ᠮᠠᠨ ᠤ ᠬᠤᠰᠢᠭᠤ ᠪᠣᠭᠤᠮᠲᠠ ᠨᠡᠪᠲᠡᠷᠡᠬᠦ ᠬᠡᠯᠪᠡᠷᠢ ᠶᠢᠨ ᠠᠬᠢᠴᠠ ᠶᠢ ᠲᠦᠷᠭᠡᠳᠬᠡᠨ ᠰᠢᠯᠢᠳᠡᠭᠵᠢᠭᠦᠯᠵᠦ ᠨᠢᠭᠡᠳᠦᠯᠲᠡᠢ ᠲᠦᠯᠦᠪᠵᠢᠭᠦᠯᠦᠨ ᠵᠣᠬᠢᠴᠠᠭᠤᠯᠬᠤ ᠶᠢ ᠴᠢᠩᠭᠠᠳᠬᠠᠨ ᠪᠣᠭᠤᠮᠲᠠ ᠶᠢᠨ ᠠᠵᠤ ᠠᠬᠤᠢ ᠶᠢᠨ ᠴᠢᠨᠠᠷᠯᠢᠭ ᠬᠦᠭᠵᠢᠯᠲᠡ ᠳᠤ ᠬᠦᠴᠦᠨ ᠨᠡᠮᠡᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2023/1/5
      ᠬᠢᠵᠢᠭ ᠤᠨ ᠪᠠᠶᠢᠳᠠᠯ ᠤᠨ ᠨᠦᠯᠦᠭᠡ ᠠᠴᠠ ᠪᠣᠯᠵᠤ᠂ 2020 ᠣᠨ ᠤ 2 ᠰᠠᠷ᠎ᠠ ᠠᠴᠠ ᠣᠳᠤ ᠪᠣᠯᠲᠠᠯ᠎ᠠ ᠠᠷᠤᠬᠠᠰᠢᠶᠠᠲᠤ ᠬᠢᠯᠢ ᠶᠢᠨ ᠪᠣᠭᠤᠮᠲᠠ ᠡᠭᠦᠳᠡ ᠪᠠᠨ ᠬᠠᠭᠠᠭᠰᠠᠨ ᠶᠤᠮ᠃ ᠲᠦᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠭᠠᠳᠠᠭᠠᠳᠤ ᠶᠠᠪᠤᠳᠠᠯ ᠤᠨ ᠳᠤᠭᠤᠶᠢᠯᠠᠩ ᠤᠨ ᠬᠠᠮᠢᠶᠠᠲᠠᠢ ᠠᠵᠢᠯ ᠤᠨ ᠮᠡᠳᠡᠭᠳᠡᠯ ᠪᠠ ᠦᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠶᠢᠨ ᠴᠣᠬᠤᠯᠠᠪᠤᠷᠢ ᠶᠢᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠰᠢᠭᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ 2023 ᠣᠨ ᠤ 1 ᠰᠠᠷ᠎ᠠ ᠶᠢᠨ 19 ᠤ ᠡᠳᠦᠷ ᠠᠷᠤᠬᠠᠰᠢᠶᠠᠲᠤ ᠬᠢᠯᠢ ᠶᠢᠨ ᠪᠣᠭᠤᠮᠲᠠ ᠶᠢ ᠨᠡᠪᠲᠡᠷᠡᠭᠦᠯᠬᠦ ᠪᠠᠷ ᠲᠣᠭᠲᠠᠪᠠ᠃
      ᠮᠠᠨ ᠤ ᠬᠤᠰᠢᠭᠤᠨ ᠤ ᠭᠠᠳᠠᠭᠠᠳᠤ ᠠᠷᠠᠯᠵᠢᠶ᠎ᠠ ᠶᠢᠨ ᠠᠵᠢᠯ ᠤᠨ ᠡᠷᠭᠦᠯ ᠡᠮᠬᠢ ᠲᠢᠭᠯᠢᠮ ᠲᠠᠢ ᠬᠦᠭᠵᠢᠯᠲᠡ ᠶᠢ ᠠᠬᠢᠭᠤᠯᠵᠤ᠂ ᠠᠵᠤ ᠠᠬᠤᠶᠢᠯᠠᠯ ᠤᠨ ᠬᠢᠯᠢ ᠶᠢᠨ ᠪᠣᠭᠤᠮᠲᠠ ᠪᠠᠷ ᠦᠩᠭᠡᠷᠡᠬᠦ ᠪᠠᠷᠠᠭᠠᠨ ᠤ ᠶᠠᠪᠤᠴᠠ ᠳᠤ ᠣᠷᠣᠰᠢᠵᠤ ᠪᠠᠶᠢᠭ᠎ᠠ ᠬᠦᠴᠢᠷᠲᠡᠢ ᠠᠰᠠᠭᠤᠳᠠᠯ ᠢ ᠣᠶᠢᠯᠠᠭᠠᠬᠤ ᠶᠢᠨ ᠲᠦᠯᠦᠭᠡ᠂ 1 ᠰᠠᠷ᠎ᠠ ᠶᠢᠨ 3 ᠤ ᠡᠳᠦᠷ᠂ ᠬᠤᠰᠢᠭᠤᠨ ᠤ ᠭᠠᠳᠠᠭᠠᠳᠤ ᠶᠠᠪᠤᠳᠠᠯ ᠤᠨ ᠠᠯᠪᠠᠨ ᠭᠡᠷ ᠠᠴᠠ ᠭᠠᠳᠠᠭᠠᠳᠤ ᠠᠷᠠᠯᠵᠢᠶ᠎ᠠ ᠶᠢᠨ ᠠᠵᠤ ᠠᠬᠤᠶᠢᠯᠠᠯ ᠢ ᠵᠣᠬᠢᠶᠠᠨ ᠪᠠᠶᠢᠭᠤᠯᠵᠤ᠂ ᠰᠦᠯᠵᠢᠶᠡᠨ ᠳᠡᠭᠡᠷ᠎ᠡ ᠶᠠᠷᠢᠯᠴᠠᠬᠤ ᠬᠤᠷᠠᠯ ᠬᠤᠷᠠᠯᠳᠤᠭᠤᠯᠤᠨ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠲᠢᠶᠡᠨ ᠹᠧᠩ ᠯᠢᠨ ᠵᠢᠴᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠭᠠᠳᠠᠭᠠᠳᠤ ᠶᠠᠪᠤᠳᠠᠯ ᠤᠨ ᠠᠯᠪᠠᠨ ᠭᠡᠷ ᠤᠨ ᠬᠠᠮᠢᠶᠠᠲᠠᠢ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃       ᠬᠤᠷᠠᠯ ᠳᠡᠭᠡᠷ᠎ᠡ᠂ ᠭᠠᠳᠠᠭᠠᠳᠤ ᠶᠠᠪᠤᠳᠠᠯ ᠤᠨ ᠠᠯᠪᠠᠨ ᠭᠡᠷ ᠠᠴᠠ ᠠᠷᠤᠬᠠᠰᠢᠶᠠᠲᠤ ᠬᠢᠯᠢ ᠶᠢᠨ ᠪᠣᠭᠤᠮᠲᠠ ᠶᠢᠨ ᠪᠣᠭᠤᠮᠲᠠ ᠨᠡᠪᠲᠡᠷᠡᠬᠦ ᠶᠢ ᠰᠡᠷᠭᠦᠭᠡᠬᠦ ᠪᠡᠯᠡᠳᠬᠡᠯ ᠠᠵᠢᠯ ᠢ ᠦᠷᠨᠢᠭᠦᠯᠵᠦ ᠪᠠᠶᠢᠭ᠎ᠠ ᠪᠠᠶᠢᠳᠠᠯ ᠢ ᠮᠡᠳᠡᠭᠳᠡᠬᠦ ᠶᠢᠨ ᠬᠠᠮᠲᠤ᠂ ᠬᠤᠰᠢᠭᠤᠨ ᠤ ᠳᠣᠷᠣᠨ᠎ᠠ ᠨᠡᠭᠦᠷᠡᠰᠦᠨ ᠤ ᠲᠡᠭᠡᠭᠡᠪᠦᠷᠢ ᠶᠢᠨ ᠺᠤᠮᠫᠠᠨᠢ᠂ ᠬᠤᠰᠢᠭᠤᠨ ᠤ ᠳ᠋ᠦᠩ ᠮᠧᠩ ᠡᠬᠢ ᠪᠠᠶᠠᠯᠢᠭ ᠤᠨ ᠺᠤᠮᠫᠠᠨᠢ ᠵᠡᠷᠭᠡ 10 ᠭᠠᠷᠤᠢ ᠠᠵᠤ ᠠᠬᠤᠶᠢᠯᠠᠯ ᠶᠠᠷᠢᠶ᠎ᠠ ᠲᠠᠯᠪᠢᠪᠡ᠃
       ᠮᠠᠨ ᠤ ᠬᠤᠰᠢᠭᠤ ᠪᠣᠭᠤᠮᠲᠠ ᠶᠢᠨ ᠡᠬᠢ ᠪᠠᠶᠠᠯᠢᠭ ᠤᠨ ᠳᠠᠪᠠᠭᠤᠯᠢᠭ ᠢᠶᠠᠨ ᠠᠰᠢᠭᠯᠠᠵᠤ᠂ ᠤᠯᠤᠰ ᠤᠨ ᠳᠣᠲᠣᠭᠠᠲᠤ ᠭᠠᠳᠠᠭᠠᠳᠤ ᠶᠢᠨ ᠪᠠᠶᠢᠳᠠᠯ ᠤᠨ ᠰᠢᠨ᠎ᠡ ᠬᠤᠪᠢᠷᠠᠯᠲᠠ ᠶᠢ ᠬᠦᠳᠡᠯᠦᠩᠭᠦᠢ ᠠᠷᠭᠠᠴᠠᠵᠤ᠂ ᠭᠠᠳᠠᠭᠠᠳᠤ ᠲᠠᠢ ᠴᠢᠯᠦᠭᠡᠲᠡᠢ ᠶᠠᠪᠤᠯᠴᠠᠬᠤ ᠲᠤᠬᠠᠢ ᠡᠯ᠎ᠡ ᠵᠦᠢᠯ ᠤᠨ ᠲᠦᠷᠥ ᠶᠢᠨ ᠪᠣᠳᠣᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠠᠷᠤᠬᠠᠰᠢᠶᠠᠲᠤ ᠪᠣᠭᠤᠮᠲᠠ ᠶᠢᠨ ᠠᠵᠤ ᠠᠬᠤᠢ ᠶᠢᠨ ᠬᠦᠭᠵᠢᠯᠲᠡ ᠶᠢᠨ ᠣᠯᠣᠭᠰᠠᠨ ᠦᠷ᠎ᠡ ᠪᠦᠲᠦᠮᠵᠢ ᠶᠢᠨ ᠰᠠᠭᠤᠷᠢᠨ ᠳᠡᠭᠡᠷ᠎ᠡ ᠭᠠᠳᠠᠭᠠᠳᠤ ᠠᠷᠠᠯᠵᠢᠶᠠᠨ ᠤ ᠬᠦᠷᠢᠶ᠎ᠡ ᠴᠠᠷᠠᠭᠠᠨ ᠳᠠᠬᠢ ᠰᠢᠨ᠎ᠡ ᠬᠦᠭᠵᠢᠯᠲᠡ ᠶᠢ ᠪᠡᠶᠡᠯᠡᠭᠦᠯᠬᠦ ᠪᠠᠷ ᠪᠤᠢ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号