ᠬᠤᠰᠢᠭᠤᠨ ᠤ ᠭᠠᠳᠠᠭᠠᠳᠤ ᠶᠠᠪᠤᠳᠠᠯ ᠤᠨ ᠠᠯᠪᠠᠨ ᠭᠡᠷ ᠠᠷᠤᠬᠠᠰᠢᠶᠠᠲᠤ ᠪᠣᠭᠤᠮᠲᠠ ᠶᠢᠨ ᠪᠣᠭᠤᠮᠲᠠ ᠨᠡᠪᠲᠡᠷᠡᠬᠦ ᠶᠢ ᠰᠡᠷᠭᠦᠭᠡᠬᠦ ᠪᠡᠯᠡᠳᠬᠡᠯ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/1/9
       ᠠᠷᠤᠬᠠᠰᠢᠶᠠᠲᠤ ᠪᠣᠭᠤᠮᠲᠠ ᠶᠢᠨ ᠪᠣᠭᠤᠮᠲᠠ ᠨᠡᠪᠲᠡᠷᠡᠬᠦ ᠶᠢ ᠰᠡᠷᠭᠦᠭᠡᠬᠦ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠪᠦᠬᠦ ᠲᠠᠯ᠎ᠠ ᠪᠠᠷ ᠯᠠᠪᠳᠠᠭᠤᠨ ᠪᠠᠲᠤᠲᠠᠢ ᠰᠠᠶᠢᠲᠤᠷ ᠬᠢᠵᠦ᠂ ᠳᠤᠮᠳᠠᠳᠤ ᠮᠣᠩᠭᠤᠯ ᠬᠤᠶᠠᠷ ᠤᠯᠤᠰ ᠪᠠ ᠡᠶᠡᠯᠳᠡᠭ ᠬᠥᠷᠰᠢ ᠶᠢᠨ ᠭᠠᠵᠠᠷ ᠣᠷᠣᠨ ᠤ ᠨᠥᠬᠦᠷᠰᠡᠭ ᠰᠣᠯᠢᠯᠴᠠᠭ᠎ᠠ ᠪᠠ ᠠᠷᠠᠯᠵᠢᠶᠠᠨ ᠤ ᠶᠠᠪᠤᠯᠴᠠᠭ᠎ᠠ ᠶᠢ ᠦᠨᠡᠨᠬᠦ ᠠᠬᠢᠭᠤᠯᠬᠤ ᠶᠢᠨ ᠲᠦᠯᠦᠭᠡ᠂ ᠣᠶᠢᠷ᠎ᠠ ᠳᠤ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠭᠠᠳᠠᠭᠠᠳᠤ ᠶᠠᠪᠤᠳᠠᠯ ᠤᠨ ᠠᠯᠪᠠᠨ ᠭᠡᠷ ᠠᠷᠤᠬᠠᠰᠢᠶᠠᠲᠤ ᠪᠣᠭᠤᠮᠲᠠ ᠶᠢᠨ ᠪᠣᠭᠤᠮᠲᠠ ᠨᠡᠪᠲᠡᠷᠡᠬᠦ ᠶᠢ ᠰᠡᠷᠭᠦᠭᠡᠬᠦ ᠪᠡᠯᠡᠳᠬᠡᠯ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠢᠵᠦ᠂ ᠬᠤᠰᠢᠭᠤᠨ ᠤ ᠪᠣᠭᠤᠮᠲᠠ ᠶᠢᠨ ᠬᠠᠮᠢᠶᠠᠷᠤᠯᠲᠠ ᠶᠢᠨ ᠠᠯᠪᠠᠨ ᠭᠡᠷ ᠤᠨ ᠪᠥᠬᠦ ᠺᠠᠳ᠋ᠷ ᠠᠵᠢᠯᠲᠠᠳ ᠬᠤᠷᠠᠯ ᠳᠤ ᠣᠷᠣᠯᠴᠠᠵᠠᠢ᠃        ᠬᠤᠷᠠᠯ ᠠᠴᠠ ᠲᠥᠷᠥ ᠶᠢᠨ ᠶᠠᠪᠤᠳᠠᠯ ᠤᠨ ᠬᠤᠷᠢᠶ᠎ᠠ᠂ ᠭᠠᠳᠠᠭᠠᠳᠤ ᠶᠠᠪᠤᠳᠠᠯ ᠤᠨ ᠶᠠᠮᠤᠨ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠠ ᠪᠢᠴᠢᠭ ᠮᠠᠲ᠋ᠧᠷᠢᠶᠠᠯ ᠢ ᠤᠯᠠᠮᠵᠢᠯᠠᠭᠰᠠᠨ ᠪᠥᠭᠡᠳ ᠠᠷᠤᠬᠠᠰᠢᠶᠠᠲᠤ ᠪᠣᠭᠤᠮᠲᠠ ᠶᠢᠨ ᠪᠣᠭᠤᠮᠲᠠ ᠨᠡᠪᠲᠡᠷᠡᠬᠦ ᠶᠢ ᠰᠡᠷᠭᠦᠭᠡᠬᠦ ᠪᠡᠯᠡᠳᠬᠡᠯ ᠠᠵᠢᠯ ᠢ ᠥᠷᠨᠢᠭᠦᠯᠦᠭᠰᠡᠨ ᠪᠠᠶᠢᠳᠠᠯ ᠢ ᠮᠡᠳᠡᠭᠳᠡᠪᠡ᠃
       ᠬᠤᠷᠠᠯ ᠳᠤ ᠣᠷᠣᠯᠴᠠᠭᠰᠠᠳ ᠠᠵᠢᠯ ᠤᠨ ᠬᠤᠪᠢᠶᠠᠷᠢᠯᠠᠯ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠵᠦ᠂ 3 ᠵᠢᠯ ᠤᠨ ᠲᠤᠷᠰᠢ ᠪᠣᠭᠤᠮᠲᠠ ᠨᠡᠭᠡᠭᠡᠬᠦ ᠪᠠᠨ ᠵᠣᠭᠰᠣᠭᠰᠠᠨ ᠪᠣᠳᠠᠲᠤ ᠪᠠᠶᠢᠳᠠᠯ ᠢ ᠪᠦᠬᠦ ᠲᠠᠯ᠎ᠠ ᠪᠠᠷ ᠪᠣᠳᠣᠯᠬᠢᠯᠠᠵᠤ᠂ ᠳᠡᠭᠡᠳᠦ ᠱᠠᠲᠤᠨ ᠤ ᠱᠠᠭᠠᠷᠳᠠᠯᠭ᠎ᠠ ᠲᠠᠢ ᠤᠶᠠᠯᠳᠤᠭᠤᠯᠤᠨ᠂ ᠬᠦᠷᠢᠶ᠎ᠡ ᠴᠠᠷᠠᠭ᠎ᠠ ᠨᠢᠭᠡᠪᠦᠷᠢ ᠪᠠ ᠭᠤᠭᠴᠤᠭ᠎ᠠ ᠨᠢᠭᠡᠪᠦᠷᠢ ᠳᠤ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠬᠢᠨᠠᠮᠠᠭᠠᠢ ᠡᠮᠬᠢᠯᠡᠨ ᠳᠢᠭᠯᠡᠵᠦ᠂ ᠰᠣᠯᠢᠯᠴᠠᠬᠤ ᠪᠠ ᠰᠤᠳᠤᠯᠤᠨ ᠮᠠᠭᠠᠳᠯᠠᠬᠤ ᠶᠢᠨ ᠬᠠᠮᠲᠤ᠂ ᠬᠡᠷᠡᠭᠵᠢᠭᠦᠯᠵᠦ ᠪᠣᠯᠬᠤᠶᠢᠴᠠ ᠴᠢᠨᠠᠷ ᠪᠠ ᠪᠦᠷᠢᠨ ᠲᠡᠭᠦᠯᠳᠡᠷ ᠴᠢᠨᠠᠷ ᠤᠨ ᠲᠤᠬᠠᠢ ᠰᠠᠨᠠᠯ ᠰᠠᠨᠠᠭᠤᠯᠭ᠎ᠠ ᠳᠤᠷᠠᠳᠴᠤ᠂ ᠪᠣᠭᠤᠮᠲᠠ ᠨᠡᠪᠲᠡᠷᠡᠬᠦ ᠶᠢ ᠰᠡᠷᠭᠦᠭᠡᠭᠰᠡᠨ ᠤ ᠳᠠᠷᠠᠭ᠎ᠠ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠲᠣᠭᠲᠠᠭᠤᠨ ᠪᠥᠭᠡᠳ ᠡᠮᠬᠢ ᠵᠢᠷᠤᠮ ᠲᠠᠢ ᠲᠦᠯᠬᠢᠨ ᠠᠬᠢᠭᠤᠯᠬᠤ ᠶᠢ ᠦᠨᠡᠨ ᠬᠦ ᠪᠠᠲᠤᠯᠠᠬᠤ ᠪᠠᠷ ᠴᠢᠷᠮᠠᠶᠢᠬᠤ ᠬᠡᠷᠡᠭᠲᠡᠢ ᠭᠡᠵᠡᠢ᠃        ᠬᠤᠷᠠᠯ ᠠᠴᠠ᠂ ᠨᠢᠭᠡ ᠳᠤ ᠠᠷᠤᠬᠠᠰᠢᠶᠠᠲᠤ ᠪᠣᠭᠤᠮᠲᠠ ᠨᠡᠪᠲᠡᠷᠡᠬᠦ ᠶᠢ ᠰᠡᠷᠭᠦᠭᠡᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠭᠠᠳᠠᠭᠠᠳᠤ ᠬᠠᠷᠢᠯᠴᠠᠭ᠎ᠠ ᠪᠠ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠶᠢᠨ ᠬᠥᠭᠦᠷᠭᠡ ᠪᠣᠯᠬᠤ ᠦᠢᠯᠡᠳᠦᠯ ᠢ ᠦᠨᠡᠨᠬᠦ ᠰᠠᠶᠢᠲᠤᠷ ᠪᠠᠳᠠᠷᠠᠭᠤᠯᠬᠤ ᠬᠡᠷᠡᠭᠲᠡᠢ᠃ ᠬᠤᠶᠠᠷ ᠲᠤ ᠠᠷᠤᠬᠠᠰᠢᠶᠠᠲᠤ ᠪᠣᠭᠤᠮᠲᠠ ᠶᠢᠨ ᠪᠣᠭᠤᠮᠲᠠ ᠨᠡᠪᠲᠡᠷᠡᠬᠦ ᠶᠢ ᠰᠡᠷᠭᠦᠭᠡᠬᠦ ᠨᠢ ᠳᠤᠮᠳᠠᠳᠤ ᠮᠣᠩᠭᠤᠯ ᠬᠤᠶᠠᠷ ᠤᠯᠤᠰ ᠪᠠ ᠬᠤᠶᠠᠷ ᠭᠠᠵᠠᠷ ᠣᠷᠣᠨ ᠤ ᠨᠥᠬᠦᠷᠰᠡᠭ ᠰᠣᠯᠢᠯᠴᠠᠭ᠎ᠠ ᠪᠠ ᠠᠷᠠᠯᠵᠢᠶᠠᠨ ᠤ ᠬᠠᠮᠲᠤᠷᠠᠯᠴᠠᠭ᠎ᠠ ᠳᠤ ᠠᠰᠢᠭᠲᠠᠢ ᠪᠠᠷ ᠪᠠᠷᠠᠬᠤ ᠦᠭᠡᠢ᠂ ᠨᠠᠩ ᠴᠤ ᠬᠤᠶᠠᠷ ᠤᠯᠤᠰ ᠤᠨ ᠡᠶᠡᠯᠳᠡᠭ ᠬᠥᠷᠰᠢ ᠶᠢᠨ ᠨᠥᠬᠦᠷᠰᠡᠭ ᠬᠠᠷᠢᠴᠠᠭ᠎ᠠ᠂ ᠨᠠᠶᠢᠷᠠᠮᠳᠠᠯ ᠢᠶᠠᠷ ᠬᠠᠮᠲᠤ ᠣᠷᠣᠰᠢᠬᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠪᠠ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠥᠷᠳᠡᠬᠦ ᠶᠢ ᠠᠬᠢᠭᠤᠯᠬᠤ ᠳᠤ ᠠᠰᠢᠭᠲᠠᠢ ᠶᠤᠮ᠃ ᠭᠤᠷᠪᠠ ᠳᠤ ᠠᠷᠤᠬᠠᠰᠢᠶᠠᠲᠤ ᠪᠣᠭᠤᠮᠲᠠ ᠶᠢᠨ ᠪᠣᠭᠤᠮᠲᠠ ᠨᠡᠪᠲᠡᠷᠡᠬᠦ ᠶᠢ ᠰᠡᠷᠭᠦᠭᠡᠬᠦ ᠳᠤ᠂ ᠡᠷᠬᠡᠪᠰᠢ ᠲᠥᠷᠥ ᠶᠢᠨ ᠶᠠᠪᠤᠳᠠᠯ ᠤᠨ ᠬᠤᠷᠢᠶ᠎ᠠ᠂ ᠭᠠᠳᠠᠭᠠᠳᠤ ᠶᠠᠪᠤᠳᠠᠯ ᠤᠨ ᠶᠠᠮᠤᠨ ᠪᠠ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠪᠠ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠴᠢᠩᠭ᠎ᠠ ᠵᠢᠷᠤᠮᠯᠠᠨ᠂ ᠲᠣᠰ ᠠᠵᠢᠯ ᠤᠨ ᠣᠨᠴᠠᠭᠠᠶ ᠴᠢᠨᠠᠷ᠂ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠪᠣᠭᠤᠮᠲᠠ ᠪᠠᠷ ᠥᠩᠭᠡᠷᠡᠬᠦ ᠪᠠ ᠠᠷᠠᠯᠵᠢᠶ᠎ᠠ ᠶᠢ ᠳᠥᠭᠦᠮᠴᠢᠯᠡᠬᠦ ᠬᠢᠷᠢ ᠲᠦᠪᠰᠢᠨ ᠢ ᠪᠥᠬᠦ ᠬᠦᠴᠦᠨ ᠢᠶᠠᠷ ᠳᠡᠭᠡᠭᠰᠢᠯᠡᠭᠦᠯᠦᠨ᠂ ᠪᠣᠭᠤᠮᠲᠠ ᠨᠡᠪᠲᠡᠷᠡᠬᠦ ᠵᠠᠩᠭᠢᠯᠠᠭ᠎ᠠ ᠶᠢᠨ ᠠᠮᠤᠷ ᠲᠦᠪᠰᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠪᠦᠬᠦᠶᠢᠯᠡ ᠭᠠᠳᠠᠭᠠᠳᠤ ᠠᠷᠠᠯᠵᠢᠶᠠᠨ ᠤ ᠠᠵᠢᠯ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠬᠦ ᠶᠢ ᠠᠬᠢᠭᠤᠯᠬᠤ ᠬᠡᠷᠡᠭᠲᠡᠢ᠃ ᠳᠥᠷᠪᠡ ᠳᠤ ᠠᠷᠤᠬᠠᠰᠢᠶᠠᠲᠤ ᠪᠣᠭᠤᠮᠲᠠ ᠶᠢᠨ ᠪᠣᠭᠤᠮᠲᠠ ᠨᠡᠪᠲᠡᠷᠡᠬᠦ ᠶᠢ ᠰᠡᠷᠭᠦᠭᠡᠬᠦ ᠳᠤ᠂ ᠡᠷᠬᠡᠪᠰᠢ ᠲᠣᠰ ᠪᠡᠶ᠎ᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠭᠤᠣᠯ ᠤᠳᠤᠷᠢᠳᠤᠯᠭ᠎ᠠ ᠪᠠ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠨᠢᠭᠡᠳᠦᠭᠡᠷ ᠹᠷᠣᠨᠲ ᠲᠤ ᠭᠦᠨᠵᠡᠭᠡᠶᠢᠷᠡᠬᠦ ᠶᠢ ᠪᠠᠷᠢᠮᠲᠠᠯᠠᠵᠤ᠂ ᠪᠣᠭᠤᠮᠲᠠ ᠶᠢ ᠰᠡᠷᠭᠦᠭᠡᠬᠦ ᠠᠵᠢᠯ ᠤᠨ ᠳᠤᠮᠳᠠ ᠣᠷᠣᠰᠢᠵᠤ ᠪᠠᠶᠢᠭ᠎ᠠ ᠳᠠᠯᠳᠠ ᠬᠡᠮ ᠢ ᠴᠠᠭ ᠲᠤᠬᠠᠢ ᠳᠤᠨᠢ ᠢᠯᠡᠷᠡᠭᠦᠯᠦᠨ ᠰᠢᠢᠳᠪᠦᠷᠢᠯᠡᠵᠦ᠂ ᠡᠮᠦᠨᠡᠬᠢ ᠬᠤᠭᠤᠴᠠᠭᠠᠨ ᠤ ᠪᠡᠯᠡᠳᠬᠡᠬᠦ ᠴᠠᠭ ᠢ ᠭᠦᠢᠴᠡᠳ ᠠᠰᠢᠭᠯᠠᠨ᠂ ᠪᠣᠭᠤᠮᠲᠠ ᠶᠢᠨ ᠠᠯᠪᠠᠨ ᠭᠡᠷ ᠤᠨ ᠠᠵᠢᠯᠲᠠᠨ ᠢ ᠵᠦᠢ ᠵᠣᠬᠢᠰᠲᠠᠢ ᠲᠣᠬᠢᠷᠠᠭᠤᠯᠵᠤ᠂ ᠠᠵᠢᠯ ᠤᠨ ᠠᠭᠤᠯᠭ᠎ᠠ ᠪᠠ ᠲᠠᠰ ᠳᠠᠷᠠᠭᠠᠯᠠᠯ ᠢ ᠰᠢᠯᠤᠭᠤᠳᠬᠠᠨ᠂ ᠪᠣᠭᠤᠮᠲᠠ ᠨᠡᠪᠲᠡᠷᠡᠬᠦ ᠬᠤᠭᠤᠴᠠᠭᠠᠨ ᠳᠠᠬᠢ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠡᠭᠦᠨ ᠤ ᠬᠠᠮᠲᠤ᠂ ᠠᠵᠤ ᠠᠬᠤᠶᠢᠯᠠᠯ ᠤᠨ ᠪᠣᠭᠤᠮᠲᠠ ᠪᠠᠷ ᠪᠠᠷᠠᠭ᠎ᠠ ᠥᠩᠭᠡᠷᠡᠬᠦ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠤᠷᠢᠳᠴᠢᠯᠠᠨ ᠣᠶᠢᠯᠠᠭᠠᠵᠤ᠂ ᠲᠠᠷᠠᠭᠠᠴᠢ ᠶᠢᠨ ᠠᠯᠬᠤᠮ ᠳᠤ ᠪᠣᠭᠤᠮᠲᠠ ᠪᠠᠷ ᠪᠠᠷᠠᠭ᠎ᠠ ᠥᠩᠭᠡᠷᠡᠬᠦ ᠳᠤ ᠰᠠᠶᠢᠨ ᠰᠠᠭᠤᠷᠢ ᠲᠠᠯᠪᠢᠵᠤ ᠥᠭᠬᠦ ᠬᠡᠷᠡᠭᠲᠡᠢ ᠭᠡᠪᠡ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号