ᠤᠳᠤᠷᠢᠳᠬᠤ ᠪᠠᠭ ᠤᠨ ᠪᠦᠷᠢᠯᠳᠦᠭᠦᠨ ᠤ ᠠᠵᠢᠯ ᠤᠨ ᠬᠤᠪᠢᠶᠠᠷᠢᠯᠠᠯ ᠳᠤ ᠲᠣᠬᠢᠷᠠᠭᠤᠯᠤᠯᠲᠠ ᠬᠢᠬᠦ ᠲᠤᠬᠠᠢ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠮᠡᠳᠡᠭᠳᠡᠯ
ᠨᠡᠶᠢᠲᠡᠯᠡᠭᠰᠡᠨ ᠴᠠᠭ᠄
2023/10/10
ᠡᠯ᠎ᠡ ᠰᠠᠯᠠᠭ᠎ᠠ ᠲᠠᠰᠤᠭ᠂ ᠲᠣᠪᠴᠢᠶ᠎ᠠ ᠶᠢᠨ ᠡᠯ᠎ᠡ ᠰᠢᠭᠤᠳ ᠬᠠᠷᠢᠶ᠎ᠠ ᠨᠢᠭᠡᠴᠡ ᠳᠤ᠄       ᠠᠵᠢᠯ ᠤᠨ ᠬᠡᠷᠡᠭᠴᠡᠭᠡ ᠪᠠ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠭᠦᠨ ᠤ ᠬᠤᠪᠢᠷᠠᠯᠲᠠ ᠶᠢᠨ ᠪᠠᠶᠢᠳᠠᠯ ᠢ ᠦᠨᠳᠦᠰᠦᠯᠡᠨ᠂ 2023 ᠣᠨ ᠤ 21 ᠳ᠋ᠦ᠋ᠭᠡᠷ ᠤᠳᠠᠭ᠎ᠠ ᠶᠢᠨ ᠲᠣᠪᠴᠢᠶᠠᠨ ᠤ ᠨᠠᠮ ᠤᠨ ᠡᠭᠦᠷ ᠤᠨ ᠬᠤᠷᠠᠯ ᠤᠨ ᠰᠤᠳᠤᠯᠤᠯᠲᠠ ᠪᠠᠷ ᠳᠡᠮᠵᠢᠨ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠭᠦᠨ ᠤ ᠠᠵᠢᠯ ᠤᠨ ᠬᠤᠪᠢᠶᠠᠷᠢᠯᠠᠯ ᠳᠤ ᠲᠣᠬᠢᠷᠠᠭᠤᠯᠤᠯᠲᠠ ᠬᠢᠬᠦ ᠪᠠᠷ ᠲᠣᠭᠲᠠᠪᠠ᠂ ᠲᠣᠬᠢᠷᠠᠭᠤᠯᠤᠯᠲᠠ ᠬᠢᠭᠰᠡᠨ ᠤ ᠳᠠᠷᠠᠭ᠎ᠠ ᠳᠣᠣᠷᠠᠬᠢ ᠮᠡᠲᠦ᠄      ᠲᠣᠪᠴᠢᠶᠠᠨ ᠳᠠᠷᠤᠭ᠎ᠠ ᠪᠣᠤ ᠶᠢᠨ ᠱᠠᠨ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠪᠥᠬᠦ ᠲᠠᠯ᠎ᠠ ᠶᠢᠨ ᠠᠵᠢᠯ ᠢ ᠡᠷᠭᠢᠯᠡᠵᠦ᠂ ᠠᠭᠤᠷᠬᠠᠢ ᠶᠢᠨ ᠠᠪᠤᠷᠠᠨ ᠲᠤᠰᠠᠯᠠᠬᠤ ᠠᠩᠭᠢ ᠶᠢ ᠬᠠᠮᠵᠢᠨ ᠬᠠᠮᠢᠶᠠᠷᠴᠤ᠂ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠪᠠ ᠬᠥᠯᠥᠨ ᠪᠤᠶᠢᠷ ᠬᠤᠲᠠ ᠶᠢᠨ ᠣᠶ ᠰᠢᠭᠤᠢ ᠶᠢᠨ ᠭᠠᠯ ᠤᠨᠲᠠᠷᠠᠭᠠᠬᠤ ᠰᠠᠯᠪᠤᠷᠢ ᠠᠩᠭᠢ ᠲᠠᠢ ᠬᠠᠷᠢᠯᠴᠠᠨ᠎ᠠ᠃       ᠳᠡᠳ᠋ ᠲᠣᠪᠴᠢᠶᠠᠨ ᠳᠠᠷᠤᠭ᠎ᠠ ᠵᠤᠤ ᠡᠾᠦ᠋ᠢ᠂ ᠲᠣᠪᠴᠢᠶᠠᠨ ᠳᠠᠷᠤᠭ᠎ᠠ ᠶᠢ ᠬᠠᠪᠰᠤᠷᠤᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠠᠶᠤᠯᠭᠦᠢ ᠦᠢᠯᠡᠳᠪᠦᠷᠢᠯᠡᠯ ᠳᠤ ᠬᠢᠨᠠᠯᠲᠠ ᠲᠠᠯᠪᠢᠬᠤ ᠲᠠᠰᠤᠭ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢ ᠬᠤᠪᠢᠳᠠᠨ ᠬᠠᠮᠢᠶᠠᠷᠴᠤ᠂ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠲᠣᠪᠴᠢᠶᠠᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠭᠦᠢᠴᠡᠳᠬᠡᠨ᠎ᠡ᠃  ᠳᠡᠳ᠋ ᠲᠣᠪᠴᠢᠶᠠᠨ ᠳᠠᠷᠤᠭ᠎ᠠ ᠰᠠᠷᠠᠭᠤᠯ᠂ ᠲᠣᠪᠴᠢᠶᠠᠨ ᠳᠠᠷᠤᠭ᠎ᠠ ᠶᠢ ᠬᠠᠪᠰᠤᠷᠤᠨ ᠠᠯᠪᠠᠨ ᠭᠡᠷ ᠤᠨ ᠠᠵᠢᠯ ᠢ ᠬᠠᠷᠢᠭᠤᠴᠠᠵᠤ᠂ ᠠᠯᠪᠠᠨ ᠭᠡᠷ᠂ ᠭᠠᠵᠠᠷ ᠬᠥᠳᠡᠯᠦᠯᠲᠡ ᠶᠢᠨ ᠥᠷᠲᠡᠭᠡ ᠶᠢ ᠬᠤᠪᠢᠳᠠᠨ ᠬᠠᠮᠢᠶᠠᠷᠴᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠤᠨ ᠵᠢᠯᠤᠭᠤᠳᠬᠤ ᠭᠠᠵᠠᠷ ᠤᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠲᠣᠪᠴᠢᠶᠠᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ  ᠢ ᠭᠦᠢᠴᠡᠳᠬᠡᠨ᠎ᠡ᠃       ᠳᠡᠳ᠋ ᠲᠣᠪᠴᠢᠶᠠᠨ ᠳᠠᠷᠤᠭ᠎ᠠ ᠪᠠᠢ ᠯᠢ ᠮᠢᠩ᠂ ᠲᠣᠪᠴᠢᠶᠠᠨ ᠳᠠᠷᠤᠭ᠎ᠠ ᠪᠦᠦ ᠶᠢᠨ ᠱᠠᠨ ᠢ ᠬᠠᠮᠵᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠠᠰᠤᠭ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠥᠪ ᠢ ᠬᠤᠪᠢᠳᠠᠨ ᠬᠠᠮᠢᠶᠠᠷᠴᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠭᠡᠷ᠂ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠢ ᠡᠰᠡᠷᠭᠦᠴᠡᠬᠦ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠲᠣᠪᠴᠢᠶᠠᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠭᠦᠢᠴᠡᠳᠬᠡᠨ᠎ᠡ᠃                ᠰᠢᠨ᠎ᠡ ᠪᠠᠷᠭᠤ ᠪᠠᠷᠠᠭᠤᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ                           2022 ᠣᠨ ᠤ 9 ᠰᠠᠷ᠎ᠠ ᠶᠢᠨ 25 ᠤ ᠡᠳᠦᠷ 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ