ᠣᠶᠢᠷ᠎ᠠ ᠳᠤ ᠰᠤᠷᠭᠠᠨ ᠬᠥᠮᠦᠵᠢᠯ ᠤᠨ ᠶᠠᠮᠤᠨ ︽ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠵᠠᠰᠠᠭ ᠵᠠᠬᠢᠷᠭᠠᠨ ᠤ ᠰᠢᠳᠬᠡᠯ ᠤᠨ ᠲᠦᠷ ᠬᠡᠷᠡᠭᠵᠢᠭᠦᠯᠬᠦ | ᠠᠷᠭ᠎ᠠ︾ ᠶᠢ ᠨᠡᠶᠢᠳᠡᠯᠡᠵᠦ ᠤᠳᠠᠯ ᠦᠬᠡᠢ ᠬᠡᠷᠡᠭᠵᠢᠬᠦᠯᠬᠦ ᠪᠠᠷ ᠪᠤᠢ᠃ ᠡᠨᠡ ᠨᠢ ᠮᠠᠨ ᠤ ᠤᠯᠤᠰ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠵᠠᠰᠠᠯᠲᠠ | ᠬᠠᠥᠯᠢᠵᠢᠯ ᠤᠨ ᠴᠢᠬᠤᠯᠠ ᠨᠢᠭᠡ ᠠᠯᠬᠤᠮ ᠢ ᠠᠯᠬᠤᠭᠰᠠᠨ ᠢ ᠬᠠᠷᠠᠭᠤᠯᠵᠤ ᠪᠠᠶᠢᠨ᠎ᠠ᠃ ᠡᠭᠦᠨ ᠤ ᠤᠯᠠᠮ ᠠᠴᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠵᠠᠰᠠᠭ | ᠵᠠᠬᠢᠷᠭᠠᠨ ᠤ ᠰᠢᠳᠬᠡᠯ ᠳᠤ ᠦᠨᠳᠦᠰᠦᠯᠡᠯ ᠲᠠᠢ ᠪᠤᠯᠵᠤ᠂ ︽ᠬᠤᠶᠠᠷ ᠢ ᠬᠦᠩᠬᠡᠷᠡᠬᠦᠯᠬᠦ︾ ᠥᠭᠡᠷᠡᠴᠢᠯᠡᠯᠲᠡ ᠶᠢᠨ ᠲᠠᠰᠤᠷᠠᠯᠲᠠ ᠦᠭᠡᠢ ᠪᠣᠳᠠᠲᠤ ᠦᠷ᠎ᠡ ᠪᠦᠲᠦᠮᠵᠢ | ᠣᠯᠬᠤ ᠶᠢ ᠪᠠᠲᠤᠯᠠᠨ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠠᠵᠢᠯ ᠲᠥᠷᠥᠯ ᠤᠨ ᠡᠷᠡᠭᠦᠯ ᠢᠶᠠᠷ ᠬᠥᠭᠵᠢᠬᠦ ᠳᠤ ᠠᠰᠢᠭᠲᠠᠢ᠃ | ︽ᠬᠤᠶᠠᠷ ᠢ ᠬᠦᠩᠬᠡᠷᠡᠬᠦᠯᠬᠦ︾ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠭᠰᠡᠨ ᠬᠤᠶᠠᠷ ᠵᠢᠯ ᠤᠨ ᠲᠤᠷᠰᠢ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ | ᠵᠠᠰᠠᠯᠲᠠ ᠱᠠᠲᠤᠴᠢ ᠴᠢᠨᠠᠷᠲᠠᠢ ᠦᠷ᠎ᠡ ᠪᠦᠲᠦᠮᠵᠢ ᠣᠯᠣᠭᠰᠠᠨ ᠪᠣᠯᠪᠠᠴᠤ ᠵᠠᠷᠢᠮ ᠠᠰᠠᠭᠤᠳᠠᠯ ᠨᠢ ᠮᠥᠨ ᠬᠦ ᠣᠯᠠᠨ ᠲᠦᠮᠡᠨ ᠤ ︽ᠬᠤᠶᠠᠷ ᠢ ᠬᠦᠩᠬᠡᠷᠡᠬᠦᠯᠬᠦ︾ | ᠠᠵᠢᠯ ᠤᠨ ᠬᠠᠨᠤᠮᠵᠢ ᠶᠢᠨ ᠬᠡᠮᠵᠢᠶ᠎ᠡ ᠶᠢ ᠨᠥᠯᠥᠭᠡᠯᠡᠵᠦ ᠪᠠᠶᠢᠳᠠᠭ᠃ ᠵᠢᠱᠢᠶᠡᠯᠡᠪᠡᠯ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢ ᠳᠤᠷ᠎ᠠ ᠪᠠᠷ | ᠡᠷᠭᠢᠯᠡᠵᠦ ᠪᠠᠶᠢᠬᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠳᠠᠯᠳᠠ ᠤᠨᠳᠤᠤᠰᠢᠯ ᠵᠡᠷᠬᠡ ᠠᠰᠠᠭᠤᠳᠠᠯ ᠮᠥᠨ ᠬᠦ ᠠᠳᠠᠯᠢ ᠪᠤᠰᠤ ᠬᠡᠮᠵᠢᠶ᠎ᠡ ᠪᠠᠷ ᠣᠷᠣᠰᠢᠵᠤ᠂ | ᠣᠨᠴᠠ ᠵᠠᠷᠢᠮ ᠪᠠᠶᠢᠭᠤᠯᠤᠮᠵᠢ ︽ᠵᠣᠭᠤᠰ ᠢ ᠨᠢ ᠬᠤᠷᠢᠶᠠᠵᠤ ᠳᠤᠳᠠᠭᠠᠬᠤ︾ ᠵᠡᠷᠬᠡ ᠠᠰᠠᠭᠤᠳᠠᠯ ᠮᠥᠨ ᠬᠦ ᠬᠠᠶᠠ ᠡᠭᠦᠰᠴᠦ᠂ ᠠᠷᠠᠳ ᠣᠯᠠᠨ ᠤ ᠬᠠᠤᠯᠢ ᠶᠣᠰᠣᠨ ᠤ | ᠡᠷᠬᠡ ᠠᠰᠢᠭ ᠮᠥᠨ ᠬᠦ ᠪᠠᠶᠢᠨ ᠳᠠᠬᠢᠨ ᠬᠤᠬᠢᠷᠠᠯ ᠳᠤ ᠤᠴᠠᠷᠠᠵᠤ ᠪᠠᠶᠢᠬᠤ ᠶᠤᠮ᠃ ᠡᠳᠡᠭᠡᠷ ᠠᠰᠠᠭᠤᠳᠠᠯ ᠢ ᠴᠠᠭ ᠲᠤᠬᠠᠢ ᠳᠤᠨᠢ ᠰᠶᠢᠳᠪᠦᠷᠢᠯᠡᠭᠰᠡᠨ ᠪᠣᠯᠪᠠᠴᠤ | ᠲᠣᠳᠣᠷᠬᠠᠢ ᠰᠢᠳᠬᠡᠬᠦ ᠠᠷᠭ᠎ᠠ ᠦᠬᠡᠢ ᠪᠠᠶᠢᠵᠤ᠂ ᠣᠯᠠᠩᠬᠢ ᠶᠢᠨ ᠰᠢᠳᠬᠡᠬᠦ ᠡᠷᠴᠢᠮ ᠨᠢ ᠰᠤᠯᠠ᠂ ᠰᠡᠷᠡᠮᠵᠢᠯᠡᠭᠦᠯᠬᠦ ᠦᠷ᠎ᠡ ᠳ᠋ᠦᠩ ᠨᠢ ᠬᠦᠷᠦᠯᠴᠡᠬᠦ ᠦᠭᠡᠢ ᠪᠠᠶᠢᠳᠠᠭ᠃ | ᠡᠶᠢᠮᠦ ᠠᠴᠠ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠪᠠᠶᠢᠭᠤᠯᠤᠮᠵᠢ ᠶᠢ ᠰᠢᠳᠬᠡᠨ ᠲᠣᠷᠭᠠᠬᠤ ᠠᠷᠭ᠎ᠠ ᠶᠢ ᠲᠦᠷᠭᠡᠬᠡᠨ ᠪᠠᠶᠢᠭᠤᠯᠤᠨ ᠪᠦᠷᠢᠨᠰᠢᠭᠦᠯᠪᠡᠯ ᠬᠠᠤᠯᠢ | ᠬᠡᠷᠡᠭᠵᠢᠭᠦᠯᠬᠦ ᠬᠠᠷᠢᠭᠤᠴᠠᠯᠭ᠎ᠠ᠂ ᠬᠠᠤᠯᠢ ᠬᠡᠷᠡᠭᠵᠢᠭᠦᠯᠬᠦ ᠡᠷᠬᠡ ᠶᠢᠨ ᠬᠢᠵᠠᠭᠠᠷ᠂ ᠬᠠᠤᠯᠢ ᠬᠡᠷᠡᠭᠵᠢᠭᠦᠯᠬᠦ ᠦᠨᠳᠦᠰᠦᠯᠡᠯ ᠲᠠᠢ ᠪᠤᠯᠵᠤ᠂ ᠬᠠᠤᠯᠢ ᠪᠠᠷ ᠵᠠᠰᠠᠬᠤ ᠠᠷᠭ᠎ᠠ | ᠮᠠᠶ᠋ᠢᠭ ᠢᠶᠠᠷ ᠳᠠᠮᠵᠢᠭᠤᠯᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠵᠠᠰᠠᠯᠲᠠ ᠶᠢ ᠭᠦᠨᠵᠡᠭᠡᠶᠢᠷᠡᠭᠦᠯᠵᠦ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ | ᠡᠷᠬᠢᠯᠡᠭᠰᠡᠳ ᠤᠨ ᠬᠠᠤᠯᠢ ᠠᠴᠠ ᠵᠥᠷᠢᠴᠡᠭᠰᠡᠳ ᠢ ᠦᠨ᠎ᠡ ᠲᠥᠯᠥᠪᠦᠷᠢ ᠭᠠᠷᠭᠠᠯᠭᠠᠵᠤ᠂ ᠳᠦᠷᠢᠮ ᠲᠣᠭᠳᠠᠭᠠᠯ ᠳᠤ ᠨᠡᠶᠢᠴᠡᠭᠰᠡᠳ ᠢ ᠬᠠᠮᠠᠭᠠᠯᠠᠵᠤ ᠪᠤᠯᠤᠨ᠎ᠠ᠃ | ︽ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠵᠠᠰᠠᠭ ᠵᠠᠬᠢᠷᠭᠠᠨ ᠤ ᠰᠢᠳᠬᠡᠯ ᠤᠨ ᠲᠦᠷ ᠬᠡᠷᠡᠭᠵᠢᠭᠦᠯᠬᠦ ᠠᠷᠭ᠎ᠠ︾ ᠶᠢᠨ ᠠᠷᠪᠠᠨ ᠳᠣᠯᠣᠳᠤᠭᠠᠷ ᠵᠦᠢᠯ ᠳᠤ | ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠢ ᠬᠢᠨᠠᠨ ᠵᠥᠪᠰᠢᠶᠡᠷᠡᠯ ᠦᠭᠡᠢ᠂ ᠳᠤᠷ᠎ᠠ ᠪᠠᠷ ᠢᠶᠠᠨ ᠡᠷᠭᠢᠯᠡᠭᠰᠡᠨ ᠪᠤᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ | ᠵᠠᠷᠯᠢᠭᠳᠠᠨ ᠵᠣᠭᠰᠣᠭᠠᠵᠤ᠂ ᠬᠤᠷᠢᠶᠠᠭᠰᠠᠨ ᠰᠦᠢᠳᠬᠡᠯ ᠢ ᠨᠢ ᠪᠤᠴᠠᠭᠠᠯᠭᠠᠬᠤ ᠶᠢᠨ ᠬᠠᠮᠲᠤ ᠠᠳᠠᠯᠢ ᠪᠤᠰᠤ ᠬᠡᠮᠵᠢᠶᠡᠨ ᠤ ᠵᠣᠭᠤᠰ ᠢᠶᠠᠷ ᠲᠣᠷᠭᠠᠨ᠎ᠠ︔ ᠠᠷᠪᠠᠨ | ᠨᠠᠢᠮᠠᠳᠤᠭᠠᠷ ᠵᠦᠢᠯ ᠳᠤ ᠪᠠᠶᠢᠭᠠᠯᠢ ᠬᠥᠮᠥᠨ᠂ ᠬᠠᠤᠯᠢ ᠶᠢᠨ ᠡᠷᠬᠡᠳᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠬᠡᠯᠪᠡᠷᠢ ᠶᠢ ᠨᠢ ᠬᠤᠪᠢᠷᠠᠭᠤᠯᠤᠨ ᠰᠤᠷᠭᠠᠭᠤᠯᠢ ᠶᠢᠨ | ᠭᠠᠳᠠᠨᠠᠬᠢ ᠪᠤᠯᠪᠠᠰᠤᠷᠠᠯ ᠥᠷᠨᠢᠭᠦᠯᠦᠭᠰᠡᠨ ᠲᠣᠬᠠᠢ ᠬᠠᠮᠢᠶ᠎ᠠ ᠪᠦᠬᠦᠢ ᠰᠢᠳᠬᠡᠯ ᠤᠨ ᠲᠣᠭᠲᠠᠭᠠᠯ ᠢ ᠲᠤᠳᠤᠷᠬᠠᠶᠢᠯᠠᠵᠠᠢ︔ ᠪᠠᠰᠠ ᠬᠠᠤᠯᠢ ᠠᠴᠠ ᠵᠥᠷᠢᠴᠡᠭᠰᠡᠨ | ᠪᠣᠯᠪᠠᠰᠤᠷᠠᠯ ᠤᠨ ᠦᠢᠯᠡ ᠠᠵᠢᠯᠯᠠᠭ᠎ᠠ ᠶᠢ ᠲᠣᠳᠣᠷᠬᠠᠢ ᠵᠠᠭᠠᠭᠯᠠᠨ ᠲᠣᠭᠲᠠᠭᠠᠪᠠ︔ ᠡᠭᠦᠨ ᠠᠴᠠ ᠭᠠᠳᠠᠨ᠎ᠠ᠂ ᠪᠠᠰᠠ ᠰᠦᠯᠵᠢᠶᠡᠨ ᠳᠡᠭᠡᠷᠡᠬᠢ ᠪᠣᠯᠪᠠᠰᠤᠷᠠᠯ ᠤᠨ | ᠪᠠᠶᠢᠭᠤᠯᠤᠮᠵᠢ ᠨᠤᠭᠤᠳ ᠰᠦᠯᠵᠢᠶᠡᠨ ᠭᠠᠳᠠᠨ᠎ᠠ ᠪᠣᠯᠪᠠᠰᠤᠷᠠᠯ ᠥᠷᠨᠢᠭᠦᠯᠦᠭᠰᠡᠨ᠂ ᠬᠢᠴᠢᠶᠡᠯ ᠲᠦᠷᠦᠯ ᠤᠨ ᠪᠤᠰᠤ ᠪᠤᠯᠪᠠᠰᠤᠷᠠᠯ ᠤᠨ ᠪᠠᠶᠢᠭᠤᠯᠤᠮᠵᠢ ᠨᠤᠭᠤᠳ ᠬᠢᠴᠢᠶᠡᠯ | ᠲᠦᠷᠦᠯ ᠤᠨ ᠪᠤᠯᠪᠠᠰᠤᠷᠠᠯ ᠥᠷᠨᠢᠭᠦᠯᠦᠭᠰᠡᠨ᠂ ᠬᠢᠴᠢᠶᠡᠯ ᠲᠦᠷᠦᠯ ᠤᠨ ᠪᠤᠯᠪᠠᠰᠤᠷᠠᠯ ᠤᠨ ᠪᠠᠶᠢᠭᠤᠯᠤᠮᠵᠢ ᠬᠢᠴᠢᠶᠡᠯ ᠲᠦᠷᠦᠯ ᠤᠨ ᠪᠤᠰᠤ ᠪᠤᠯᠪᠠᠰᠤᠷᠠᠯ ᠡᠷᠬᠢᠯᠡᠭᠰᠡᠨ | ᠵᠢᠴᠢ ᠰᠤᠷᠭᠠᠭᠤᠯᠢ ᠡᠷᠭᠢᠯᠡᠬᠦ ᠵᠥᠪᠰᠢᠶᠡᠷᠡᠯ ᠤᠨ ᠬᠡᠪᠴᠢᠶ᠎ᠡ ᠠᠴᠠ ᠳᠠᠪᠠᠵᠤ ᠪᠤᠯᠪᠠᠰᠤᠷᠠᠯ ᠤᠨ ᠠᠵᠢᠯᠯᠠᠭ᠎ᠠ ᠥᠷᠨᠢᠭᠦᠯᠦᠭᠰᠡᠨ ᠪᠠᠶᠢᠪᠠᠯ ᠴᠥᠮ ᠲᠣᠭᠲᠠᠭᠠᠯ ᠠᠴᠠ | ᠵᠥᠷᠢᠴᠡᠭᠰᠡᠨ ᠪᠣᠯᠪᠠᠰᠤᠷᠠᠯ ᠳᠤ ᠲᠣᠭᠠᠴᠠᠭᠳᠠᠬᠤ ᠶᠢ ᠲᠤᠳᠤᠷᠬᠠᠶᠢᠯᠠᠵᠤ᠂ ᠪᠤᠯᠪᠠᠰᠤᠷᠠᠯ ᠤᠨ ᠠᠭᠤᠯᠭ᠎ᠠ᠂ ᠪᠣᠯᠪᠠᠰᠤᠷᠠᠯ ᠤᠨ ᠪᠠᠶᠢᠭᠤᠯᠤᠮᠵᠢ ᠶᠢᠨ ᠬᠠᠮᠢᠶᠠᠷᠤᠯᠲᠠ᠂ | ᠤᠷᠤᠯᠳᠤᠭᠠᠨ ᠤ ᠠᠵᠢᠯᠯᠠᠭ᠎ᠠ ᠵᠡᠷᠭᠡ ᠲᠠᠯ᠎ᠠ ᠪᠠᠷ ᠴᠦᠮ ᠲᠣᠳᠣᠷᠬᠠᠢ ᠱᠠᠭᠠᠷᠳᠠᠯᠭ᠎ᠠ ᠳᠤᠷᠠᠳᠴᠠᠢ᠃ ᠲᠤᠷᠭᠠᠨ ᠰᠢᠳᠭᠡᠬᠦ ᠨᠢ ᠨᠡᠩ ᠰᠠᠶᠢᠨ ᠲᠠᠪᠰᠢᠯᠳᠠ ᠶᠢᠨ ᠲᠦᠯᠦᠭᠡ | ᠃ ︽ᠬᠤᠶᠠᠷ ᠢ ᠬᠦᠩᠬᠡᠷᠡᠬᠦᠯᠬᠦ︾ ᠠᠵᠢᠯ ᠵᠠᠩᠬᠢᠯᠠᠭ᠎ᠠ ᠶᠢᠨ ᠱᠠᠳᠤᠨ ᠳᠤ ᠪᠠᠶᠢᠭ᠎ᠠ ᠦᠨᠦᠳᠦᠷ ᠭᠠᠭᠴᠠ ᠬᠦ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ | ᠪᠠᠶᠢᠭᠤᠯᠤᠮᠵᠢ ᠶᠢᠨ ᠬᠠᠤᠯᠢ ᠶᠣᠰᠣᠭᠠᠷ ᠪᠤᠯᠪᠠᠰᠤᠷᠠᠯ ᠡᠷᠭᠢᠯᠡᠬᠦ ᠶᠢ ᠴᠢᠷᠮᠠᠶᠢᠨ ᠪᠠᠲᠤᠯᠠᠪᠠᠯ ᠰᠠᠶ᠋ᠢ ᠬᠢᠴᠢᠶᠡᠯ ᠲᠥᠷᠥᠯ ᠤᠨ ᠪᠤᠰᠤ ᠰᠤᠷᠭᠠᠭᠤᠯᠢ ᠶᠢᠨ ᠭᠠᠳᠠᠨᠠᠬᠢ | ᠪᠣᠯᠪᠠᠰᠤᠷᠠᠯ ᠤᠨ ᠪᠠᠶᠢᠭᠤᠯᠤᠮᠵᠢ ᠶᠢᠨ ᠰᠤᠷᠭᠠᠭᠤᠯᠢ ᠳᠠᠬᠢ ᠬᠢᠴᠢᠶᠡᠯ ᠤᠨ ᠳᠠᠷᠠᠭᠠᠬᠢ ᠦᠢᠯᠡᠴᠢᠯᠡᠭᠡ ᠳᠤ ᠣᠷᠣᠬᠤ ᠶᠢ ᠨᠠᠩ ᠰᠠᠶᠢᠲᠤᠷ ᠠᠬᠢᠭᠤᠯᠵᠤ᠂ ᠬᠢᠴᠢᠶᠡᠯ ᠤᠨ | ᠳᠠᠷᠠᠭᠠᠬᠢ ᠦᠢᠯᠡᠴᠢᠯᠡᠭᠡᠨ ᠤ ᠠᠭᠤᠯᠭ᠎ᠠ ᠶᠢ ᠪᠠᠶᠠᠯᠢᠭᠵᠢᠭᠤᠯᠤᠨ᠂ ᠶᠠᠰᠤ ᠴᠢᠨᠠᠷ ᠢ ᠳᠡᠭᠡᠭᠰᠢᠯᠡᠭᠦᠯᠵᠦ᠂ ᠲᠡᠷᠡ ᠨᠢ ᠦᠨᠡᠨ ᠬᠦ ᠰᠤᠷᠭᠠᠭᠤᠯᠢ ᠶᠢᠨ ᠰᠤᠷᠭᠠᠨ | ᠬᠥᠮᠦᠵᠢᠯ ᠤᠨ ᠠᠰᠢᠭᠲᠠᠢ ᠨᠥᠬᠦᠪᠦᠷᠢ ᠪᠣᠯᠵᠤ᠂ ᠰᠤᠷᠤᠭᠴᠢᠳ ᠤᠨ ᠳᠠᠷᠤᠭᠠᠰᠤ ᠶᠢ ᠦᠨᠡᠨ ᠬᠦ ᠬᠦᠩᠬᠡᠷᠡᠬᠦᠯᠵᠦ ᠴᠢᠳᠠᠬᠤ ᠪᠤᠯᠤᠨ᠎ᠠ᠃ | |