ᠪᠥᠬᠦ ᠤᠯᠤᠰ ᠢᠶᠠᠷ ᠢᠶᠠᠨ ᠴᠥᠮ ᠬᠤᠭᠤᠯᠠᠶ ᠶᠢᠨ ᠦᠷᠪᠢᠰᠦᠯ ᠲᠠᠢ ᠪᠣᠯᠵᠣ ᠪᠠᠶᠢᠨ᠎ᠠ ᠭᠡᠨ᠎ᠡ ᠦᠦ ᠨᠡᠶᠢᠭᠡᠮ ᠤᠨ ᠬᠠᠷᠢᠯᠴᠠᠭᠠᠨ ᠤ ᠣᠯᠠᠨ ᠲᠠᠪᠴᠠᠩ ᠳᠡᠭᠡᠷ᠎ᠡ ᠡᠨᠡ | ᠲᠤᠬᠠᠢ ᠬᠠᠶᠢᠯᠳᠠ ᠪᠤᠯᠵᠤ ᠣᠯᠠᠨ ᠤ ᠠᠩᠬᠠᠷᠤᠯ ᠢ ᠲᠠᠲᠠᠵᠤ ᠶᠠᠷᠢᠶ᠎ᠠ ᠬᠡᠯᠡᠯᠴᠡᠭᠡ ᠪᠤᠯᠵᠤ ᠪᠠᠶᠢᠨ᠎ᠠ᠃ ᠰᠦᠯᠵᠢᠶᠡᠨ ᠤ ᠨᠠᠶᠢᠵᠠ ᠨᠠᠷ᠄ ᠬᠤᠭᠤᠯᠠᠶ ᠬᠠᠲᠠᠩᠭᠢᠷᠠᠬᠤ᠂ | ᠬᠤᠭᠤᠯᠠᠶ ᠡᠪᠡᠳᠬᠦ᠂ ᠠᠯᠪᠠᠨ ᠭᠡᠷ ᠲᠤ ᠬᠠᠨᠢᠶᠠᠬᠤ ᠳᠠᠭᠤᠨ ᠲᠠᠰᠤᠷᠠᠯᠲᠠ ᠦᠭᠡᠢ ᠦᠷᠬᠦᠯᠵᠢᠯᠡᠬᠦ ᠡᠶᠢᠮᠦ ᠢᠯᠡᠷᠡᠯ ᠰᠢᠨᠵᠢ ᠨᠠᠳᠠ ᠪᠠᠷ ᠵᠣᠭᠰᠣᠬᠤ ᠦᠭᠡᠢ ᠪᠢᠰᠢ | ᠬᠠᠶᠠ ᠦᠭᠡᠢ ᠭᠠᠷᠴᠤ ᠪᠠᠶᠢᠨ᠎ᠠ ᠬᠡᠵᠡᠭᠡᠨ᠎ᠡ ᠁ | ᠣᠯᠠᠨ ᠡᠮᠨᠡᠯᠭᠡ ᠶᠢᠨ ᠬᠤᠷᠢᠶᠠᠨ ᠤ ᠬᠠᠯᠳᠠᠪᠤᠷᠢᠯᠠᠯ ᠤᠨ ᠰᠠᠯᠠᠭ᠎ᠠ᠂ ᠬᠡᠦᠬᠡᠳ ᠤᠨ ᠰᠠᠯᠠᠭᠠᠨ ᠤ ᠲᠤᠰᠬᠠᠶ ᠮᠡᠷᠭᠡᠵᠢᠯᠲᠡᠨ ᠬᠡᠯᠡᠬᠦ ᠳᠡᠭᠡᠨ᠂ ᠣᠶᠢᠷ᠎ᠠ ᠳᠤ | ᠬᠠᠯᠠᠭᠤᠷᠠᠯ ᠤᠨ ᠡᠭᠦᠳᠡᠨ ᠡᠮᠨᠡᠯᠭᠡ ᠳᠤ ᠡᠪᠡᠳᠴᠢᠨ ᠦᠵᠡᠭᠦᠯᠬᠦ ᠬᠥᠮᠦᠨ ᠤ ᠲᠤᠭ᠎ᠠ ᠨᠡᠮᠡᠭᠳᠡᠬᠦ ᠬᠠᠨᠳᠤᠰᠢ ᠲᠠᠢ ᠪᠠᠶᠢᠭ᠎ᠠ ᠡᠪᠡᠳᠴᠢᠲᠡᠨ ᠨᠢ ᠭᠤᠤᠯᠳᠠᠭᠤ ᠬᠡᠦᠬᠡᠳ ᠪᠠ | ᠵᠠᠯᠠᠭᠤᠴᠤᠳ ᠪᠤᠯᠤᠨ᠎ᠡ᠂ ᠲᠡᠳᠡᠨ ᠤ ᠣᠯᠠᠩᠬᠢ ᠨᠢ ᠡᠪᠡᠳᠴᠢᠨ ᠤ ᠢᠯᠡᠷᠡᠯ ᠢᠶᠠᠷ ᠨᠡᠯᠢᠶᠡᠳ ᠬᠥᠩᠭᠡᠨ ᠪᠠᠶᠢᠨ᠎ᠠ ᠬᠡᠪᠡ᠃ | ᠶᠠᠭᠤ ᠶᠢ ᠵᠠᠯᠭᠢᠭᠤᠷ ᠬᠤᠭᠤᠯᠠᠶ ᠶᠢᠨ ᠦᠷᠪᠢᠰᠦᠯ ᠬᠡᠬᠦ ᠪᠤᠢ︖ | ᠵᠠᠯᠭᠢᠭᠤᠷ ᠬᠤᠭᠤᠯᠠᠶ ᠶᠢᠨ ᠦᠷᠪᠢᠰᠦᠯ ᠪᠣᠯ ᠨᠢᠭᠡ ᠵᠦᠢᠯ ᠤᠨ ᠦᠷᠭᠦᠯᠵᠢ ᠲᠣᠬᠢᠶᠠᠯᠳᠤᠳᠠᠭ ᠵᠠᠯᠭᠢᠭᠤᠷ ᠬᠤᠭᠤᠯᠠᠶ ᠶᠢᠨ ᠬᠡᠰᠡᠭ ᠤᠨ ᠡᠪᠡᠳᠴᠢᠨ ᠪᠤᠯᠤᠨ᠎ᠠ᠂ | ᠲᠡᠷᠡ ᠨᠢ ᠵᠠᠯᠭᠢᠭᠤᠷ ᠬᠤᠭᠤᠯᠠᠶ ᠶᠢᠨ ᠰᠠᠯᠢᠰᠤᠲᠤ ᠪᠦᠷᠬᠦᠪᠴᠢ ᠵᠢᠴᠢ ᠣᠷᠴᠢᠨ ᠲᠣᠭᠤᠷᠢᠨ ᠤ ᠯᠢᠮᠹᠠ ᠶᠢᠨ ᠨᠡᠬᠡᠳᠡᠰᠦ ᠶᠢᠨ ᠦᠷᠪᠢᠰᠦᠯ ᠤᠨ ᠲᠤᠰᠬᠠᠯ ᠢ ᠵᠢᠭᠠᠵᠤ | ᠪᠠᠶᠢᠨ᠎ᠠ᠃ | 70% — 80% ᠶᠢᠨ ᠵᠠᠯᠭᠢᠭᠤᠷ ᠬᠤᠭᠤᠯᠠᠶ ᠶᠢᠨ ᠦᠷᠪᠢᠰᠦᠯ ᠨᠢ ᠸᠢᠷᠦ᠋ᠰ ᠠᠴᠠ ᠡᠭᠦᠰᠳᠡᠭ᠂ ᠵᠢᠱᠢᠶᠡᠯᠡᠪᠡᠯ ᠬᠠᠯᠳᠠᠪᠤᠷᠢᠲᠤ ᠲᠠᠭᠰᠢᠭᠤᠷ᠂ ᠰᠢᠨ᠎ᠡ | ᠲᠢᠲᠢᠮᠯᠢᠭ ᠸᠢᠷᠦ᠋ᠰ ᠤᠨ ᠬᠠᠯᠳᠠᠪᠤᠷᠢᠯᠠᠯ᠂ EB ᠸᠢᠷᠦ᠋ᠰ ᠤᠨ ᠬᠠᠯᠳᠠᠪᠤᠷᠢᠯᠠᠯ᠂ ᠬᠡᠯᠬᠢᠶ᠎ᠡ ᠪᠥᠮᠪᠥᠭᠡᠨ ᠪᠠᠺᠲ᠋ᠧᠷᠢ ᠶᠢᠨ ᠬᠠᠯᠳᠠᠪᠤᠷᠢᠯᠠᠯ ᠵᠡᠷᠭᠡ ᠨᠢ ᠴᠥᠮ ᠦᠷᠭᠦᠯᠵᠢ | ᠲᠣᠬᠢᠶᠠᠯᠳᠤᠳᠠᠭ ᠵᠠᠯᠭᠢᠭᠤᠷ ᠡᠪᠡᠳᠬᠦ ᠶᠢᠨ ᠰᠢᠯᠲᠠᠭᠠᠨ ᠪᠣᠯᠤᠨ᠎ᠠ᠃ | ᠸᠢᠷᠦ᠋ᠰ ᠠᠴᠠ ᠭᠠᠳᠠᠨ᠎ᠠ᠂ ᠵᠠᠯᠭᠢᠭᠤᠷ ᠬᠤᠭᠤᠯᠠᠶ ᠶᠢᠨ ᠦᠷᠪᠢᠰᠦᠯ ᠨᠢ ᠪᠠᠰᠠ ᠪᠠᠺᠲ᠋ᠧᠷᠢ ᠪᠤᠶᠤ ᠲᠣᠭᠤᠰᠣ᠂ ᠤᠲᠤᠭ᠎ᠠ ᠤᠨᠢᠶᠠᠷ ᠵᠡᠷᠭᠡ ᠪᠣᠳᠠᠰ ᠤᠨ | ᠰᠡᠳᠦᠯᠲᠡ ᠪᠤᠶᠤ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ᠂ ᠡᠰᠡᠬᠦᠯ᠎ᠡ ᠰᠠᠮᠠᠯᠳᠠᠭ ᠤᠨ ᠦᠷᠪᠢᠰᠦᠯ᠂ ᠭᠡᠳᠡᠷᠭᠦ ᠤᠷᠤᠰᠬᠤ ᠴᠢᠨᠠᠷᠳᠠᠢ ᠬᠤᠳᠣᠭᠤᠳᠣ | ᠤᠯᠠᠭᠠᠨ ᠬᠤᠭᠤᠯᠠᠶ ᠶᠢᠨ ᠡᠪᠡᠳᠴᠢᠨ ᠵᠡᠷᠭᠡ ᠠᠴᠠ ᠡᠭᠦᠰᠳᠡᠭ᠃ | 6 ᠵᠦᠢᠯ ᠤᠨ ᠠᠷᠭ᠎ᠠ ᠪᠠᠷ ᠬᠤᠭᠤᠯᠠᠢ ᠡᠪᠡᠳᠬᠦ ᠶᠢ ᠨᠠᠮᠳᠠᠭᠤᠯᠵᠦ ᠪᠤᠯᠤᠨ᠎ᠠ | ᠮᠠᠰᠢ ᠣᠯᠠᠨ ᠵᠠᠯᠭᠢᠭᠤᠷ ᠬᠤᠭᠤᠯᠠᠶ ᠶᠢᠨ ᠦᠷᠪᠢᠰᠦᠯ ᠲᠠᠢ ᠡᠪᠡᠳᠴᠢᠲᠡᠨ ᠤ ᠬᠤᠭᠤᠯᠠᠶ ᠨᠢ ᠨᠡᠯᠢᠶᠡᠳ ᠬᠦᠨᠳᠦ ᠰᠦᠷᠡᠬᠡᠶ ᠡᠪᠡᠳᠴᠦ᠂ ᠰᠢᠯᠦᠰᠦ ᠪᠠᠨ | ᠵᠠᠯᠭᠢᠭᠰᠠᠨ ᠴᠤ ᠲᠡᠰᠬᠦ ᠶᠢᠨ ᠠᠷᠭ᠎ᠠ ᠦᠭᠡᠢ ᠪᠤᠯᠳᠠᠭ᠃ ᠡᠭᠦᠨ ᠢ ᠨᠠᠮᠳᠠᠭᠤᠯᠬᠤ ᠠᠷᠭ᠎ᠠ ᠭᠡᠪᠡᠯ᠄ | 1. ᠡᠪᠡᠳᠬᠦ ᠶᠢ ᠵᠣᠭᠰᠣᠭᠠᠬᠤ ᠡᠮ ᠤᠤᠭᠤᠭᠠᠷᠠᠢ᠃ | 2. ᠮᠥᠰᠥ᠂ ᠮᠥᠰᠥᠯᠡᠮᠵᠢ᠂ ᠬᠥᠯᠳᠡᠭᠡᠭᠰᠡᠨ ᠡᠭᠡᠳᠡᠭᠰᠡᠨ ᠰᠦ ᠵᠡᠷᠭᠡ ᠬᠦᠢᠳᠡᠨ ᠢᠳᠡᠭᠡᠨ ᠵᠤᠬᠢᠬᠤ ᠬᠡᠮᠵᠢᠶ᠎ᠡ ᠪᠠᠷ ᠢᠳᠡᠭᠡᠷᠡᠶ᠃ | 3. ᠴᠢᠳᠠᠬᠤ ᠶᠢᠨ ᠬᠢᠷᠢ ᠪᠠᠷ ᠪᠦᠯᠢᠶᠡᠨ ᠶᠠᠭᠤᠮ᠎ᠠ᠂ ᠵᠢᠱᠢᠶᠡᠯᠡᠪᠡᠯ ᠪᠦᠯᠢᠶᠡᠨ ᠤᠰᠤ᠂ ᠴᠠᠢ᠂ ᠲᠠᠬᠢᠶᠠᠨ ᠱᠥᠯᠥ᠂ ᠰᠢᠩᠭᠡᠨ ᠪᠤᠳᠠᠭ᠎ᠠ ᠵᠡᠷᠭᠡ ᠶᠢ ᠢᠳᠡᠭᠡᠷᠡᠶ᠃ | 4. ᠬᠤᠭᠤᠯᠠᠶ ᠵᠥᠭᠡᠯᠡᠷᠡᠭᠦᠯᠬᠦ ᠢᠳᠡᠭᠡᠨ᠂ ᠵᠢᠱᠢᠶᠡᠯᠡᠪᠡᠯ ᠵᠥᠭᠡᠶ ᠶᠢᠨ ᠪᠠᠯ᠂ ᠬᠠᠲᠠᠭᠤ ᠰᠢᠬᠢᠷ ᠣᠨᠴᠠᠭᠠᠶᠢᠯᠠᠨ ᠪᠠᠳᠷᠠᠰᠢ ᠶᠢᠨ ᠪᠦᠷᠢᠯᠳᠦᠬᠦᠨ ᠲᠠᠢ ᠬᠤᠭᠤᠯᠠᠶ | ᠵᠥᠭᠡᠯᠡᠷᠡᠭᠦᠯᠬᠦ ᠰᠢᠬᠢᠷ ᠢᠳᠡᠭᠡᠷᠡᠶ᠃ | ᠭᠡᠪᠡᠴᠦ ᠡᠨᠡ ᠵᠦᠢᠯ ᠤᠨ ᠪᠠᠳᠷᠠᠰᠢ ᠶᠢᠨ ᠰᠢᠬᠢᠷ ᠢ 6 ᠨᠠᠰᠤᠨ ᠠᠴᠠ ᠳᠣᠷᠣᠭᠰᠢᠬᠢ ᠬᠡᠦᠬᠡᠳ ᠲᠤ ᠢᠳᠡᠭᠦᠯᠭᠦ ᠶᠢ ᠪᠣᠯᠭᠤᠮᠵᠢᠯᠠᠭᠠᠷᠠᠢ᠂ ᠮᠡᠳᠡᠷᠡᠯ ᠳᠤ ᠰᠠᠭᠠᠳ | ᠪᠤᠯᠵᠤ ᠮᠡᠳᠡᠨ᠎ᠡ᠃ | 5. ᠢᠯᠡᠭᠦᠦ ᠤᠰᠤ ᠤᠤᠭᠤᠭᠠᠷᠠᠢ᠃ ᠡᠩ ᠤᠨ ᠪᠦᠯᠢᠶᠡᠨ ᠤᠰᠤ᠂ ᠬᠦᠢᠲᠡᠨ ᠤᠰᠤ᠂ ᠪᠦᠯᠢᠶᠡᠨ ᠤᠰᠤ ᠶᠢ ᠪᠦᠷ ᠰᠣᠩᠭᠤᠵᠤ ᠪᠣᠯᠤᠨ᠎ᠠ᠃ ᠵᠥᠪᠬᠡᠨ | ᠬᠡᠲᠦᠷᠬᠡᠶ ᠬᠠᠯᠠᠭᠠᠬᠤ ᠠᠴᠠ ᠵᠠᠶᠢᠯᠠᠰᠬᠢᠪᠡᠯ ᠪᠣᠯᠴᠢᠬᠠᠨ᠎ᠠ᠃ | 6. ᠠᠭᠠᠷ ᠤᠨ ᠴᠢᠭᠢᠭᠲᠦᠴᠡ ᠶᠢ ᠰᠠᠶᠢᠵᠢᠷᠠᠭᠤᠯᠵᠤ᠂ ᠠᠭᠠᠷ ᠤᠨ ᠪᠣᠬᠢᠷᠲᠤᠯ ᠢ ᠰᠡᠷᠭᠡᠶᠢᠯᠡᠭᠡᠷᠡᠢ᠃ ᠠᠭᠠᠷ ᠬᠡᠲᠦᠷᠬᠡᠶ ᠬᠠᠭᠤᠷᠠᠶ ᠪᠣᠯ ᠠᠭᠠᠷ ᠤᠨ ᠪᠣᠬᠢᠷᠲᠤᠯ ᠨᠢ | ᠬᠤᠭᠤᠯᠠᠶ ᠡᠪᠡᠳᠬᠦ ᠶᠢ ᠬᠦᠨᠳᠦᠷᠡᠭᠦᠯᠳᠡᠭ ᠪᠤᠯᠬᠤᠷ ᠴᠢᠭᠢᠭᠲᠦᠭᠦᠯᠦᠭᠴᠢ ᠪᠠᠷ ᠣᠷᠴᠢᠨ ᠲᠣᠭᠤᠷᠢᠨ ᠤ ᠴᠢᠭᠢᠭᠲᠦᠴᠡ ᠶᠢ ᠰᠠᠶᠢᠵᠢᠷᠠᠭᠤᠯᠵᠤ ᠪᠠᠶᠢᠭᠠᠷᠠᠢ᠃ | | |