XBB ᠬᠤᠤᠷᠳᠤ ᠸᠢᠷᠦ᠋ᠰ ᠤᠨ ᠲᠤᠬᠠᠢ ᠳᠤᠮᠳᠠᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠬᠢᠭᠰᠡᠨ ᠬᠠᠮᠤᠭ ᠤᠨ ᠰᠢᠨ᠎ᠡ ᠮᠠᠭᠠᠳᠯᠠᠯᠲᠠ︕
ᠨᠡᠶᠢᠲᠡᠯᠡᠭᠰᠡᠨ ᠴᠠᠭ᠄
2023/1/9
     ᠳᠤᠮᠳᠠᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ 4 ᠤ ᠡᠳᠦᠷ ᠨᠡᠶᠢᠲᠡᠯᠡᠭᠰᠡᠨ ᠮᠡᠳᠡᠭᠡ ᠠᠴᠠ ᠦᠵᠡᠪᠡᠯ᠂ ᠮᠠᠨ ᠤ ᠤᠯᠤᠰ ᠲᠤ ᠣᠳᠣᠬᠠᠨ ᠳᠤ ᠲᠣᠰ ᠭᠠᠵᠠᠷ ᠲᠤ ᠳᠡᠯᠭᠡᠷᠡᠵᠦ ᠪᠠᠶᠢᠭ᠎ᠠ ᠰᠢᠨ᠎ᠡ ᠲᠢᠲᠢᠮᠯᠢᠭ ᠸᠢᠷᠦ᠋ᠰ ᠤᠨ ᠬᠠᠷᠢᠴᠠᠯᠠᠰᠢ ᠥᠬᠡᠶ ᠳᠠᠪᠠᠭᠤᠯᠢᠭ ᠬᠤᠤᠷᠲᠤ ᠸᠢᠷᠦ᠋ᠰ ᠪᠣᠯ BA.5.2 ᠪᠠ BF.7 ᠪᠣᠯᠤᠨ᠎ᠠ᠂ ᠪᠣᠳᠠᠭᠠᠯᠢ ᠪᠡᠶ᠎ᠡ ᠨᠢ BA.5.2 ᠲᠤ ᠬᠠᠯᠳᠠᠪᠤᠷᠢᠯᠠᠬᠳᠠᠬᠤ ᠪᠤᠶᠤ BF.7 ᠳᠤ ᠬᠠᠯᠳᠠᠪᠤᠷᠢᠯᠠᠬᠳᠠᠬᠰᠠᠨ ᠳᠠᠷᠠᠭ᠎ᠠ ᠪᠣᠶ ᠪᠣᠯᠤᠭᠰᠠᠨ ᠰᠠᠭᠠᠷᠮᠠᠭᠵᠢᠭᠰᠠᠨ ᠠᠨᠲ᠋ᠢᠪᠤᠳᠢ ᠨᠢ ᠣᠬᠤᠷᠬᠠᠨ ᠬᠤᠭᠤᠴᠠᠭᠠᠨ ᠳᠤ ︵3 ᠰᠠᠷ᠎ᠠ︶ ᠬᠠᠷᠢᠴᠠᠩᠭᠤᠶ ᠪᠠᠷ ᠨᠡᠯᠢᠶᠡᠳ ᠥᠨᠳᠥᠷ ᠲᠦᠪᠰᠢᠨ ᠢ ᠪᠠᠲᠤᠯᠠᠵᠤ᠂ ᠪᠤᠰᠤᠳ ᠤᠮᠢᠺᠷᠤᠨ ᠤ ᠤᠨᠳᠤᠤᠰᠢᠬᠰᠠᠨ ᠰᠠᠯᠪᠤᠷᠢ ᠸᠢᠷᠦ᠋ᠰ ︵XBB ᠪᠠᠭᠲᠠᠨ᠎ᠠ︶ ᠢ ᠨᠡᠯᠢᠶᠡᠳ ᠰᠠᠶᠢᠨ ᠰᠡᠷᠭᠡᠶᠢᠯᠡᠬᠦ ᠲᠠᠪᠬᠤᠷ ᠦᠢᠯᠡᠳᠦᠯ ᠲᠠᠢ ᠪᠠᠶᠢᠳᠠᠭ᠃ ᠮᠠᠨ ᠤ ᠤᠯᠤᠰ ᠲᠤ ᠣᠬᠤᠷ ᠬᠤᠭᠤᠴᠠᠭᠠᠨ ᠤ ᠳᠣᠲᠣᠷ᠎ᠠ᠂  XBB.1.5 ᠶᠢ ᠪᠠᠭᠳᠠᠭᠠᠬᠰᠠᠨ XBB ᠤᠨ ᠤᠨᠳᠤᠤᠰᠢᠬᠰᠠᠨ ᠸᠢᠷᠦ᠋ᠰ ᠶᠡᠭᠡ ᠬᠡᠪᠴᠢᠶ᠎ᠡ ᠪᠠᠷ ᠳᠡᠯᠭᠡᠷᠡᠬᠦ ᠪᠣᠯᠤᠯᠴᠠᠭ᠎ᠠ ᠪᠠᠭ᠎ᠠ ᠶᠤᠮ ᠭᠡᠪᠡ᠃      ᠲᠤᠰᠬᠠᠶ ᠮᠡᠷᠭᠡᠵᠢᠯᠲᠡᠨ ᠤ ᠲᠠᠨᠢᠯᠴᠠᠭᠤᠯᠤᠭᠰᠠᠨ ᠢᠶᠠᠷ᠂ ᠲᠣᠰ ᠭᠠᠵᠠᠷ ᠣᠷᠣᠨ ᠤ ᠡᠪᠡᠳᠴᠢᠳᠡᠨ ᠤ ᠲᠠᠯ᠎ᠠ  ᠠᠴᠠ ᠠᠪᠴᠤ ᠦᠵᠡᠪᠡᠯ᠂ 2022 ᠣᠨ ᠤ 10 ᠰᠠᠷ᠎ᠠ ᠠᠴᠠ 12 ᠰᠠᠷ᠎ᠠ ᠪᠣᠯᠲᠠᠯ᠎ᠠ᠂ ᠮᠡᠳᠡᠭᠦᠯᠦᠯᠲᠡ ᠳᠤ ᠢᠯᠡᠷᠡᠭᠦᠯᠦᠭᠰᠡᠨ ᠲᠣᠰ ᠭᠠᠵᠠᠷ ᠣᠷᠣᠨ ᠤ XBB ᠸᠢᠷᠦ᠋ᠰ ᠲᠤ ᠬᠠᠯᠳᠠᠪᠤᠷᠢᠯᠠᠬᠳᠠᠬᠰᠠᠨ ᠡᠪᠡᠳᠴᠢᠳᠡᠨ 16 ᠪᠠᠶᠢᠵᠤ᠂ ᠴᠥᠮ XBB.1 ᠶᠢᠨ ᠬᠤᠪᠢᠰᠤᠬᠰᠠᠨ ᠰᠠᠯᠪᠤᠷᠢ ᠸᠢᠷᠦ᠋ᠰ ᠲᠤ ᠬᠠᠯᠳᠠᠪᠤᠷᠢᠯᠠᠬᠳᠠᠵᠤ᠂ ᠭᠤᠤᠯᠳᠠᠭᠤ 10 ᠰᠠᠷ᠎ᠠ ᠠᠴᠠ 11 ᠰᠠᠷ᠎ᠠ ᠳᠤ ᠲᠦᠪᠯᠡᠷᠡᠵᠦ᠂ 12 ᠰᠠᠷ᠎ᠠ ᠳᠤ ᠵᠥᠪᠬᠡᠨ 1 ᠡᠪᠡᠳᠴᠢᠳᠡᠨ ᠭᠠᠷᠴᠠᠢ᠃ ᠣᠳᠣᠬᠠᠨ ᠳᠤ᠂ XBB.1.5 ᠸᠢᠷᠦ᠋ᠰ ᠤᠨ ᠡᠪᠡᠳᠴᠢᠯᠡᠭᠦᠯᠬᠦ ᠴᠢᠳᠠᠯ ᠴᠢᠩᠭᠠᠷᠠᠬᠰᠠᠨ ᠪᠠ ᠬᠠᠯᠳᠠᠪᠤᠷᠢᠯᠠᠭᠳᠠᠭᠰᠠᠳ ᠤᠨ ᠡᠮᠨᠡᠯᠭᠡ ᠳᠤ ᠰᠠᠭᠤᠭᠰᠠᠨ ᠬᠠᠷᠢᠴᠠᠯ ᠪᠤᠯᠤᠨ ᠡᠪᠡᠳᠴᠢᠨ ᠢᠶᠠᠷ ᠥᠭᠦᠭᠰᠡᠨ ᠬᠠᠷᠢᠴᠠᠯ ᠨᠡᠮᠡᠭᠳᠡᠭᠰᠡᠨ ᠲᠤᠬᠠᠢ ᠮᠡᠳᠡᠭᠡᠯᠡᠭᠰᠡᠨ ᠠᠯᠢ ᠴᠤ ᠤᠯᠤᠰ ᠤᠨ ᠮᠡᠳᠡᠭᠡᠯᠡᠯ ᠬᠠᠷᠠᠭᠳᠠᠬᠤ ᠥᠬᠡᠶ ᠪᠦᠭᠡᠳ ᠪᠠᠰᠠ ᠬᠠᠯᠳᠠᠪᠤᠷᠢᠯᠠᠯ ᠠᠴᠠ ᠪᠣᠯᠤᠭᠰᠠᠨ ᠡᠮᠴᠢᠯᠡᠭᠡᠨ ᠤ ᠡᠪᠡᠳᠴᠢᠨ ᠤ ᠢᠯᠡᠷᠡᠯ ᠬᠢᠭᠡᠳ ᠤᠮᠢᠺᠷᠤᠨ ᠤ ᠪᠤᠰᠤᠳ ᠲᠡᠳ᠋ ᠰᠠᠯᠪᠤᠷᠢ ᠸᠢᠷᠦ᠋ᠰ ᠤᠨ ᠯᠤᠭ᠎ᠠ ᠶᠢᠨ ᠵᠥᠷᠢᠶ᠎ᠡ ᠶᠢᠨ ᠲᠤᠬᠠᠢ ᠮᠡᠳᠡᠭᠡᠯᠡᠯ ᠴᠦ ᠬᠠᠷᠠᠭᠳᠠᠬᠤ ᠥᠬᠡᠶ ᠪᠠᠶᠢᠨ᠎ᠠ ᠭᠡᠪᠡ᠃      ᠰᠦᠯᠵᠢᠶᠡᠨ ᠳᠡᠭᠡᠷ᠎ᠡ ᠳᠠᠮᠵᠢᠭᠳᠠᠵᠦ ᠪᠠᠶᠢᠭ᠎ᠠ XBB ᠬᠤᠤᠷᠲᠤ ᠸᠢᠷᠦ᠋ᠰ ᠠᠴᠠ ᠪᠤᠯᠤᠬᠰᠠᠨ ᠪᠥᠭᠡᠯᠵᠢᠬᠦ ᠪᠠ ᠰᠠᠭᠤᠯᠭᠠᠬᠤ ᠡᠪᠡᠳᠴᠢᠨ ᠤ ᠢᠯᠡᠷᠡᠯ ᠳᠤ ᠴᠢᠭᠯᠡᠭᠦᠯᠦᠨ᠂ ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ  ᠶᠢᠨ ᠪᠡᠭᠡᠵᠢᠩ ᠤᠨ ᠶᠢᠦ ᠠᠨ ᠬᠠᠷᠢᠶᠠᠲᠤ ᠡᠮᠨᠡᠯᠭᠡ ᠶᠢᠨ ᠬᠤᠷᠢᠶᠠᠨ ᠤ ᠠᠮᠢᠰᠬᠤᠯ ᠪᠠ ᠬᠠᠯᠳᠠᠪᠤᠷᠢᠯᠠᠯ ᠤᠨ ᠴᠢᠨᠠᠷᠲᠠᠶ ᠡᠪᠡᠳᠴᠢᠨ ᠤ ᠰᠠᠯᠠᠭᠠᠨ ᠤ ᠡᠷᠬᠢᠯᠡᠭᠴᠢ ᠡᠮᠴᠢ ᠯᠢ ᠳ᠋ᠦᠩ ᠬᠡᠯᠡᠬᠦ ᠳᠡᠭᠡᠨ᠂ ᠵᠠᠷᠢᠮ ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠳ ᠦᠨᠡᠬᠡᠷ ᠪᠥᠭᠡᠯᠵᠢᠬᠦ ᠪᠠ ᠰᠠᠭᠤᠯᠭᠠᠬᠤ ᠡᠪᠡᠳᠴᠢᠨ ᠤ ᠢᠯᠡᠷᠡᠯ ᠲᠠᠢ ᠪᠠᠶᠢᠵᠤ᠂ ᠶᠡᠷᠦ ᠳᠡᠭᠡᠨ 1 - 3 ᠡᠳᠦᠷ ᠲᠤ ᠠᠶᠠᠨᠳᠠᠭᠠᠨ ᠨᠠᠮᠳᠠᠨ᠎ᠡ᠂ XBB ᠬᠤᠤᠷᠲᠤ ᠸᠢᠷᠦ᠋ᠰ ᠨᠢ ᠵᠢᠷᠦᠬᠡ ᠲᠠᠷᠢᠬᠢᠨ ᠤ ᠴᠢᠰᠤᠨ ᠰᠤᠳᠠᠯ ᠤᠨ ᠰᠢᠰᠲ᠋ᠧᠮ ᠪᠠ ᠰᠢᠩᠭᠡᠭᠡᠯᠲᠡ ᠶᠢᠨ ᠰᠢᠰᠲ᠋ᠧᠮ ᠳᠤ ᠨᠠᠩ ᠠᠮᠠᠷᠬᠠᠨ ᠬᠠᠯᠳᠠᠪᠤᠷᠢᠯᠠᠬᠤ ᠶᠢ ᠣᠯᠵᠤ ᠮᠡᠳᠡᠭᠰᠡᠨ ᠥᠬᠡᠶ ᠭᠡᠵᠡᠶ᠃      ᠲᠤᠰᠬᠠᠶ ᠮᠡᠷᠭᠡᠵᠢᠯᠲᠡᠨ᠂ ᠤᠮᠢᠺᠷᠤᠨ ᠤ ᠪᠤᠰᠤᠳ ᠳᠡᠳ᠋ ᠬᠡᠯᠪᠡᠷᠢ ᠶᠢᠨ ᠸᠢᠷᠦ᠋ᠰ ᠤᠨ ᠬᠠᠯᠳᠠᠪᠤᠷᠢᠯᠠᠯ ᠢ ᠰᠡᠷᠭᠡᠶᠢᠯᠡᠬᠦ ᠲᠠᠢ ᠠᠳᠠᠯᠢ ᠪᠠᠷ᠂ ᠬᠤᠪᠢ ᠬᠥᠮᠦᠨ ᠬᠠᠰᠢᠯᠠ ᠥᠪᠡᠷ ᠤᠨ ᠡᠷᠡᠭᠦᠯ ᠮᠡᠨᠳᠦ ᠶᠢᠨ ᠢᠶᠠᠨ ᠨᠢᠭᠡᠳᠦᠭᠡᠷ ᠬᠠᠷᠢᠭᠤᠴᠠᠯᠭᠠᠲᠠᠨ ᠪᠣᠯᠬᠤ ᠬᠡᠷᠡᠭᠲᠡᠶ᠃ ᠵᠢᠮ᠎ᠡ ᠬᠠᠤᠯᠢ ᠲᠠᠢ ᠠᠵᠢᠯᠯᠠᠵᠤ ᠠᠮᠠᠷᠠᠬᠤ ᠶᠢ ᠪᠠᠷᠢᠮᠲᠠᠯᠠᠵᠤ᠂ ᠭᠡᠷ ᠦᠷᠦᠭᠡ  ᠪᠠᠨ ᠴᠡᠪᠡᠷ ᠲᠡᠭᠰᠢ ᠪᠠᠶᠢᠯᠭᠠᠵᠤ᠂ ᠦᠷᠭᠦᠯᠵᠢ ᠴᠣᠩᠬᠤ ᠪᠠᠨ ᠨᠡᠭᠡᠭᠡᠵᠦ ᠵᠢᠪᠡᠷ ᠰᠠᠯᠬᠢ ᠨᠡᠪᠲᠡᠷᠡᠭᠦᠯᠦᠨ᠂ ᠰᠢᠨᠵᠢᠯᠡᠬᠦ ᠤᠬᠠᠭᠠᠨᠴᠢ ᠪᠠᠷ ᠪᠡᠶ᠎ᠡ ᠪᠠᠨ ᠪᠣᠯᠪᠠᠰᠤᠷᠠᠭᠤᠯᠵᠤ᠂ ᠡᠷᠡᠭᠦᠯ ᠢᠳᠡᠭᠡᠨ ᠤᠮᠳᠠᠭᠠᠨ ᠢᠳᠡᠵᠦ᠂ ᠪᠡᠶ᠎ᠡ ᠮᠠᠬᠠᠪᠣᠳ ᠤᠨ ᠡᠭᠡᠯᠢᠯᠡᠭᠡ ᠶᠢᠨ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃ ᠥᠪᠡᠷ ᠤᠨ ᠡᠷᠡᠭᠦᠯ ᠮᠡᠨᠳᠦ ᠶᠢᠨ ᠬᠡᠮᠵᠢᠯᠲᠡ ᠶᠢ ᠰᠠᠶᠢᠲᠤᠷ ᠬᠢᠵᠦ᠂ ᠬᠡᠷ ᠪᠦᠯᠢ ᠶᠢᠨ ᠪᠠᠶᠢᠩᠭᠤ ᠬᠡᠷᠡᠭᠯᠡᠬᠦ ᠡᠮ ᠢ ᠵᠣᠬᠢᠬᠤ ᠬᠡᠮᠵᠢᠶ᠎ᠡ ᠪᠠᠷ ᠪᠡᠯᠡᠳᠭᠡᠬᠦ ᠭᠡᠷᠡᠭᠳᠡᠢ ᠭᠡᠵᠦ ᠰᠠᠨᠠᠭᠤᠯᠪᠠ᠃
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号