ᠪᠥᠬᠡᠪᠠᠶᠠᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ 47 ᠳ᠋ᠤᠭᠠᠷ ᠤᠳᠠᠭ᠎ᠠ ᠶᠢᠨ ᠪᠠᠶᠢᠩᠭᠤ ᠶᠢᠨ ᠭᠡᠰᠢᠭᠦᠳ ᠤᠨ ︵ᠥᠷᠭᠡᠳᠬᠡᠭᠰᠡᠨ︶ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/1/5
       1 ᠰᠠᠷ᠎ᠠ ᠶᠢᠨ 4 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠥᠬᠡᠪᠠᠶᠠᠷ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶ᠎ᠠ ᠶᠢᠨ 47 ᠳ᠋ᠤᠭᠠᠷ ᠤᠳᠠᠭ᠎ᠠ ᠶᠢᠨ ᠪᠠᠶᠢᠩᠭᠤ ᠶᠢᠨ ᠭᠡᠰᠢᠭᠦᠳ ᠤᠨ ︵ᠥᠷᠭᠡᠳᠬᠡᠭᠰᠡᠨ︶ ᠬᠤᠷᠠᠯ ᠢ ᠡᠷᠭᠢᠯᠡᠨ ᠬᠤᠷᠠᠯᠳᠤᠭᠤᠯᠪᠠ᠃ ᠯᠢ ᠭᠤᠸᠠᠩ ᠵᠡᠷᠭᠡ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠴᠧᠨ ᠯᠦᠩ ᠨᠠᠷ ᠬᠤᠷᠠᠯ ᠳᠤ ᠰᠤᠯᠠ ᠣᠷᠣᠯᠴᠠᠪᠠ᠃        ᠬᠤᠷᠠᠯ ᠠᠴᠠ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠵᠢᠴᠢ ᠳᠡᠭᠡᠳᠦ ᠱᠠᠲᠤᠨ ᠤ ᠬᠤᠷᠠᠯ᠂ ᠤᠳᠤᠷᠢᠳᠤᠯᠭ᠎ᠠ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃        ᠪᠥᠬᠡᠪᠠᠶᠠᠷ ᠵᠢᠭᠠᠬᠤ ᠳᠠᠭᠠᠨ᠂ ︽ᠬᠤᠶᠠᠷ ᠬᠠᠯᠬᠠᠪᠴᠢ︾ ᠶᠢᠨ ᠪᠦᠲᠦᠭᠡᠨ ᠪᠠᠶᠢᠭᠤᠯᠤᠯᠲᠠ ᠶᠢ ᠭᠤᠶᠢᠪᠢᠰᠢ ᠦᠭᠡᠢ ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠠ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠦᠨᠳᠦᠰᠦᠨ ᠱᠠᠲᠤᠨ ᠤ ᠵᠠᠰᠠᠯᠲᠠ ᠶᠢᠨ ᠪᠦᠬᠦ ᠶᠠᠪᠤᠴᠠ ᠳᠤ ᠠᠭᠤᠰᠤᠯᠴᠠᠭᠤᠯᠵᠤ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠰᠢᠨ᠎ᠡ ᠵᠠᠮ ᠢ ᠰᠦᠪᠡᠭᠴᠢᠯᠡᠬᠦ ᠬᠡᠷᠡᠭᠲᠡᠢ᠃ ︽ᠬᠤᠶᠠᠷ ᠰᠠᠭᠤᠷᠢᠨ ᠭᠠᠵᠠᠷ︾ ᠤᠨ ᠪᠦᠲᠦᠭᠡᠨ ᠪᠠᠶᠢᠭᠤᠯᠤᠯᠲᠠ ᠶᠢ ᠥᠨᠳᠥᠷ ᠪᠦᠲᠦᠮᠵᠢᠲᠡᠢ ᠨᠠᠶᠢᠳᠠᠪᠤᠷᠢᠵᠢᠭᠤᠯᠵᠤ᠂ ᠢᠮᠠᠭᠲᠠ ᠬᠤᠳᠠ ᠶᠢᠨ ᠨᠠᠮ ᠤᠨ ᠬᠤᠷᠢᠶ᠎ᠠ ᠶᠢᠨ ︽ᠲᠠᠪᠤᠨ ᠶᠡᠭᠡ ᠠᠵᠢᠯᠯᠠᠭᠠᠨ ᠤ ᠲᠥᠯᠥᠪᠯᠡᠭᠡ︾ ᠶᠢᠨ ᠲᠣᠭᠤᠷᠢᠨ ᠳᠤ᠂ ᠬᠥᠭᠵᠢᠯᠲᠡ ᠶᠢᠨ ᠬᠦᠴᠦᠯᠡᠬᠦ ᠴᠡᠭ ᠢ ᠪᠣᠳᠠᠲᠤ ᠴᠣᠭᠴᠠ ᠶᠢᠨ ᠠᠵᠤ ᠠᠬᠤᠢ ᠳᠡᠭᠡᠷ᠎ᠡ ᠲᠠᠯᠪᠢᠬᠤ ᠶᠢ ᠪᠠᠷᠢᠮᠲᠠᠯᠠᠵᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠡᠮᠵᠢᠶ᠎ᠡ ᠶᠠᠰᠤ ᠴᠢᠨᠠᠷ ᠢ ᠵᠡᠷᠭᠡᠪᠡᠷ ᠳᠡᠭᠡᠭᠰᠢᠯᠡᠭᠦᠯᠬᠦ᠂ ᠰᠣᠶᠣᠯ ᠵᠤᠭᠠᠴᠠᠯ ᠤᠨ ᠠᠵᠤ ᠦᠢᠯᠡᠰ ᠢ ᠲᠡᠰ ᠳᠡᠪᠰᠢᠭᠦᠯᠬᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠪᠦᠯᠦᠭᠯᠡᠨ ᠴᠤᠭᠯᠠᠷᠠᠬᠤ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠬᠤ ᠬᠡᠷᠡᠭᠲᠡᠢ᠃ ︽ᠨᠢᠭᠡ ᠬᠦᠭᠦᠷᠭᠡᠨ ᠪᠠᠬᠢᠯᠡᠯᠲᠡ︾ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ︽ᠤᠮᠠᠷᠠᠰᠢ ᠨᠡᠭᠡᠭᠡᠯᠲᠡ ᠬᠢᠬᠦ︾ ᠶᠡᠭᠡ ᠪᠠᠶᠢᠷᠢᠰᠢᠯ ᠳᠤ ᠭᠦᠨᠵᠡᠭᠡᠢ ᠠᠭᠤᠰᠤᠯᠴᠠᠵᠤ᠂ ᠠᠷᠤᠬᠠᠰᠢᠶᠠᠲᠤ ᠪᠣᠭᠤᠮᠲᠠ ᠶᠢᠨ ᠨᠥᠯᠥᠭᠡᠯᠡᠨ ᠳᠠᠶᠢᠴᠢᠯᠠᠬᠤ ᠦᠢᠯᠡᠳᠦᠯ ᠢ ᠦᠨᠡᠨᠬᠦ ᠪᠠᠳᠠᠷᠠᠭᠤᠯᠵᠤ᠂ ᠨᠠᠷᠮᠠᠢ ᠪᠣᠭᠤᠮᠲᠠ ᠶᠢᠨ ᠠᠵᠤ ᠠᠬᠤᠢ ᠶᠢ ᠶᠡᠬᠡᠪᠡᠷ ᠬᠦᠭᠵᠢᠭᠦᠯᠦᠨ᠂ ᠬᠢᠯᠢ ᠶᠢᠨ ᠭᠠᠳᠠᠨᠠᠬᠢ ᠵᠤᠭᠠᠴᠠᠯ ᠤᠨ ᠡᠷᠡᠭᠦᠯ ᠪᠥᠭᠡᠳ ᠡᠮᠬᠢ ᠳᠢᠭᠯᠢᠮ ᠲᠠᠢ ᠬᠥᠭᠵᠢᠬᠦ ᠶᠢ ᠠᠬᠢᠭᠤᠯᠵᠤ᠂ ᠪᠦᠬᠦ ᠲᠠᠯ᠎ᠠ ᠪᠠᠷ ᠨᠡᠭᠡᠭᠡᠯᠲᠡ ᠬᠢᠬᠦ ᠰᠢᠨ᠎ᠡ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ᠃ ︽ᠠᠮᠵᠢᠯᠲᠠ ᠣᠯᠪᠠᠯ ᠯᠠᠪᠲᠠᠢ ᠪᠢ ᠪᠠᠶᠢᠬᠤ︾ ᠬᠠᠷᠢᠭᠤᠴᠠᠯᠭ᠎ᠠ ᠡᠭᠦᠷᠭᠡᠯᠡᠯ ᠢ ᠴᠢᠩᠭᠠᠳᠬᠠᠨ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠯᠡᠨ ᠠᠬᠢᠭᠤᠯᠵᠤ᠂ ᠨᠡᠶᠢᠭᠡᠮ ᠤᠨ ᠦᠢᠯᠡᠰ ᠤᠨ ᠡᠮᠬᠢ ᠵᠢᠷᠤᠮ ᠲᠠᠢ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂ ᠰᠢᠨ᠎ᠡ ᠰᠢᠯᠭᠠᠯᠲᠠ ᠳᠤ ᠣᠷᠤᠯᠴᠠᠬᠤ ᠵᠠᠮ ᠳᠡᠭᠡᠷ᠎ᠡ ᠠᠷᠠᠳ ᠤᠯᠠᠨ ᠳᠤ ᠲᠡᠦᠬᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠰᠢᠯᠢᠳᠡᠭ ᠰᠢᠯᠭᠠᠯᠲᠠ ᠶᠢᠨ ᠬᠠᠭᠤᠳᠠᠰᠤ ᠶᠢ ᠪᠢᠴᠢᠭᠯᠡᠬᠦ ᠬᠡᠷᠡᠭᠲᠡᠢ ᠭᠡᠵᠡᠢ᠃
       ᠬᠤᠷᠠᠯ ᠠᠴᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠬᠠᠤᠯᠢ ᠪᠠᠷ ᠬᠤᠰᠢᠭᠤ ᠶᠢ ᠵᠠᠰᠠᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃        ᠪᠥᠬᠡᠪᠠᠶᠠᠷ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠤᠯᠤᠰ ᠲᠦᠷᠦ ᠶᠢᠨ ᠠᠮᠢ ᠠᠬᠤᠢ ᠶᠢᠨ ᠪᠠᠶᠢᠭᠤᠯᠤᠯᠲᠠ ᠶᠢ ᠪᠣᠳᠠᠲᠠᠢ ᠠᠳᠬᠤᠨ ᠰᠠᠶᠢᠲᠤᠷ ᠠᠳᠬᠤᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ︽ᠬᠤᠶᠠᠷ ᠬᠠᠷᠢᠭᠤᠴᠠᠯᠭ᠎ᠠ︾ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠣᠳᠣᠬᠠᠨ ᠤ ᠠᠵᠢᠯ ᠢᠶᠠᠨ ᠰᠠᠶᠢᠲᠤᠷ ᠬᠢᠬᠦ ᠲᠠᠢ ᠨᠢᠭᠲᠠ ᠤᠶᠠᠯᠳᠤᠭᠤᠯᠵᠤ᠂ ᠱᠠᠯᠠᠪᠳᠠᠭᠤᠯᠤᠨ ᠪᠠᠶᠢᠴᠠᠭᠠᠵᠤ ᠵᠢᠯᠤᠭᠤᠳᠬᠤ ᠶᠢ ᠴᠢᠩᠭᠠᠳᠬᠠᠨ᠂ ᠰᠤᠷᠲᠠᠯ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠶᠢ ᠦᠷᠭᠦᠯᠵᠢᠯᠡᠨ ᠴᠢᠩᠭᠠᠳᠬᠠᠵᠤ᠂ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ ᠪᠠᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃        ᠪᠥᠬᠡᠪᠠᠶᠠᠷ ᠪᠠᠰᠠ᠂ ︽ᠨᠢᠭᠡ ᠲᠥᠯᠦᠪᠵᠢᠭᠦᠯᠭᠡ ᠬᠤᠶᠠᠷ ᠬᠥᠲᠥᠯᠪᠦᠷᠢ︾ ᠶᠢᠨ ᠨᠠᠶᠢᠳᠠᠪᠤᠷᠢᠵᠢᠭᠤᠯᠤᠯᠲᠠ ᠶᠢ ᠦᠨᠡᠨᠬᠦ ᠰᠠᠶᠢᠲᠤᠷ ᠠᠳᠬᠤᠵᠤ᠂ ᠬᠠᠤᠯᠢ ᠶᠣᠰᠣᠭᠠᠷ ᠬᠤᠰᠢᠭᠤ ᠪᠠᠨ ᠵᠠᠰᠠᠬᠤ᠂ ᠬᠠᠤᠯᠢ ᠶᠣᠰᠣᠭᠠᠷ ᠵᠠᠰᠠᠭ ᠪᠠᠷᠢᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠬᠠᠮᠲᠤᠪᠠᠷ ᠠᠬᠢᠭᠤᠯᠬᠤ ᠬᠡᠷᠡᠭᠲᠡᠢ᠃ ︽ᠵᠠᠩᠭᠢᠯᠠᠭ᠎ᠠ ᠶᠢᠨ ᠴᠥᠭᠡᠨ ᠲᠤᠭ᠎ᠠ︾ ᠶᠢ ᠠᠳᠬᠤᠵᠤ᠂ ᠦᠨᠳᠦᠰᠦᠨ ᠬᠠᠤᠯᠢ ᠶᠢᠨ ᠰᠤᠷᠤᠯᠴᠠᠯᠭ᠎ᠠ ᠤᠬᠠᠭᠤᠯᠭ᠎ᠠ ᠶᠢ ᠬᠠᠤᠯᠢ ᠬᠡᠷᠡᠭᠵᠢᠭᠦᠯᠬᠦ᠂ ᠬᠠᠤᠯᠢ ᠴᠠᠭᠠᠵᠠ ᠶᠢᠨ ᠦᠢᠯᠡᠳᠦᠯᠭᠡ ᠳᠤ ᠠᠭᠤᠰᠤᠯᠴᠠᠭᠤᠯᠵᠤ᠂ ᠡᠯ᠎ᠡ ᠱᠠᠲᠤᠨ ᠤ ᠪᠠᠶᠢᠭᠤᠯᠭ᠎ᠠ ᠶᠢᠨ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠬᠦ ᠦᠨᠳᠦᠰᠦᠨ ᠬᠠᠤᠯᠢ ᠶᠢᠨ ᠰᠤᠷᠤᠯᠴᠠᠯᠭ᠎ᠠ ᠤᠬᠠᠭᠤᠯᠭ᠎ᠠ ᠶᠢᠨ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ ᠵᠦᠢᠯ ᠤᠨ ᠳᠦᠷᠢᠮ︾ ᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠰᠢᠪᠠᠳᠠᠨ ᠪᠠᠶᠢᠴᠠᠭᠠᠬᠤ ᠲᠣᠭᠲᠠᠴᠠ ᠶᠢ ᠲᠡᠭᠦᠯᠳᠡᠷᠵᠢᠭᠦᠯᠦᠨ᠂ ᠵᠠᠰᠠᠭ ᠵᠠᠬᠢᠷᠭᠠᠨ ᠤ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠬᠤ ᠪᠠ ᠬᠢᠨᠠᠵᠤ ᠬᠠᠮᠢᠶᠠᠷᠬᠤ ᠶᠢ ᠴᠢᠩᠭᠠᠳᠬᠠᠵᠤ᠂ ᠤᠯᠤᠰ ᠤᠨ ᠬᠠᠤᠯᠢ ᠪᠠᠷ ᠵᠠᠰᠠᠬᠤ ᠶᠢ ᠨᠢᠭᠡᠳᠬᠡᠬᠦ ᠪᠠ ᠵᠠᠰᠠᠭ ᠤᠨ ᠵᠠᠷᠯᠢᠭ ᠤᠨ ᠰᠠᠭᠠᠳ ᠦᠭᠡᠢ ᠶᠠᠪᠤᠭᠳᠠᠬᠤ ᠶᠢ ᠦᠨᠡᠨ ᠬᠦ ᠬᠠᠮᠠᠭᠠᠯᠠᠵᠤ᠂ ᠠᠷᠠᠳ ᠤᠯᠠᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ᠵᠠᠰᠠᠭ ᠤᠨ ᠣᠷᠳᠣᠨ ᠤ ᠤᠯᠠᠨ ᠨᠡᠶᠢᠲᠡ ᠶᠢᠨ ᠢᠲᠡᠭᠡᠭᠦᠯᠬᠦ ᠬᠦᠴᠦᠨ ᠪᠠ ᠭᠦᠢᠴᠡᠳᠬᠡᠬᠦ ᠬᠦᠴᠦᠨ ᠢ ᠨᠡᠮᠡᠭᠳᠡᠭᠦᠯᠬᠦ ᠬᠡᠷᠡᠭᠲᠡᠢ ᠭᠡᠵᠦ ᠱᠠᠭᠠᠷᠳᠠᠪᠠ᠃        ᠬᠤᠷᠠᠯ ᠠᠴᠠ ᠪᠠᠰᠠ ᠬᠤᠯᠪᠣᠭᠳᠠᠯ ᠪᠦᠬᠦᠢ ᠵᠦᠢᠯᠡᠰ ᠢ ᠰᠤᠳᠤᠯᠤᠨ ᠬᠢᠨᠠᠨ ᠵᠥᠪᠯᠡᠪᠡ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号