1 ᠰᠠᠷ᠎ᠠ ᠶᠢᠨ 9 ᠤ ᠡᠳᠦᠷ ᠠᠴᠠ ᠡᠬᠢᠯᠡᠨ ᠰᠦᠢᠳᠭᠡᠯ ᠪᠤᠴᠠᠭᠠᠯᠭᠠᠬᠤ ᠪᠠᠷ ᠭᠤᠶᠤᠴᠢᠯᠠᠵᠤ ᠪᠣᠯᠤᠨ᠎ᠠ︕
ᠨᠡᠶᠢᠲᠡᠯᠡᠭᠰᠡᠨ ᠴᠠᠭ᠄
2023/1/9
       2022 ᠣᠨ ᠤ ᠲᠤᠤᠷᠠᠳᠤ ᠬᠠᠭᠠᠰ ᠵᠢᠯ ᠤᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠬᠡᠮ ᠤᠨ ᠰᠢᠯᠭᠠᠯᠲᠠ ︵ᠨᠢᠭᠤᠷᠲᠠᠨ ᠰᠢᠯᠭᠠᠯᠲᠠ︶ 2023 ᠣᠨ ᠤ 1 ᠰᠠᠷ᠎ᠠ ᠶᠢᠨ 7 ᠤ ᠡᠳᠦᠷ ᠠᠴᠠ 8 ᠤ ᠡᠳᠦᠷ ᠪᠣᠯᠲᠠᠯ᠎ᠠ ᠶᠠᠪᠤᠭᠳᠠᠨ᠎ᠠ᠃        ᠰᠢᠯᠭᠠᠭᠤᠯᠤᠭᠴᠢ 2023 ᠣᠨ ᠤ 1 ᠰᠠᠷ᠎ᠠ ᠶᠢᠨ 3 ᠤ ᠡᠳᠦᠷ ᠠᠴᠠ ᠡᠬᠢᠯᠡᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠬᠡᠮ ᠤᠨ ᠰᠢᠯᠭᠠᠯᠲᠠ ᠶᠢᠨ ᠨᠡᠷ᠎ᠡ ᠮᠡᠳᠡᠭᠦᠯᠬᠦ ᠰᠢᠰᠲ᠋ᠧᠮ ︵http᠄ // ntce.neea.edu.cn︶ ᠳᠤ ᠭᠠᠷᠴᠤ᠂ ᠰᠢᠯᠭᠠᠭᠤᠯᠬᠤ ᠶᠢ ᠵᠥᠪᠰᠢᠶᠡᠷᠡᠭᠰᠡᠨ ᠦᠨᠡᠮᠯᠡᠯ ᠢ ᠥᠪᠡᠰᠦᠪᠡᠨ ᠪᠠᠭᠤᠯᠭᠠᠬᠤ ᠶᠢᠨ ᠬᠠᠮᠲᠤ ᠳᠠᠷᠤᠮᠠᠯᠯᠠᠵᠤ ᠪᠣᠯᠤᠨ᠎ᠠ᠂ ᠰᠢᠯᠭᠠᠭᠤᠯᠬᠤ ᠶᠢ ᠵᠥᠪᠰᠢᠶᠡᠷᠡᠭᠰᠡᠨ ᠦᠨᠡᠮᠯᠡᠯ ᠤᠨ ᠰᠠᠨᠠᠭᠤᠯᠤᠮᠵᠢ  ᠶᠢᠨ ᠶᠤᠰᠤᠭᠠᠷ᠂ ᠬᠦᠴᠦᠨ ᠲᠠᠢ ᠬᠤᠭᠤᠴᠠᠭᠠᠨ ᠳᠠᠬᠢ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠪᠠ ᠰᠢᠯᠭᠠᠭᠤᠯᠬᠤ ᠶᠢ ᠵᠥᠪᠰᠢᠶᠡᠷᠡᠭᠰᠡᠨ ᠦᠨᠡᠮᠯᠡᠯ ᠢᠶᠠᠨ ᠠᠪᠴᠤ ᠰᠢᠯᠭᠠᠯᠲᠠ ᠳᠤ ᠣᠷᠣᠯᠴᠠᠨ᠎ᠠ᠃        ᠰᠦᠢᠳᠭᠡᠯ ᠪᠤᠴᠠᠭᠠᠬᠤ ᠲᠣᠳᠣᠷᠬᠠᠶᠢᠯᠠᠯᠲᠠ᠄ ᠲᠣᠰ ᠤᠳᠠᠭᠠᠨ ᠤ ᠰᠢᠯᠭᠠᠯᠲᠠ ᠨᠢ ᠳᠤᠤᠷᠠᠬᠢ ᠭᠤᠷᠪᠠᠨ ᠵᠦᠢᠯ ᠤᠨ ᠪᠠᠶᠢᠳᠠᠯ ᠳᠤ ᠴᠥᠮ ᠰᠦᠢᠳᠭᠡᠯ ᠪᠤᠴᠠᠭᠠᠬᠤ ᠪᠠ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢᠨ ᠬᠦᠴᠦᠨ ᠲᠠᠢ ᠬᠤᠭᠤᠴᠠᠭ᠎ᠠ ᠶᠢ ᠬᠤᠶᠢᠰᠢᠯᠠᠭᠤᠯᠬᠤ ᠶᠢ ᠭᠥᠯᠢᠶᠡᠨ ᠠᠪᠤᠨ᠎ᠠ᠄ ᠨᠢᠭᠡ ᠳᠤ ᠰᠢᠯᠭᠠᠭᠤᠯᠤᠭᠴᠢ ᠪᠠᠭᠰᠢ  ᠶᠢᠨ ᠬᠢᠷᠢ ᠬᠡᠮ ᠤᠨ ᠨᠢᠭᠤᠷᠲᠠᠨ ᠰᠢᠯᠭᠠᠯᠲᠠ ᠪᠠ ᠠᠯᠪᠠᠲᠠᠨ ᠤ ᠰᠢᠯᠭᠠᠯᠳᠠ ᠬᠤᠶᠠᠷ ᠢ ᠲᠠᠪᠬᠤᠷ ᠮᠡᠳᠡᠭᠦᠯᠦᠭᠰᠡᠨ  ᠠᠴᠠ ᠪᠣᠯᠵᠣ᠂ ᠲᠣᠰ ᠤᠳᠠᠭᠠᠨ ᠤ ᠪᠠᠭᠰᠢ ᠶᠢᠨ ᠬᠢᠷᠢ ᠬᠡᠮ ᠤᠨ ᠨᠢᠭᠤᠷᠲᠠᠨ ᠰᠢᠯᠭᠠᠯᠲᠠ ︵ᠰᠦᠢᠳᠭᠡᠯ ᠪᠤᠴᠠᠭᠠᠬᠤ ᠭᠤᠶᠤᠴᠢᠯᠠᠯ ᠢ ᠨᠢᠭᠡᠨᠲᠡ ᠳᠠᠭᠤᠰᠬᠠᠪᠠ︶ ᠶᠢ ᠰᠠᠨᠠᠭᠠᠴᠢᠯᠠᠭ᠎ᠠ ᠠᠴᠠ ᠪᠠᠨ ᠲᠠᠶᠠᠭᠳᠠᠬᠰᠠᠨ︔ ᠬᠤᠶᠠᠷ ᠲᠤ ᠶᠡᠭᠡ ᠳᠡᠭᠡᠳᠦ ᠰᠤᠷᠭᠠᠭᠤᠯᠢ ᠤᠷᠢᠳᠴᠢᠯᠠᠨ ᠴᠢᠯᠥᠭᠡ ᠲᠠᠯᠪᠢᠭᠰᠠᠨ ᠠᠴᠠ ᠪᠣᠯᠵᠣ᠂ ᠰᠤᠷᠭᠠᠭᠤᠯᠢ ᠳᠤ ᠪᠠᠶᠢᠭ᠎ᠠ ᠰᠢᠯᠭᠠᠭᠤᠯᠤᠭᠴᠢ ᠨᠤᠲᠤᠭ ᠲᠠᠭᠠᠨ ᠪᠤᠴᠠᠭᠰᠠᠨ ᠤ ᠳᠠᠷᠠᠭ᠎ᠠ ᠲᠣᠰ ᠤᠳᠠᠭᠠᠨ ᠤ ᠪᠠᠭᠰᠢ ᠶᠢᠨ ᠬᠢᠷᠢ ᠬᠡᠮ ᠤᠨ ᠨᠢᠭᠤᠷᠲᠠᠨ ᠰᠢᠯᠭᠠᠯᠲᠠ ᠳᠤ ᠣᠷᠣᠯᠴᠠᠵᠤ ᠳᠡᠶᠢᠯᠬᠦ ᠥᠬᠡᠶ ᠪᠤᠯᠤᠬᠰᠠᠨ︔ ᠭᠤᠷᠪᠠ ᠳᠤ ᠰᠢᠯᠭᠠᠭᠤᠯᠤᠭᠴᠢ ᠬᠢᠵᠢᠭ ᠤᠨ ᠰᠢᠯᠲᠠᠭᠠᠨ ᠠᠴᠠ ᠪᠣᠯᠵᠣ ᠨᠢᠭᠤᠷᠲᠠᠨ ᠰᠢᠯᠭᠠᠯᠲᠠ ᠳᠤ ᠣᠷᠣᠯᠴᠠᠵᠤ ᠳᠡᠶᠢᠯᠬᠦ ᠥᠬᠡᠶ ᠪᠤᠯᠤᠬᠰᠠᠨ᠃ ᠰᠡᠭᠦᠯ ᠤᠨ ᠬᠤᠶᠠᠷ ᠵᠦᠢᠯ ᠤᠨ ᠪᠠᠶᠢᠳᠠᠯ ᠤᠨ ᠰᠦᠢᠳᠭᠡᠯ ᠪᠤᠴᠠᠭᠠᠬᠤ ᠶᠢ ᠭᠥᠯᠢᠶᠡᠨ ᠠᠪᠴᠤ ᠰᠢᠢᠳᠪᠦᠷᠢᠯᠡᠬᠦ ᠴᠠᠭ ᠤᠨ ᠬᠢᠵᠠᠭᠠᠷ  ᠢ 2023 ᠣᠨ ᠤ 1 ᠰᠠᠷ᠎ᠠ ᠶᠢᠨ 9 ᠤ ᠡᠳᠦᠷ ᠤᠨ 9 ᠴᠠᠭ ᠠᠴᠠ 11 ᠰᠠᠷ᠎ᠠ ᠶᠢᠨ 11 ᠤ ᠡᠳᠦᠷ ᠤᠨ 17 ᠴᠠᠭ ᠪᠣᠯᠭᠠᠨ ᠨᠢᠭᠡᠳᠬᠡᠪᠠ᠂ ᠰᠢᠯᠭᠠᠭᠤᠯᠤᠭᠴᠢ ᠰᠢᠯᠭᠠᠯᠲᠠ ᠶᠢᠨ ᠳᠠᠷᠠᠭ᠎ᠠ ᠥᠪᠥᠷ ᠮᠣᠩᠭᠤᠯ ᠤᠨ ᠰᠣᠷᠣᠭᠴᠢ ᠡᠯᠰᠡᠬᠦ ᠮᠡᠳᠡᠭᠡ ᠵᠠᠩᠭᠢ ᠶᠢᠨ ᠰᠦᠯᠵᠢᠶ᠎ᠡ — ᠪᠠᠭᠰᠢ ᠶᠢᠨ ᠬᠢᠷᠢ ᠬᠡᠮ ᠤᠨ ᠰᠢᠯᠭᠠᠯᠲᠠ ᠶᠢᠨ ᠪᠤᠯᠤᠩ ᠳᠤ ᠤᠷᠤᠵᠤ ᠰᠦᠯᠵᠢᠶᠡᠨ ᠳᠡᠭᠡᠷ᠎ᠡ ᠭᠤᠶᠤᠴᠢᠯᠠᠵᠤ ᠪᠣᠯᠤᠨ᠎ᠠ᠃ ᠬᠡᠷᠪᠡ ᠰᠢᠯᠭᠠᠭᠤᠯᠤᠭᠴᠢ ᠬᠤᠭᠤᠴᠠᠭ᠎ᠠ ᠬᠡᠲᠦᠷᠡᠳᠡᠯ᠎ᠡ ᠭᠤᠶᠤᠴᠢᠯᠠᠯ ᠭᠠᠷᠭᠠᠭᠰᠠᠨ ᠥᠬᠡᠶ ᠪᠣᠯ ᠰᠠᠶᠢᠨ ᠳᠤᠷ᠎ᠠ ᠠᠴᠠ ᠪᠠᠨ ᠲᠠᠶᠠᠬᠳᠠᠬᠰᠠᠨ ᠢᠶᠠᠷ ᠦᠵᠡᠨ᠎ᠡ᠃ ᠰᠦᠢᠳᠭᠡᠯ ᠪᠤᠴᠠᠭᠠᠬᠤ ᠶᠢ ᠵᠦᠪᠰᠢᠶᠡᠷᠡᠭᠦᠯᠦᠭᠰᠡᠨ ᠰᠢᠯᠭᠠᠭᠤᠯᠤᠭᠴᠢ ᠶᠢᠨ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢᠨ ᠬᠦᠴᠦᠨ ᠲᠠᠢ ᠬᠤᠭᠤᠴᠠᠭ᠎ᠠ ᠶᠢ ᠵᠣᠬᠢᠴᠠᠩᠭᠤᠶ ᠪᠠᠷ ᠬᠠᠭᠠᠰ ᠵᠢᠯ ᠤᠷᠲᠤᠳᠬᠠᠨ᠎ᠠ᠃
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号