨᠠᠷᠢᠨ ᠬᠢᠨᠠᠮᠠᠭᠠᠢ ᠰᠣᠨᠣᠰᠤᠭᠰᠠᠨ ᠤ ᠪᠠᠨ ᠳᠠᠷᠠᠭ᠎ᠠ᠂ ᠲᠡᠷᠡ᠂ ᠣᠯᠠᠨ ᠢᠶᠠᠷ ᠢᠶᠠᠨ | ᠬᠡᠬᠦᠳᠡᠭ ᠴᠡᠭᠡᠵᠢᠨ ᠳᠡᠭᠡᠨ ᠶᠡᠭᠡ ᠲᠠᠯ᠎ᠠ ᠶᠢ ᠪᠠᠭᠲᠠᠭᠠᠵᠤ᠂ ᠯᠠᠪᠳᠠᠭᠤᠨ ᠪᠠᠲᠤᠲᠠᠢ ᠠᠵᠢᠯᠯᠠᠵᠤ᠂ ᠭᠤᠣᠯᠳᠠᠯᠭ᠎ᠠ ᠲᠠᠢ | ᠠᠰᠠᠭᠤᠳᠠᠯ᠂ ᠬᠠᠯᠠᠮᠰᠢᠯ ᠠᠰᠠᠭᠤᠳᠠᠯ ᠪᠠ ᠵᠠᠩᠭᠢᠯᠠᠭ᠎ᠠ ᠶᠢᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ | ᠮᠠᠰᠢ ᠣᠯᠠᠨ ᠦᠨᠡᠨ ᠦᠵᠡᠯᠲᠡ ᠮᠡᠷᠭᠡᠨ ᠪᠣᠳᠣᠯᠭ᠎ᠠ ᠳᠤᠷᠠᠳᠪᠠ᠂ ᠪᠢᠳᠡ ᠨᠠᠷᠢᠨ ᠬᠢᠨᠠᠮᠠᠭᠠᠢ ᠰᠤᠳᠤᠯᠵᠤ᠂ ᠭᠦᠢᠴᠡᠳ | ᠰᠢᠩᠭᠡᠬᠡᠨ ᠠᠪᠴᠤ᠂ ᠲᠠᠷᠠᠭᠠᠴᠢ ᠶᠢᠨ ᠠᠯᠬᠤᠮ ᠤᠨ ᠠᠵᠢᠯ ᠳᠠᠭᠠᠨ ᠢᠯᠡᠷᠡᠭᠦᠯᠭᠦ ᠪᠣᠯᠣᠨ᠎ᠠ ᠭᠡᠪᠡ᠃ | ᠸᠠᠩ ᠯᠢ ᠰᠢᠶᠠ᠂ ᠤᠯᠠᠨ ᠢᠶᠠᠷ ᠢᠶᠠᠨ ᠥᠩᠭᠡᠷᠡᠭᠰᠡᠨ ᠲᠠᠢ ᠪᠠᠨ ᠠᠳᠠᠯᠢ ᠪᠠᠷ ᠵᠠᠰᠠᠭ ᠤᠨ ᠣᠷᠳᠣᠨ ᠤ | ᠠᠵᠢᠯ ᠢ ᠬᠠᠯᠠᠮᠵᠢᠯᠠᠨ ᠳᠡᠮᠵᠢᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠭᠦᠢᠴᠡᠳᠬᠡᠬᠦ ᠶᠢᠨ ᠲᠣᠭᠤᠷᠢᠨ ᠳᠤ᠂ ᠠᠷᠠᠳᠴᠢᠯᠠᠯ ᠢᠶᠠᠷ | ᠬᠢᠨᠠᠯᠲᠠ ᠲᠠᠯᠪᠢᠬᠤ᠂ ᠲᠦᠷᠦ ᠶᠢᠨ ᠶᠠᠪᠤᠳᠠᠯ ᠳᠤ ᠣᠷᠣᠯᠴᠠᠵᠤ ᠲᠦᠷᠦ ᠶᠢᠨ ᠶᠠᠪᠤᠳᠠᠯ ᠢ ᠵᠥᠪᠯᠡᠭᠦ ᠡᠭᠦᠷᠭᠡ | ᠴᠢᠳᠠᠪᠬᠢ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠪᠠᠶᠢᠴᠠᠭᠠᠨ ᠰᠤᠳᠤᠯᠤᠯᠲᠠ ᠬᠢᠬᠦ ᠪᠠᠨ ᠴᠢᠩᠭᠠᠳᠬᠠᠨ᠂ | ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠵᠤ᠂ ᠦᠵᠡᠯ ᠰᠠᠨᠠᠭᠠᠨ ᠤ ᠲᠠᠯ᠎ᠠ ᠪᠠᠷ ᠰᠡᠳᠬᠢᠯ ᠨᠢᠭᠡᠲᠡᠢ᠂ ᠬᠠᠷᠠᠯᠲᠠ ᠶᠢᠨ | ᠲᠠᠯ᠎ᠠ ᠪᠠᠷ ᠴᠢᠭᠯᠡᠯ ᠨᠢᠭᠡᠲᠡᠢ᠂ ᠠᠵᠢᠯᠯᠠᠭ᠎ᠠ ᠶᠢᠨ ᠲᠠᠯ᠎ᠠ ᠪᠠᠷ ᠵᠡᠷᠭᠡ ᠪᠠᠷ ᠤᠷᠤᠭᠰᠢᠯᠠᠵᠤ᠂ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠠᠷ | ᠬᠤᠯᠪᠣᠨ ᠲᠡᠷᠡ ᠶᠣᠰᠣᠭᠠᠷ ᠨᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃ | ᠬᠤᠸᠠᠩ ᡁᠢ ᠴᠢᠶᠠᠩ ᠶᠠᠷᠢᠯᠴᠠᠬᠤ ᠬᠤᠷᠠᠯ ᠳᠤ ᠣᠷᠣᠯᠴᠠᠵᠠᠢ᠃ | | |