ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2023/10/25
        ︵2023 ᠣᠨ ᠤ 10 ᠰᠠᠷ᠎ᠠ ᠶᠢᠨ 24᠎ ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠪᠥᠬᠦᠳᠡ ᠬᠤᠷᠠᠯ ᠠᠴᠠ ᠪᠠᠲᠤᠯᠠᠪᠠ︶       ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠪᠦᠬᠦᠳᠡ ᠬᠤᠷᠠᠯ 2023 ᠣᠨ ᠤ 10 ᠰᠠᠷ᠎ᠠ ᠶᠢᠨ 24᠎ ᠤ ᠡᠳᠦᠷ ᠰᠢᠨ᠎ᠡ ᠪᠠᠷᠭᠤ ᠪᠠᠷᠠᠭᠤᠨ ᠬᠤᠰᠢᠭᠤᠨ ᠤ ᠠᠯᠳ᠋ᠬᠠᠮᠡᠭᠡᠯ ᠪᠠᠯᠭᠠᠰᠤᠨ ᠳᠤ ᠬᠤᠷᠠᠯᠳᠤᠪᠠ᠃       ᠪᠦᠭᠦᠳᠡ ᠬᠤᠷᠠᠯ ᠳᠤ᠂ ᠬᠤᠰᠢᠭᠤᠨ ᠤ ᠨᠠᠮ ᠤᠨ ᠬᠤᠷᠢᠶ᠎ᠠ ᠶᠢᠨ ᠭᠡᠰᠢᠭᠦᠨ 30 ᠬᠥᠮᠥᠨ᠂ ᠣᠷᠣᠯᠠᠭᠴᠢ ᠭᠡᠰᠢᠭᠦᠨ 4 ᠬᠥᠮᠥᠨ ᠣᠷᠣᠯᠴᠠᠪᠠ᠃ ᠰᠢᠨ᠎ᠡ ᠪᠠᠷᠭᠤ ᠪᠠᠷᠠᠭᠤᠨ ᠬᠤᠰᠢᠭᠤᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠪᠣᠯᠣᠨ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ᠂ ᠬᠤᠶᠠᠷ ᠱᠠᠲᠤᠨ ᠤ ᠬᠡᠰᠡᠭ ᠲᠥᠯᠥᠭᠡᠯᠡᠭᠴᠢ ᠪᠠ ᠭᠡᠰᠢᠭᠦᠨ᠂ ᠠᠬᠠᠮᠠᠳ ᠺᠠᠳ᠋ᠷ ᠤᠨ ᠲᠥᠯᠥᠭᠡᠯᠡᠭᠴᠢ ᠪᠣᠯᠣᠨ ᠠᠵᠤ ᠠᠬᠤᠶᠢᠯᠠᠯ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃       ᠪᠥᠬᠦᠳᠡ ᠬᠤᠷᠠᠯ ᠢ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠡᠷᠬᠢᠯᠡᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠪᠥᠬᠡᠪᠠᠶᠠᠷ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠡᠮᠦᠨ᠎ᠡ ᠠᠴᠠ ᠠᠵᠢᠯ ᠤᠨ ᠢᠯᠡᠳᠬᠡᠯ ᠬᠢᠵᠦ ᠶᠠᠷᠢᠶ᠎ᠠ ᠲᠠᠯᠪᠢᠪᠠ᠃       ᠪᠦᠭᠦᠳᠡ ᠬᠤᠷᠠᠯ ᠠᠴᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ᠂ ᠬᠤᠲᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠬᠠᠢ ᠪᠥᠬᠦ ᠲᠠᠯ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠪᠥᠬᠡᠪᠠᠶᠠᠷ ᠨᠥᠬᠦᠷ ᠤᠨ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠨᠠᠶᠢᠳᠠᠯᠭ᠎ᠠ ᠪᠠᠷ ᠬᠢᠭᠰᠡᠨ ᠠᠵᠢᠯ ᠤᠨ ᠢᠯᠡᠳᠬᠡᠯ ᠢ ᠰᠣᠨᠣᠰᠤᠨ ᠶᠠᠷᠢᠯᠴᠠᠵᠤ᠂ ᠲᠦᠷᠦᠭᠦᠦ ᠭᠤᠷᠪᠠᠨ ᠤᠯᠠᠷᠢᠯ ᠤᠨ ᠠᠵᠢᠯ ᠢᠶᠠᠨ ᠪᠡᠶᠡᠯᠡᠭᠦᠯᠦᠭᠰᠡᠨ ᠪᠠᠶᠢᠳᠠᠯ ᠢ ᠪᠥᠬᠦ ᠲᠠᠯ᠎ᠠ ᠪᠠᠷ ᠳ᠋ᠦᠩᠨᠡᠵᠦ᠂ ᠳᠥᠷᠪᠡᠳᠦᠭᠡᠷ ᠤᠯᠠᠷᠢᠯ ᠵᠢᠴᠢ ᠬᠤᠶᠢᠰᠢᠳᠠ ᠶᠢᠨ ᠬᠡᠰᠡᠭ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ ᠃ ︽︿ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠠᠯ﹀᠎ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠬᠤᠷᠢᠶ᠎ᠠ ᠶᠢᠨ ᠬᠡᠷᠡᠭᠵᠢᠭᠦᠯᠬᠦ ᠲᠥᠰᠥᠯ︾᠎ ᠢ ᠬᠢᠨᠠᠨ ᠵᠥᠪᠯᠡᠵᠦ ᠪᠠᠲᠤᠯᠠᠪᠠ᠃ ᠬᠤᠷᠠᠯ ᠠᠴᠠ ᠪᠠᠰᠠ ᠬᠤᠰᠢᠭᠤᠨ ᠤ ᠬᠤᠯᠪᠣᠭᠳᠠᠯ ᠪᠦᠬᠦᠢ ᠲᠠᠯ᠎ᠠ ᠶᠢᠨ ᠭᠤᠣᠯᠳᠠᠯᠭ᠎ᠠ ᠲᠠᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃       ᠪᠥᠬᠦᠳᠡ ᠬᠤᠷᠠᠯ ᠠᠴᠠ᠂ ᠲᠦᠷᠦᠭᠦᠦ ᠭᠤᠷᠪᠠᠨ ᠤᠯᠠᠷᠢᠯ ᠠᠴᠠ ᠨᠠᠰᠢᠬᠢ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠠᠵᠢᠯ ᠢ ᠭᠦᠢᠴᠡᠳ ᠨᠤᠲᠠᠯᠠᠪᠠ᠃ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠠᠬᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠥᠨᠳᠥᠷᠴᠡ ᠠᠴᠠ ᠪᠣᠳᠣᠯᠬᠢᠯᠠᠵᠤ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠶᠡᠷᠦᠩᠬᠡᠢ ᠱᠦᠵᠢ ᠶᠢᠨ ᠥᠪᠥᠷ ᠮᠣᠩᠭᠤᠯ ᠢ ᠲᠤᠶᠢᠯ ᠢᠶᠠᠷ ᠬᠠᠯᠠᠮᠵᠢᠯᠠᠵᠤ ᠪᠠᠶᠢᠭ᠎ᠠ ᠶᠢ ᠭᠦᠨᠵᠡᠭᠡᠢ ᠣᠶᠢᠯᠠᠭᠠᠨ᠂ ︽ᠲᠠᠪᠤᠨ ᠶᠡᠭᠡ ᠡᠭᠦᠷᠭᠡ︾᠎ ᠶᠢ ᠴᠢᠨᠠᠷ ᠰᠠᠶᠢᠲᠠᠢ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠢ ᠠᠬᠤᠢ ᠶᠢ ᠤᠷᠢᠳᠠᠪᠠᠷ ᠪᠣᠳᠣᠯᠬᠢᠯᠠᠨ᠂ ᠪᠣᠬᠢᠷᠲᠤᠯ ᠦᠭᠡᠢ ᠬᠦᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠨ᠂ ᠠᠵᠤ ᠠᠬᠤᠢ ᠶᠢᠨ ᠠᠵᠢᠯᠯᠠᠭᠠᠨ ᠤ ᠰᠥᠷᠭᠡᠦ ᠣᠷᠴᠢᠨ ᠳᠤ ᠪᠣᠭᠤᠮᠲᠠ ᠰᠢᠪᠲᠤᠯᠬᠤ ᠶᠢ ᠪᠡᠶᠡᠯᠡᠭᠦᠯᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠠᠩᠬ᠎ᠠ ᠠᠯᠬᠤᠮ ᠪᠠᠶᠢᠭᠤᠯᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠰᠡᠷᠭᠡᠶᠢᠯᠡᠯᠲᠡ ᠶᠢᠨ ᠱᠤᠭᠤᠮ ᠢ ᠤᠯᠠᠮ ᠪᠠᠬᠢᠵᠢᠭᠦᠯᠵᠦ᠂ ᠨᠠᠮ ᠤᠨ ᠪᠠᠶᠢᠭᠤᠯᠤᠯᠲᠠ ᠶᠢ ᠪᠠᠲᠤ ᠴᠢᠩᠭ᠎ᠠ ᠬᠦᠴᠦᠨ ᠲᠠᠢ ᠪᠣᠯᠭᠠᠨ᠂ ᠲᠦᠷᠦᠭᠦᠦ ᠭᠤᠷᠪᠠᠨ ᠤᠯᠠᠷᠢᠯ ᠤᠨ ︽ᠪᠣᠭᠤᠮᠲᠠ ᠰᠢᠪᠲᠤᠯᠬᠤ ᠶᠢ ᠠᠳᠬᠤᠬᠤ︾ ︽ᠶᠡᠭᠡ ᠲᠠᠯ᠎ᠠ ᠶᠢ ᠲᠣᠭᠲᠠᠪᠤᠷᠢᠵᠢᠭᠤᠯᠬᠤ︾ ᠬᠠᠷᠠᠯᠲᠠ ᠡᠭᠦᠷᠭᠡ ᠶᠢ ᠤᠷᠤᠭᠰᠢᠲᠠᠢ ᠪᠡᠶᠡᠯᠡᠭᠦᠯᠵᠦ᠂ ︽ᠪᠦᠬᠦ ᠵᠢᠯ ᠳᠤ ᠲᠣᠭᠲᠠᠭᠤᠨ ᠪᠠᠶᠢᠯᠭᠠᠬᠤ︾ ︽ᠪᠦᠬᠦ ᠵᠢᠯ ᠳᠤ ᠤᠷᠤᠭᠰᠢᠯᠠᠬᠤ︾᠎ ᠳᠤ ᠪᠠᠲᠤ ᠪᠠᠬᠢ ᠰᠠᠭᠤᠷᠢ ᠶᠢ ᠲᠠᠯᠪᠢᠪᠠ ᠭᠡᠵᠦ ᠰᠠᠨᠠᠯ ᠨᠢᠭᠡᠲᠡᠢ ᠦᠵᠡᠪᠡ᠃       ᠪᠥᠬᠦᠳᠡ ᠬᠤᠷᠠᠯ ᠠᠴᠠ᠂ ᠶᠡᠷᠦᠩᠬᠡᠢ ᠱᠦᠵᠢ ᠶᠢᠨ ᠡᠨᠡ ᠤᠳᠠᠭ᠎ᠠ ᠶᠢᠨ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯ ᠥᠪᠥᠷ ᠮᠣᠩᠭᠤᠯ ᠳᠤ ᠵᠣᠬᠢᠴᠠᠭᠤᠯᠤᠨ ᠲᠣᠭᠲᠠᠭᠠᠭᠰᠠᠨ ᠠᠵᠢᠯᠯᠠᠭᠠᠨ ᠤ ᠬᠥᠲᠥᠯᠪᠦᠷᠢ ᠪᠠᠶᠢᠵᠤ᠂ ︽ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠪᠦᠲᠦᠭᠡᠨ ᠪᠠᠶᠢᠭᠤᠯᠤᠯᠲᠠ ᠳᠤᠮᠳᠠ ᠰᠢᠨ᠎ᠡ ᠵᠠᠮ ᠢ ᠨᠡᠭᠡᠭᠡᠬᠦ︾ ᠪᠠᠶᠢᠯᠳᠤᠬᠤ ᠪᠣᠳᠣᠯᠭ᠎ᠠ ᠶᠢᠨ ᠰᠢᠨ᠎ᠡ ᠬᠠᠷᠠᠯᠲᠠ ᠶᠢ ᠲᠣᠳᠣᠷᠬᠠᠶᠢᠯᠠᠵᠤ᠂ ᠦᠨᠳᠦᠰᠦᠲᠡᠨ ᠤ ᠭᠠᠵᠠᠷ ᠣᠷᠣᠨ ᠳᠤ ᠠᠵᠢᠯ ᠤᠨ ᠭᠤᠣᠯ ᠱᠤᠭᠤᠮ ᠢ ᠲᠣᠭᠲᠠᠭᠠᠨ ᠥᠭᠴᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠶᠢ ︽ᠤᠯᠤᠰ ᠤᠨ ᠶᠡᠭᠡ ᠶᠠᠪᠤᠳᠠᠯ︾ ᠪᠣᠯᠭᠠᠨ ᠳᠡᠭᠡᠭᠰᠢᠯᠡᠭᠦᠯᠵᠦ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠬᠠᠮᠲᠤ ᠪᠠᠷ ᠴᠢᠨᠡᠭᠡᠯᠢᠭᠵᠢᠬᠦ ᠵᠠᠮ ᠢᠶᠠᠷ ᠡᠩᠨᠡᠭᠡ ᠠᠴᠠ ᠪᠠᠨ ᠬᠤᠴᠣᠷᠴᠤ ᠪᠣᠯᠬᠤ ᠦᠭᠡᠢ ᠭᠡᠵᠦ ᠴᠢᠬᠤᠯᠠᠴᠢᠯᠠᠨ᠂ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠬᠥᠭᠵᠢᠭᠦᠯᠬᠦ ᠨᠡᠩ ᠥᠨᠳᠥᠷ ᠰᠢᠨ᠎ᠡ ᠱᠠᠭᠠᠷᠳᠠᠯᠭ᠎ᠠ ᠳᠤᠷᠠᠳᠴᠤ᠂ ᠪᠦᠭᠦ ᠣᠷᠣᠨ ᠪᠦᠭᠦ ᠬᠤᠲᠠ ᠪᠠ ᠪᠦᠭᠦ ᠬᠤᠰᠢᠭᠤᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠲᠤᠶᠢᠯ ᠤᠨ ᠴᠢᠩᠭ᠎ᠠ ᠵᠣᠷᠢᠭ ᠰᠠᠨᠠᠭᠠᠨ ᠤ ᠵᠣᠷᠢᠭᠵᠢᠭᠤᠯᠤᠯ ᠪᠠ ᠲᠡᠮᠡᠴᠡᠯ ᠤᠨ ᠤᠷᠢᠶᠠᠯᠠᠯ ᠣᠯᠭᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠦᠬᠦᠳᠡ ᠬᠤᠷᠠᠯ ᠢ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠬᠠᠢ ᠪᠦᠬᠦ ᠲᠠᠯ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠶᠡᠷᠦᠩᠬᠡᠢ ᠱᠦᠵᠢ ᠶᠢᠨ ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠬᠤ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ᠂ ᠡᠷᠡᠰ ᠪᠠᠲᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ᠂ ᠵᠠᠮ ᠨᠡᠭᠡᠭᠡᠨ ᠤᠷᠤᠭᠰᠢᠯᠠᠬᠤ ᠵᠣᠷᠢᠭ ᠰᠠᠨᠠᠭ᠎ᠠ ᠪᠠ ᠪᠣᠳᠠᠲᠠᠢ ᠶᠢ ᠡᠷᠬᠢᠮᠯᠡᠬᠦ ᠠᠵᠢᠯ ᠤᠨ ᠤᠳᠤᠷᠢᠳᠤᠮᠵᠢ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠪᠡ᠃ ᠬᠥᠯᠥᠨ ᠪᠤᠶᠢᠷ ᠬᠤᠳᠠ ᠶᠢᠨ ᠨᠠᠮ ᠤᠨ ᠬᠤᠷᠢᠶ᠎ᠠ ᠲᠠᠪᠤᠳᠤᠭᠠᠷ ᠬᠤᠭᠤᠴᠠᠭᠠᠨ ᠤ ᠵᠢᠷᠭᠤᠳᠤᠭᠠᠷ ᠪᠦᠬᠦᠳᠡ ᠬᠤᠷᠠᠯ ᠢ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠣᠷᠣᠬᠤ︾ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠪᠦᠬᠦ ᠣᠷᠣᠨ ᠤ ᠡᠯ᠎ᠡ ᠵᠦᠢᠯ ᠤᠨ ᠠᠵᠢᠯ ᠤᠨ ᠬᠢᠨᠠᠨ ᠰᠢᠯᠭᠠᠯᠲᠠ ᠳᠤ ︽ᠳᠤᠮᠳᠠ ᠲᠦᠪᠰᠢᠨ ᠳᠤ ᠤᠷᠤᠭᠰᠢᠯᠠᠵᠤ᠂ ᠳᠡᠭᠡᠳᠦ ᠲᠦᠪᠰᠢᠨ ᠳᠤ ᠭᠠᠷᠬᠤ ᠪᠠᠷ ᠮᠡᠷᠡᠶᠢᠨ ᠴᠢᠷᠮᠠᠶᠢᠵᠤ᠂ ᠡᠮᠦᠨ᠎ᠡ ᠡᠩᠨᠡᠭᠡᠨ ᠳᠤ ᠣᠷᠣᠬᠤ︾ ᠬᠠᠷᠠᠯᠲᠠ ᠡᠭᠦᠷᠭᠡ ᠶᠢ ᠪᠡᠶᠡᠯᠡᠭᠦᠯᠬᠦ ᠪᠠᠷ ᠴᠢᠷᠮᠠᠶᠢᠵᠤ᠂ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠳᠤ ᠴᠢᠭᠯᠡᠯ ᠤᠨ ᠵᠢᠯᠣᠭᠤᠳᠤᠯᠭ᠎ᠠ ᠪᠠ ᠵᠠᠮ ᠱᠤᠭᠤᠮ ᠤᠨ ᠵᠢᠷᠤᠮᠯᠠᠯ ᠬᠠᠩᠭᠠᠪᠠ ᠭᠡᠵᠦ ᠵᠢᠭᠠᠵᠤ ᠭᠠᠷᠭᠠᠪᠠ᠃       ᠪᠦᠬᠦᠳᠡ ᠬᠤᠷᠠᠯ ᠠᠴᠠ᠂ ︽ᠤᠯᠤᠰ ᠤᠨ ᠶᠡᠭᠡ ᠶᠠᠪᠤᠳᠠᠯ︾᠎ ᠢ ᠰᠡᠳᠬᠢᠯ ᠳᠡᠭᠡᠨ ᠲᠤᠩᠭᠠᠭᠠᠨ᠂ ᠲᠡᠦᠬᠡᠨ ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ᠂ ᠰᠠᠨᠠᠭᠠᠴᠢᠯᠠᠭ᠎ᠠ ᠠᠴᠠ ᠪᠠᠨ ᠪᠠᠷᠢᠮᠵᠢᠶᠠᠯᠠᠨ ᠬᠠᠷᠭᠤᠭᠤᠯᠵᠤ᠂ ᠭᠦᠨᠵᠡᠭᠡᠢ ᠰᠤᠷᠤᠯᠴᠠᠨ ᠨᠠᠷᠢᠯᠢᠭ ᠣᠶᠢᠯᠠᠭᠠᠵᠤ ᠯᠠᠪᠳᠠᠭᠤᠨ ᠪᠠᠲᠤᠲᠠᠢ ᠬᠡᠷᠡᠭᠵᠢᠭᠦᠯᠬᠦ᠂ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠬᠤ ᠳᠤᠮᠳᠠ ᠬᠥᠭᠵᠢᠯᠲᠡ ᠶᠢᠨ ᠴᠢᠭᠯᠡᠯ ᠢ ᠪᠠᠲᠤ ᠡᠵᠡᠮᠳᠡᠬᠦ ᠬᠡᠷᠡᠭᠲᠡᠢ᠃ ᠪᠦᠬᠦ ᠬᠤᠰᠢᠭᠤ ᠪᠠᠷ ᠢᠶᠠᠨ ᠤᠯᠤᠰ ᠲᠥᠷᠥ᠂ ᠪᠠᠶᠢᠯᠳᠤᠬᠤ ᠪᠣᠳᠣᠯᠭ᠎ᠠ᠂ ᠪᠦᠬᠦ ᠲᠠᠯ᠎ᠠ ᠶᠢᠨ ᠥᠨᠳᠥᠷᠴᠡ ᠠᠴᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠠᠬᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠤᠷᠲᠤ ᠬᠤᠭᠤᠴᠠᠭᠠᠨ ᠤ ᠤᠯᠤᠰ ᠲᠥᠷᠥ ᠶᠢᠨ ᠪᠠᠶᠢᠯᠳᠤᠬᠤ ᠪᠣᠳᠣᠯᠭ᠎ᠠ ᠶᠢᠨ ᠡᠭᠦᠷᠭᠡ ᠪᠣᠯᠭᠠᠵᠤ᠂ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠶᠢᠨ ᠴᠢᠬᠤᠯᠠ ᠠᠭᠤᠯᠭ᠎ᠠ ᠪᠣᠯᠤᠭᠰᠠᠨ ᠤ ᠬᠤᠪᠢ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾᠎ ᠤᠨ ᠠᠰᠢᠭᠲᠠᠢ ᠠᠵᠠ ᠲᠣᠬᠢᠶᠠᠯ ᠢ ᠣᠨᠣᠪᠴᠢᠲᠠᠶ ᠡᠵᠡᠮᠳᠡᠵᠦ᠂ ᠰᠢᠨ᠎ᠡ ᠪᠠᠷᠭᠤ ᠪᠠᠷᠠᠭᠤᠨ ᠬᠤᠰᠢᠭᠤᠨ ᠤ ᠣᠷᠣᠨ ᠪᠠᠶᠢᠷᠢ ᠶᠢᠨ ᠨᠥᠬᠦᠴᠡᠯ᠂ ᠡᠬᠢ ᠪᠠᠶᠠᠯᠢᠭ ᠤᠨ ᠳᠠᠪᠠᠭᠤᠯᠢᠭ᠂ ᠣᠨᠴᠠᠯᠢᠭᠲᠤ ᠳᠠᠪᠠᠭᠤᠯᠢᠭ ᠪᠠ ᠬᠥᠭᠵᠢᠯᠲᠡ ᠶᠢᠨ ᠳᠠᠯᠳᠠ ᠬᠦᠴᠦᠨ ᠳᠤ ᠰᠠᠭᠤᠷᠢᠯᠠᠨ᠂ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠲᠣᠭᠲᠠᠭᠠᠯᠲᠠ᠂ ᠠᠵᠢᠯ ᠤᠨ ᠪᠠᠶᠢᠷᠢᠯᠠᠭᠤᠯᠤᠯᠲᠠ ᠪᠠ ᠡᠭᠦᠷᠭᠡ ᠶᠢᠨ ᠨᠠᠶᠢᠳᠠᠪᠤᠷᠢᠵᠢᠭᠤᠯᠤᠯᠲᠠ ᠳᠤᠮᠳᠠ᠂ ᠵᠢᠮ᠎ᠡ ᠶᠣᠰᠣ ᠶᠢ ᠵᠢᠷᠤᠮᠯᠠᠨ᠂ ᠵᠠᠩᠭᠢᠯᠠᠭ᠎ᠠ ᠶᠢ ᠳᠣᠪᠤᠶᠢᠯᠭᠠᠵᠤ᠂ ᠰᠢᠨᠵᠢᠯᠡᠬᠦ ᠤᠬᠠᠭᠠᠨᠴᠢ ᠨᠠᠷᠢᠯᠢᠭ ᠣᠨᠣᠪᠴᠢᠲᠠᠢ᠂ ᠪᠣᠳᠠᠲᠠᠢ ᠳᠤ ᠨᠡᠶᠢᠴᠡᠬᠦ ᠶᠢ ᠪᠡᠶᠡᠯᠡᠭᠦᠯᠵᠦ᠂ ᠪᠦᠬᠦ ᠬᠤᠰᠢᠭᠤᠨ ᠤ ᠳᠡᠭᠡᠳᠦ ᠳᠣᠣᠷᠠᠳᠤ ᠱᠠᠲᠤ ᠶᠢ ᠬᠥᠲᠥᠯᠥᠨ ᠵᠢᠯᠤᠭᠤᠳᠴᠤ ᠪᠦᠬᠦ ᠣᠷᠣᠨ ᠤ ︽ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠣᠷᠣᠬᠤ︾ ᠬᠠᠷᠠᠯᠲᠠ ᠡᠭᠦᠷᠭᠡ ᠳᠤ ᠦᠢᠯᠡᠴᠢᠯᠡᠬᠦ ᠠᠤᠭ᠎ᠠ ᠰᠠᠨᠠᠭ᠎ᠠ ᠡᠷᠡᠯᠬᠡᠭ ᠵᠣᠷᠢᠭ ᠢ ᠪᠤᠶ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠶᠢᠨ ᠲᠣᠬᠢᠷᠠᠭᠤᠯᠤᠭᠰᠠᠨ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠰᠢᠨ᠎ᠡ ᠪᠠᠷᠭᠤ ᠪᠠᠷᠠᠭᠤᠨ ᠬᠤᠰᠢᠭᠤᠨ ᠤ ᠦᠢᠯᠡᠳᠦᠯᠭᠡ ᠳᠤᠮᠳᠠ ᠰᠢᠨ᠎ᠡ ᠠᠯᠬᠤᠮ ᠢ ᠠᠯᠬᠤᠵᠤ᠂ ᠰᠢᠨ᠎ᠡ ᠪᠠᠶᠢᠳᠠᠯ ᠢ ᠡᠭᠦᠳᠦᠨ ᠨᠡᠭᠡᠭᠡᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾᠎ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃       ᠪᠥᠬᠦᠳᠡ ᠬᠤᠷᠠᠯ ᠠᠴᠠ᠂ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠶᠢ ᠴᠢᠩᠭ᠎ᠠ ᠠᠩᠬᠠᠷᠴᠤ᠂ ᠬᠥᠭᠵᠢᠯᠲᠡ ᠶᠢ ᠲᠦᠯᠦᠪᠵᠢᠭᠦᠯᠦᠨ᠂ ᠲᠦᠷᠦ ᠶᠢᠨ ᠪᠣᠳᠣᠯᠭ᠎ᠠ ᠲᠣᠭᠲᠠᠭᠠᠵᠤ᠂ ᠠᠵᠢᠯ ᠢᠶᠠᠨ ᠠᠬᠢᠭᠤᠯᠵᠤ᠂ ︽ᠨᠢᠭᠡ ᠭᠤᠣᠯ ᠰᠢᠵᠢᠮ︾᠎ ᠳᠤ ᠠᠩᠬᠠᠷᠤᠯ ᠢᠶᠠᠨ ᠲᠥᠪᠯᠡᠷᠡᠭᠦᠯᠬᠦ᠂ ︽ᠬᠤᠶᠠᠷ ᠶᠡᠭᠡ ᠶᠠᠪᠤᠳᠠᠯ ︾᠎ ᠢ ᠰᠠᠶᠢᠲᠤᠷ ᠬᠢᠬᠦ ᠳᠡᠭᠡᠷ᠎ᠡ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠤᠯᠤᠰ ᠲᠥᠷᠥ ᠶᠢᠨ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ︽ᠤᠮᠠᠷᠠᠲᠤ ᠶᠢᠨ ᠭᠤᠷᠪᠠᠨ ᠣᠷᠣᠨ︾᠎ ᠤ ᠬᠠᠯᠬᠠᠪᠴᠢ ᠣᠶ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠢᠳᠡᠪᠬᠢᠲᠡᠢ ᠣᠷᠣᠯᠴᠠᠨ᠂ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠦᠯᠦᠪᠵᠢᠭᠦᠯᠭᠡ ᠶᠢᠨ ᠬᠤᠭᠤᠴᠠᠭᠠᠨ ᠳᠠᠬᠢ ᠬᠥᠯᠥᠨ ᠨᠠᠭᠤᠷ ᠤᠨ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠤᠨ ᠣᠨ ᠤ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠯᠠᠪᠳᠠᠭᠤᠨ ᠪᠠᠲᠤᠲᠠᠢ ᠠᠬᠢᠭᠤᠯᠵᠤ᠂ ᠬᠥᠬᠡ ᠵᠠᠮᠠᠭ ᠤᠨ ᠤᠰᠤᠨ ᠤ ᠬᠤᠪᠢᠷᠠᠯᠲᠠ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠤᠷᠰᠢᠯᠲᠠ ᠶᠢᠨ ᠴᠡᠭ ᠤᠨ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠬᠥᠬᠡ ᠲᠡᠭᠷᠢ᠂ ᠨᠣᠮᠢᠨ ᠤᠰᠤ᠂ ᠠᠷᠢᠭᠤᠨ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠨᠠᠷᠢᠯᠢᠭ ᠣᠨᠣᠪᠴᠢᠲᠠᠢ ᠰᠠᠶᠢᠲᠤᠷ ᠬᠢᠵᠦ᠂ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ︾ ︽ᠡᠯᠪᠡᠭ ᠤᠰᠤ ᠶᠢ ᠠᠷᠪᠢᠴᠢ ᠭᠠᠮᠲᠠᠢ ᠬᠡᠷᠡᠭᠯᠡᠬᠦ︾᠎ ᠶᠢ ᠭᠦᠨᠵᠡᠭᠡᠢ ᠦᠢᠯᠡᠳᠦᠯᠭᠡᠵᠢᠭᠦᠯᠵᠦ᠂ ᠣᠳᠣᠬᠢᠴᠢᠯᠠᠭᠰᠠᠨ ᠦᠢᠯᠡᠳᠪᠦᠷᠢᠯᠡᠯ ᠠᠮᠢᠳᠤᠷᠠᠯ ᠤᠨ ᠠᠷᠭ᠎ᠠ ᠬᠡᠯᠪᠡᠷᠢ ᠶᠢ ᠪᠦᠷᠢᠯᠳᠦᠭᠦᠯᠵᠦ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠦᠷᠳᠡᠭ ᠲᠠᠢ ᠠᠮᠢ ᠠᠬᠤᠢ ᠶᠢ ᠬᠠᠷᠢᠯᠴᠠᠨ ᠲᠤᠪᠤᠶᠢᠯᠭᠠᠵᠦ᠂ ᠪᠦᠬᠦ ᠬᠦᠴᠦᠨ ᠢᠶᠠᠷ ᠢᠶᠠᠨ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠡᠪᠳᠡᠷᠡᠰᠢ ᠦᠭᠡᠢ ᠪᠠᠲᠤ ᠪᠠᠬᠢ ᠪᠣᠯᠭᠠᠨ ᠴᠣᠭᠴᠠᠯᠠᠬᠤ ᠬᠡᠷᠡᠭᠲᠡᠢ᠃ ᠤᠯᠤᠰ ᠤᠨ ᠶᠡᠷᠦᠩᠬᠡᠢ ᠴᠣᠭᠴᠠ ᠶᠢᠨ ᠠᠮᠤᠷ ᠲᠦᠪᠰᠢᠨ ᠤ ᠦᠵᠡᠯᠲᠡ ᠶᠢ ᠡᠷᠡᠰ ᠭᠤᠶᠢᠪᠢᠰᠢ ᠦᠭᠡᠢ ᠲᠤᠤᠱᠯᠠᠭᠤᠯᠵᠤ᠂ ᠠᠮᠢ ᠠᠬᠤᠢ᠂ ᠡᠬᠢ ᠪᠠᠶᠠᠯᠢᠭ᠂ ᠠᠮᠢᠳᠤ ᠪᠣᠳᠠᠰ᠂ ᠰᠢᠨᠵᠢᠯᠡᠬᠦ ᠤᠬᠠᠭᠠᠨ ᠮᠡᠷᠭᠡᠵᠢᠯ᠂ ᠲᠣᠣᠷ ᠰᠦᠯᠵᠢᠶ᠎ᠡ᠂ ᠮᠥᠩᠭᠦᠨ ᠭᠦᠢᠯᠭᠡᠭᠡ ᠵᠡᠷᠭᠡ ᠭᠤᠣᠯᠳᠠᠯᠭ᠎ᠠ ᠲᠠᠢ ᠬᠦᠷᠢᠶᠡᠨ ᠤ ᠤᠯᠤᠰ ᠲᠥᠷᠥ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠮᠤᠷ ᠲᠦᠪᠰᠢᠨ ᠤ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠠᠶᠤᠯᠭᠦᠢ ᠦᠢᠯᠡᠳᠪᠦᠷᠢᠯᠡᠯ᠂ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ᠂ ᠥᠷᠢ ᠥᠭᠴᠡᠭᠡ ᠶᠢ ᠠᠷᠢᠯᠭᠠᠬᠤ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠬᠢᠯᠢ ᠬᠢᠵᠠᠭᠠᠷ ᠣᠷᠣᠨ ᠤ ᠲᠣᠭᠲᠠᠭᠤᠨ ᠢ ᠡᠵᠡᠮᠳᠡᠬᠦ᠂ ᠨᠡᠶᠢᠭᠡᠮ ᠢ ᠵᠠᠰᠠᠬᠤ ᠵᠡᠷᠭᠡ ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠠᠷᠠᠳ ᠲᠠᠶᠢᠪᠤᠩ ᠠᠵᠤ ᠲᠦᠷᠦᠭᠦ᠂ ᠨᠡᠶᠢᠭᠡᠮ ᠠᠮᠤᠷ ᠲᠣᠭᠲᠠᠭᠤᠨ ᠡᠮᠬᠢ ᠳᠢᠭᠯᠢᠮ ᠲᠠᠢ᠂ ᠬᠢᠯᠢ ᠬᠢᠵᠠᠭᠠᠷ ᠠᠮᠤᠷ ᠲᠣᠭᠲᠠᠭᠤᠨ ᠪᠠᠶᠢᠬᠤ ᠶᠢ ᠪᠠᠲᠤᠯᠠᠵᠤ᠂ ᠡᠷᠡᠮᠡᠬᠡᠶᠢᠯᠡᠨ ᠲᠡᠮᠡᠴᠡᠵᠦ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠡᠪᠳᠡᠷᠡᠰᠢ ᠦᠭᠡᠢ ᠪᠠᠲᠤ ᠪᠠᠬᠢ ᠴᠣᠭᠴᠠᠯᠠᠬᠤ ᠬᠡᠷᠡᠭᠲᠡᠢ᠃ ᠤᠯᠤᠰ ᠤᠨ ᠡᠨᠧᠷᠭᠢ ᠶᠢᠨ ᠠᠮᠤᠷ ᠲᠦᠪᠰᠢᠨ ᠪᠠ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠢ ᠪᠠᠲᠤᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠮᠵᠢᠯᠠᠯᠲᠤ ᠡᠨᠧᠷᠭᠢ ᠪᠠ ᠰᠢᠨ᠎ᠡ ᠡᠨᠧᠷᠭᠢ ᠶᠢᠨ ᠶᠡᠷᠦᠩᠬᠡᠢ ᠬᠡᠮᠵᠢᠶ᠎ᠡ ᠶᠢᠨ ᠳᠠᠪᠠᠭᠤᠯᠢᠭ᠂ ᠬᠠᠮ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠡᠨᠧᠷᠭᠢ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢᠨ ᠴᠢᠨᠠᠷᠲᠠᠢ ᠨᠡᠭᠡᠭᠡᠨ ᠬᠥᠭᠵᠢᠭᠦᠯᠦᠯᠲᠡ᠂ ᠴᠢᠨᠠᠷ ᠰᠠᠶᠢᠲᠠᠢ ᠠᠰᠢᠭᠯᠠᠯᠲᠠ᠂ ᠳᠦᠷᠢᠮᠵᠢᠭᠦᠨ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠤᠯᠠᠮᠵᠢᠯᠠᠯᠲᠤ ᠡᠨᠧᠷᠭᠢ ᠪᠠ ᠨᠡᠭᠦᠷᠡᠰᠦ ᠪᠠᠷ ᠰᠠᠭᠤᠷᠢ ᠪᠣᠯᠭᠠᠭᠰᠠᠨ ᠠᠵᠤ ᠦᠢᠯᠡᠰ ᠤᠨ ᠰᠢᠨ᠎ᠡ ᠬᠦᠭᠵᠢᠯᠲᠡ ᠶᠢ ᠠᠬᠢᠭᠤᠯᠬᠤ ᠬᠡᠷᠡᠭᠲᠡᠢ᠃ ᠡᠨᠧᠷᠭᠢ ᠶᠢᠨ ᠰᠤᠷᠪᠤᠯᠵᠢ ᠶᠢᠨ ᠠᠵᠤ ᠠᠬᠤᠢ ᠶᠢ ᠤᠯᠠᠨ ᠡᠰᠢᠵᠢᠭᠦᠯᠬᠦ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠳᠡᠭᠡᠳᠦ ᠳᠡᠰᠵᠢᠭᠦᠯᠬᠦ ᠠᠬᠢᠴᠠ ᠶᠢ ᠴᠢᠷᠮᠠᠶᠢᠨ ᠠᠬᠢᠭᠤᠯᠵᠤ᠂ ᠠᠵᠤ ᠦᠢᠯᠡᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ ᠨᠡᠮᠡᠭᠳᠡᠭᠦᠯᠦᠨ᠂ ᠡᠨᠧᠷᠭᠢ ᠶᠢᠨ ᠰᠤᠷᠪᠤᠯᠵᠢ ᠶᠢᠨ ᠬᠠᠩᠭᠠᠯᠭ᠎ᠠ ᠶᠢ ᠪᠠᠲᠤᠯᠠᠬᠤ ᠠᠮᠤᠷ ᠲᠦᠪᠰᠢᠨ ᠤ ᠰᠠᠭᠤᠷᠢ ᠶᠢ ᠤᠯᠠᠮ ᠴᠢᠨᠠᠭᠰᠢᠳᠠ ᠪᠠᠲᠤᠳᠬᠠᠨ᠂ ᠶᠠᠰᠤ ᠴᠢᠨᠠᠷ ᠢ ᠳᠡᠭᠡᠭᠰᠢᠯᠡᠭᠦᠯᠦᠨ ᠡᠨᠧᠷᠭᠢ ᠶᠢᠨ ᠰᠤᠷᠪᠤᠯᠵᠢ ᠶᠢ ᠣᠯᠭᠤᠵᠤ ᠤᠯᠤᠰ ᠤᠨ ᠴᠢᠬᠤᠯᠠ ᠡᠨᠧᠷᠭᠢ ᠶᠢᠨ ᠰᠤᠷᠪᠤᠯᠵᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠬᠦᠴᠦᠲᠡᠢ ᠬᠦᠴᠦᠲᠡᠢ ᠪᠣᠯᠭᠠᠬᠤ ᠬᠡᠷᠡᠭᠲᠡᠢ᠃ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ᠂ ᠣᠨᠴᠠᠭᠠᠶᠢᠯᠠᠨ ᠠᠮᠤ ᠪᠤᠳᠠᠭᠠᠨ ᠤ ᠬᠠᠩᠭᠠᠯᠭ᠎ᠠ ᠶᠢ ᠪᠠᠲᠤᠯᠠᠬᠤ ᠶᠢ ᠢᠮᠠᠭᠲᠠ ᠲᠡᠷᠢᠭᠦᠨ ᠴᠢᠬᠤᠯᠠ ᠡᠭᠦᠷᠭᠡ ᠪᠣᠯᠭᠠᠵᠤ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ᠂ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ᠂ ᠡᠪᠡᠰᠦᠨ ᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠶᠡᠬᠡᠪᠡᠷ ᠠᠬᠢᠭᠤᠯᠵᠤ᠂ ᠣᠲᠣ ᠦᠶ᠎ᠡ ᠶᠢᠨ ᠲᠣᠨᠤᠭ ᠲᠥᠬᠦᠭᠡᠷᠦᠮᠵᠢ᠂ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ᠂ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠪᠠ ᠨᠡᠶᠢᠭᠡᠮ ᠤᠨ ᠦᠢᠯᠡᠴᠢᠯᠡᠭᠡᠨ ᠤ ᠲᠤᠯᠭᠠᠭᠤᠷᠢᠯᠠᠯ ᠢ ᠴᠢᠩᠭᠠᠷᠠᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠵᠠᠬ᠎ᠠ ᠳᠡᠯᠭᠡᠭᠦᠷ ᠢᠶᠠᠷ ᠳᠠᠭᠠᠭᠤᠯᠤᠭᠴᠢ ᠶᠢ ᠳᠠᠭᠠᠭᠤᠯᠬᠤ᠂ ᠳᠠᠭᠠᠭᠤᠯᠤᠭᠴᠢ ᠪᠠᠷ ᠰᠠᠭᠤᠷᠢᠨ ᠭᠠᠵᠠᠷ ᠢ ᠳᠠᠭᠠᠭᠤᠯᠬᠤ᠂ ᠰᠠᠭᠤᠷᠢᠨ ᠭᠠᠵᠠᠷ ᠢᠶᠠᠷ ᠮᠠᠯᠵᠢᠬᠤ ᠡᠷᠦᠬᠡ ᠶᠢ ᠬᠤᠯᠪᠣᠬᠤ ᠡᠵᠡᠩᠨᠡᠯᠲᠡ ᠶᠢᠨ ᠵᠠᠭᠪᠤᠷ ᠢ ᠰᠢᠨ᠎ᠡ ᠶᠢ ᠡᠭᠦᠳᠦᠨ ᠬᠥᠭᠵᠢᠭᠦᠯᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨᠵᠡᠭᠡᠢ ᠡᠳ᠋ᠰᠢᠭᠦᠯᠬᠦ ᠶᠢ ᠭᠦᠨᠵᠡᠭᠡᠶᠢᠷᠡᠭᠦᠯᠦᠨ᠂ ᠨᠠᠷᠠᠲᠤ ᠲᠥᠷᠥᠯ ᠲᠡᠮᠳᠡᠭᠲᠦ ᠶᠢᠨ ᠵᠠᠬ᠎ᠠ ᠳᠡᠯᠭᠡᠭᠦᠷ ᠲᠤ ᠮᠡᠳᠡᠷᠡᠭᠳᠡᠬᠦ ᠬᠡᠮᠵᠢᠶ᠎ᠡ᠂ ᠨᠡᠷ᠎ᠡ ᠠᠯᠳᠠᠷᠰᠢᠬᠤ ᠬᠡᠮᠵᠢᠶ᠎ᠡ ᠪᠠ ᠥᠷᠢᠰᠦᠯᠳᠦᠬᠦ ᠬᠦᠴᠦᠨ ᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠲᠤᠭ᠎ᠠ ᠬᠡᠮᠵᠢᠶ᠎ᠡ ᠶᠢ ᠥᠷᠭᠡᠳᠬᠡᠬᠦ᠂ ᠭᠠᠷᠤᠯᠲᠠ ᠶᠢ ᠨᠡᠮᠡᠭᠳᠡᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠲᠤᠭ᠎ᠠ ᠬᠡᠮᠵᠢᠶ᠎ᠡ ᠪᠠᠷ ᠶᠡᠭᠡ ᠶᠠᠰᠤ ᠴᠢᠨᠠᠷ ᠢᠶᠠᠷ ᠰᠢᠯᠢᠳᠡᠭ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ᠃ ︽ᠨᠢᠭᠡ ᠪᠦᠰᠡ ᠨᠢᠭᠡ ᠵᠠᠮ︾ ︽ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ︾᠎ ᠤᠨ ᠪᠦᠲᠦᠭᠡᠨ ᠪᠠᠶᠢᠭᠤᠯᠤᠯᠲᠠ ᠳᠤ ᠭᠦᠨᠵᠡᠭᠡᠢ ᠣᠷᠣᠯᠴᠠᠵᠤ᠂ ᠪᠣᠭᠤᠮᠲᠠ ᠶᠢᠨ ᠴᠢᠳᠠᠮᠵᠢ ᠶᠢᠨ ᠲᠡᠭᠦᠯᠳᠡᠷᠵᠢᠯᠲᠡ ᠪᠠ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠣᠭᠤᠮᠲᠠ ᠶᠢᠨ ᠡᠬᠢ ᠪᠠᠶᠠᠯᠢᠭ ᠢ ᠨᠠᠷᠢᠯᠢᠭ ᠭᠦᠨᠵᠡᠭᠡᠢ ᠡᠳ᠋ᠰᠢᠭᠦᠯᠬᠦ ᠵᠠᠬ᠎ᠠ ᠳᠡᠯᠭᠡᠭᠦᠷ ᠢ ᠪᠥᠬᠦ ᠬᠦᠴᠦᠨ ᠢᠶᠠᠷ ᠢᠶᠠᠨ ᠨᠡᠭᠡᠭᠡᠨ ᠬᠥᠭᠵᠢᠭᠦᠯᠵᠦ᠂ ︽ᠥᠯᠥ ᠰᠢᠩᠭᠡᠭᠡᠬᠦ︾ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠬᠡᠷᠡᠭᠲᠡᠢ᠃ ᠥᠪᠥᠷ ᠮᠣᠩᠭᠤᠯ ᠤᠨ ᠵᠡᠭᠦᠨ ᠬᠡᠰᠡᠭ ᠢ ᠬᠥᠭᠵᠢᠭᠦᠯᠦᠨ ᠮᠠᠨᠳᠤᠭᠤᠯᠬᠤ ᠤᠯᠤᠰ ᠲᠥᠷᠥ ᠶᠢᠨ ᠡᠭᠦᠷᠭᠡ ᠶᠢ ᠡᠷᠡᠰ ᠡᠭᠦᠷᠭᠡᠯᠡᠵᠦ᠂ ᠪᠠᠷᠠᠭᠤᠨ ᠬᠡᠰᠡᠭ ᠤᠨ ᠭᠠᠵᠠᠷ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ ᠣᠷᠣᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠣᠷᠣᠨ ᠪᠦᠰᠡ ᠶᠢᠨ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠲᠤᠷ ᠬᠡᠷᠡᠭᠯᠡᠵᠦ᠂ ᠬᠥᠷᠰᠢ ᠵᠡᠷᠭᠡᠯᠡᠳᠡᠭᠡ ᠭᠠᠵᠠᠷ ᠣᠷᠣᠨ ᠯᠤᠭ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠶᠢ ᠬᠦᠴᠦᠯᠡᠨ ᠭᠦᠨᠵᠡᠭᠡᠶᠢᠷᠡᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠬᠤᠯᠪᠣᠨ ᠨᠡᠪᠲᠡᠷᠡᠭᠦᠯᠬᠦ ᠳᠤᠮᠳᠠ ᠨᠠᠩ ᠶᠡᠭᠡ ᠦᠢᠯᠡᠳᠦᠯ ᠪᠠᠳᠠᠷᠠᠭᠤᠯᠵᠤ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢ ᠥᠷᠨᠢᠭᠦᠨ ᠪᠠᠳᠠᠷᠠᠩᠭᠤᠢ ᠪᠣᠯᠭᠠᠨ ᠴᠣᠭᠴᠠᠯᠠᠬᠤ ᠬᠡᠷᠡᠭᠲᠡᠢ᠃ ᠢᠮᠠᠭᠲᠠ ᠴᠢᠩᠭ᠎ᠠ ᠠᠳᠬᠤᠵᠤ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠶ ᠪᠣᠯᠭᠠᠬᠤ︾ ᠭᠤᠣᠯ ᠰᠢᠵᠢᠮ ᠠᠴᠠ ᠥᠴᠥᠬᠡᠨ ᠴᠦ ᠰᠠᠯᠬᠤ ᠦᠭᠡᠢ ᠪᠠᠶᠢᠵᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠢ ᠲᠣᠭᠲᠠᠭᠠᠯ︾ ᠪᠣᠯᠣᠨ ᠬᠥᠯᠥᠨ ᠪᠤᠶᠢᠷ ᠬᠤᠲᠠ ᠶᠢᠨ ᠬᠡᠷᠡᠭᠵᠢᠭᠦᠯᠬᠦ ᠰᠠᠨᠠᠯ ᠵᠢᠴᠢ ᠮᠠᠨ ᠤ ᠬᠤᠰᠢᠭᠤᠨ ᠤ ᠬᠡᠷᠡᠭᠵᠢᠭᠦᠯᠬᠦ ᠲᠥᠰᠥᠯ ᠤᠨ ᠡᠯ᠎ᠡ ᠵᠦᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠤᠷᠠᠳᠤᠭᠰᠠᠨ ︽ᠳᠣᠯᠣᠭᠠᠨ ᠲᠠᠯ᠎ᠠ ᠪᠠᠷ ᠵᠢᠱᠢᠶᠡᠴᠢ ᠪᠣᠯᠬᠤ︾᠎ ᠶᠢᠨ ᠪᠠᠶᠠᠯᠢᠭ ᠠᠭᠤᠯᠤᠭᠳᠠᠬᠤᠨ ᠢ ᠭᠦᠨᠵᠡᠭᠡᠢ ᠣᠶᠢᠯᠠᠭᠠᠵᠤ᠂ ︽ᠨᠠᠮ ᠤᠨ ᠠᠴᠢ ᠡᠨᠡᠷᠢᠯ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠣᠨ᠂ ᠨᠠᠮ ᠢᠶᠠᠨ ᠳᠠᠭᠠᠬᠤ︾ ᠣᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠥᠷᠨᠢᠭᠦᠯᠵᠦ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠲᠤᠤᠱᠲᠠᠢ ᠣᠶᠢᠯᠠᠭᠠᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠭᠦᠨᠵᠡᠭᠡᠢ ᠦᠢᠯᠡᠳᠦᠯᠭᠡᠵᠢᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠤᠷᠲᠤ ᠬᠤᠭᠤᠴᠠᠭ᠎ᠠ ᠪᠦᠲᠦᠮᠵᠢᠲᠡᠶ ᠠᠬᠢᠭᠤᠯᠤᠨ᠂ ᠲᠤᠰᠬᠠᠢ ᠵᠠᠰᠠᠯᠲᠠ ᠶᠢᠨ ᠡᠭᠦᠷᠭᠡ ᠶᠢ ᠴᠠᠭ ᠲᠤᠬᠠᠢ ᠳᠤᠨᠢ ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ ᠰᠠᠶᠢᠲᠤᠷ ᠠᠳᠬᠤᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠳᠡᠯᠭᠡᠷᠡᠭᠦᠯᠬᠦ ᠡᠷᠴᠢᠮ ᠢ ᠴᠢᠩᠭᠠᠷᠠᠭᠤᠯᠤᠨ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠵᠢᠱᠢᠶᠡᠴᠢ ᠶᠢ ᠡᠯ᠎ᠡ ᠬᠦᠷᠢᠶ᠎ᠡ᠂ ᠡᠯ᠎ᠡ ᠲᠠᠯ᠎ᠠ ᠳᠤ ᠬᠦᠴᠦᠯᠡᠨ ᠢᠯᠡᠷᠡᠭᠦᠯᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠦᠢᠯᠡᠳᠦᠯᠭᠡ ᠶᠢ ᠥᠨᠳᠥᠷ ᠪᠠᠷᠢᠮᠵᠢᠶ᠎ᠠ ᠪᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃       ᠪᠥᠬᠦᠳᠡ ᠬᠤᠷᠠᠯ ᠠᠴᠠ᠂ ᠤᠯᠠᠨ ᠡᠰᠢᠵᠢᠨ ᠬᠦᠭᠵᠢᠭᠰᠡᠨ᠂ ᠤᠯᠠᠨ ᠲᠦᠢᠯ ᠢᠶᠠᠷ ᠲᠤᠯᠭᠠᠭᠤᠷᠢᠯᠠᠭᠰᠠᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠬᠠᠷᠠᠯᠲᠠ ᠱᠠᠭᠠᠷᠳᠠᠯᠭ᠎ᠠ ᠳᠤ ᠵᠣᠬᠢᠴᠠᠭᠤᠯᠤᠨ᠂ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠬᠤ ᠲᠠᠯ᠎ᠠ ᠪᠠᠷ ᠯᠠᠪᠳᠠᠭᠤᠨ ᠪᠠᠲᠤᠲᠠᠢ ᠠᠯᠬᠤᠮ ᠢ ᠠᠯᠬᠤᠬᠤ ᠬᠡᠷᠡᠭᠲᠡᠢ᠃ ᠬᠤᠲᠠ ᠶᠢᠨ ᠨᠠᠮ ᠤᠨ ᠬᠤᠷᠢᠶ᠎ᠠ ᠶᠢᠨ ᠠᠵᠤ ᠦᠢᠯᠡᠰ ᠤᠨ ᠬᠥᠭᠵᠢᠯᠲᠡ ᠶᠢᠨ ︽ᠲᠠᠪᠤᠨ ᠶᠡᠭᠡ ᠠᠵᠢᠯᠯᠠᠭᠠᠨ ᠤ ᠲᠥᠯᠥᠪᠯᠡᠭᠡ︾᠎ ᠶᠢᠨ ᠶᠡᠷᠦᠩᠬᠡᠢ ᠰᠡᠳᠬᠢᠮᠵᠢ ᠶᠢ ᠦᠷᠭᠦᠯᠵᠢᠯᠡᠨ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠮᠠᠨ ᠤ ᠬᠤᠰᠢᠭᠤᠨ ᠤ ᠡᠯᠪᠡᠭ ᠪᠠᠶᠠᠯᠢᠭ ᠵᠢᠭᠤᠯᠴᠢᠯᠠᠯ ᠤᠨ ᠦᠢᠯᠡᠰ ᠤᠨ ᠡᠬᠢ ᠪᠠᠶᠠᠯᠢᠭ ᠢ ᠭᠦᠢᠴᠡᠳ ᠠᠭᠤᠳᠠᠯᠵᠤ᠂ ᠰᠠᠭᠤᠷᠢ ᠲᠥᠬᠦᠭᠡᠷᠦᠮᠵᠢ ᠶᠢ ᠰᠠᠶᠢᠲᠤᠷ ᠪᠠᠶᠢᠭᠤᠯᠤᠨ᠂ ᠠᠵᠢᠯᠯᠠᠭ᠎ᠠ ᠶᠢᠨ ᠲᠦᠰᠦᠪ ᠢ ᠴᠢᠩᠭᠠᠳᠬᠠᠵᠤ᠂ ᠰᠣᠳᠣᠨ ᠵᠠᠮ ᠱᠤᠭᠤᠮ ᠢ ᠲᠡᠭᠦᠯᠳᠡᠷᠵᠢᠭᠦᠯᠦᠨ᠂ ᠰᠢᠯᠢᠳᠡᠭ ᠦᠢᠯᠡᠴᠢᠯᠡᠭᠡ ᠶᠢ ᠳᠡᠭᠡᠭᠰᠢᠯᠡᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ︔ ᠲᠠᠷᠢᠵᠤ ᠲᠡᠵᠢᠭᠡᠬᠦ ᠦᠢᠯᠡᠰ ᠢ ᠨᠡᠮᠡᠭᠳᠡᠭᠦᠯᠬᠦ᠂ ᠡᠳ᠋ᠰᠢᠭᠦᠯᠬᠦ ᠦᠢᠯᠡᠰ ᠤᠨ ᠶᠠᠰᠤ ᠴᠢᠨᠠᠷ ᠢ ᠨᠡᠮᠡᠭᠳᠡᠭᠦᠯᠬᠦ᠂ ᠪᠣᠷᠣᠯᠠᠭᠤᠯᠬᠤ ᠦᠢᠯᠡᠰ ᠤᠨ ᠦᠷ᠎ᠡ ᠠᠰᠢᠭ ᠢ ᠨᠡᠮᠡᠭᠳᠡᠭᠦᠯᠬᠦ ᠶᠢ ᠲᠦᠷᠭᠡᠳᠬᠡᠨ ᠠᠬᠢᠭᠤᠯᠵᠤ᠂ ᠨᠡᠩ ᠪᠦᠷᠢᠨ ᠪᠦᠲᠦᠨ ᠮᠠᠯ ᠠᠵᠤ ᠠᠬᠤᠢ ᠶᠢᠨ ᠠᠵᠤ ᠦᠢᠯᠡᠰ ᠤᠨ ᠬᠡᠯᠬᠢᠶ᠎ᠡ ᠶᠢ ᠪᠦᠬᠦ ᠬᠦᠴᠦᠨ ᠢᠶᠠᠷ ᠢᠶᠠᠨ ᠴᠣᠭᠴᠠᠯᠠᠵᠤ᠂ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠤᠨ ᠲᠤᠭ᠎ᠠ ᠬᠡᠮᠵᠢᠶ᠎ᠡ ᠶᠠᠰᠤ ᠴᠢᠨᠠᠷ ᠢ ᠵᠡᠷᠭᠡᠪᠡᠷ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ︔ ᠤᠯᠠᠮᠵᠢᠯᠠᠯᠲᠤ ᠠᠵᠤ ᠦᠢᠯᠡᠰ ᠢ ᠲᠡᠰ ᠳᠡᠪᠰᠢᠭᠦᠯᠦᠨ ᠥᠭᠡᠷᠡᠴᠢᠯᠡᠬᠦ ᠪᠠ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠣᠶᠢᠵᠢᠭᠤᠯᠤᠨ ᠬᠥᠭᠵᠢᠭᠦᠯᠬᠦ ᠶᠢᠨ ᠠᠪᠤᠴᠠᠯᠳᠤᠬᠤ ᠴᠡᠭ ᠪᠠ ᠭᠠᠷᠳᠠᠬᠤ ᠴᠡᠭ ᠢ ᠭᠤᠣᠯᠳᠠᠯᠭ᠎ᠠ ᠲᠠᠢ ᠣᠨᠣᠪᠴᠢᠲᠠᠢ ᠡᠷᠢᠵᠦ᠂ ᠰᠢᠨ᠎ᠡ ᠬᠠᠭᠤᠴᠢᠨ ᠬᠥᠳᠡᠯᠭᠡᠬᠦ ᠬᠦᠴᠦᠨ ᠤ ᠦᠷᠭᠦᠯᠵᠢᠯᠡᠨ ᠰᠣᠯᠢᠭᠳᠠᠬᠤ ᠶᠢ ᠲᠦᠷᠭᠡᠳᠬᠡᠨ ᠠᠬᠢᠭᠤᠯᠵᠤ᠂ ᠠᠵᠤ ᠦᠢᠯᠡᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ ᠴᠢᠩᠭᠠᠳᠬᠠᠵᠤ᠂ ᠨᠢᠭᠡᠳᠦᠯᠲᠡᠢ ᠲᠥᠯᠥᠪᠵᠢᠭᠦᠯᠦᠨ ᠨᠡᠶᠢᠳᠡᠮ ᠳᠤᠨᠢ ᠬᠠᠷᠠᠭᠠᠯᠵᠠᠵᠤ ᠤᠯᠠᠮᠵᠢᠯᠠᠯᠲᠤ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠠᠮᠵᠢᠯᠴᠠᠨ ᠬᠠᠮᠲᠤᠪᠠᠷ ᠤᠷᠤᠭᠰᠢᠯᠠᠬᠤ ᠶᠢ ᠠᠬᠢᠭᠤᠯᠬᠤ ᠬᠡᠷᠡᠭᠲᠡᠢ︔ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠴᠢᠩᠭ᠎ᠠ ᠳᠠᠭᠠᠵᠤ᠂ ᠨᠤᠲᠤᠭ ᠪᠡᠯᠴᠢᠭᠡᠷ ᠲᠤ ᠨᠡᠭᠦᠷᠡᠰᠦᠲᠥ᠋ᠷᠥᠭᠴᠢ ᠬᠤᠷᠠᠭᠤᠯᠬᠤ ᠲᠤᠷᠰᠢᠯᠲᠠ ᠶᠢᠨ ᠬᠤᠲᠠ ᠶᠢᠨ ᠭᠦᠢᠴᠡᠳᠬᠡᠯ ᠲᠤᠭ᠎ᠠ ᠶᠢᠨ ᠳᠡᠮᠵᠢᠯᠭᠡ ᠶᠢ ᠣᠯᠬᠤ ᠪᠠᠷ ᠢᠳᠡᠪᠬᠢᠲᠡᠢ ᠴᠢᠷᠮᠠᠶᠢᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠠᠮᠢ ᠠᠬᠤᠢ ᠶᠢᠨ ᠥᠷᠲᠡᠭ ᠢ ᠬᠥᠭᠵᠢᠭᠡᠵᠦ᠂ ᠠᠮᠢ ᠠᠬᠤᠢ ᠶᠢᠨ ᠠᠵᠤ ᠦᠢᠯᠡᠰ ᠤᠨ ᠨᠠᠩ ᠶᠡᠭᠡ ᠰᠢᠪᠲᠤᠯᠤᠯᠲᠠ ᠲᠠᠢ ᠪᠣᠯᠬᠤ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ︔ ᠳᠠᠪᠠᠭᠤᠯᠢᠭ ᠣᠨᠴᠠᠯᠢᠭᠲᠤ ᠠᠵᠤ ᠦᠢᠯᠡᠰ ᠢ ᠴᠢᠩᠭ᠎ᠠ ᠠᠩᠬᠠᠷᠴᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶ᠎ᠠ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ᠂ ᠡᠨᠧᠷᠭᠢ ᠶᠢᠨ ᠡᠬᠢ ᠪᠠᠶᠠᠯᠢᠭ ᠢ ᠨᠠᠷᠢᠯᠢᠭ ᠪᠣᠯᠪᠠᠰᠤᠷᠠᠭᠤᠯᠬᠤ᠂ ᠲᠠᠯ᠎ᠠ ᠨᠤᠲᠤᠭ ᠤᠨ ᠣᠨᠴᠠᠯᠢᠭᠲᠤ ᠵᠢᠭᠤᠯᠴᠢᠯᠠᠯ ᠵᠡᠷᠭᠡ ᠠᠵᠤ ᠦᠢᠯᠡᠰ ᠢ ᠭᠤᠣᠯᠳᠠᠯᠭ᠎ᠠ ᠲᠠᠢ ᠬᠥᠭᠵᠢᠭᠦᠯᠵᠦ᠂ ᠪᠥᠬᠦ ᠬᠦᠴᠦᠨ ᠢᠶᠠᠷ ᠢᠶᠠᠨ ᠲᠥᠷᠥᠯ ᠵᠦᠢᠯ ᠳᠤ ᠣᠷᠣᠯᠴᠠᠵᠤ᠂ ᠠᠷᠠᠯᠵᠢᠶᠠᠴᠢᠨ ᠢ ᠨᠠᠷᠢᠯᠢᠭ ᠣᠨᠣᠪᠴᠢᠲᠠᠢ ᠤᠷᠢᠵᠤ᠂ ︽ᠲᠠᠪᠤᠨ ᠶᠡᠭᠡ ᠡᠭᠦᠷᠭᠡ︾᠎ ᠶᠢ ᠨᠠᠶᠢᠳᠠᠪᠤᠷᠢᠵᠢᠭᠤᠯᠬᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠥᠷᠭᠡᠳᠬᠡᠬᠦ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠵᠡᠷᠭᠡ ᠲᠠᠯ᠎ᠠ ᠪᠠᠷ ᠪᠥᠬᠦ ᠲᠠᠯ᠎ᠠ ᠪᠠᠷ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠴᠢᠳᠠᠪᠤᠷᠢᠲᠠᠨ᠂ ᠪᠡᠯᠡ ᠮᠥᠩᠭᠦ᠂ ᠰᠢᠨ᠎ᠡ ᠶᠢ ᠡᠭᠦᠳᠬᠦ ᠵᠡᠷᠭᠡ ᠬᠦᠴᠦᠨ ᠵᠦᠢᠯ ᠢ ᠬᠤᠰᠢᠭᠤ ᠰᠢᠶᠠᠨ ᠤ ᠬᠡᠪᠴᠢᠶᠡᠨ ᠳᠤ ᠨᠠᠩ ᠢᠯᠡᠭᠦᠦ ᠲᠥᠪᠯᠡᠷᠡᠭᠦᠯᠬᠦ ᠶᠢ ᠠᠬᠢᠭᠤᠯᠤᠨ᠂ ᠬᠤᠰᠢᠭᠤ ᠰᠢᠶᠠᠨ ᠤ ᠬᠡᠪᠴᠢᠶᠡᠨ ᠤ ᠠᠵᠤ ᠠᠬᠤᠢ ᠶᠢᠨ ᠪᠦᠬᠦᠯᠢ ᠴᠣᠭᠴᠠ ᠶᠢᠨ ᠪᠣᠳᠠᠲᠤ ᠬᠦᠴᠦᠨ ᠢ ᠴᠢᠩᠭᠠᠷᠠᠭᠤᠯᠬᠤ ᠬᠡᠷᠡᠭᠲᠡᠢ︔ ᠪᠦᠬᠦᠯᠢ ᠴᠣᠭᠴᠠ ᠶᠢᠨ ᠬᠥᠭᠵᠢᠯᠲᠡ ᠶᠢᠨ ᠣᠷᠴᠢᠨ ᠲᠣᠭᠤᠷᠢᠨ ᠢ ᠰᠢᠨᠲᠠᠷᠠᠰᠢ ᠦᠭᠡᠢ ᠰᠢᠯᠢᠳᠡᠭᠵᠢᠭᠦᠯᠵᠦ᠂ ᠨᠡᠩ ᠶᠡᠭᠡ ᠬᠡᠪᠴᠢᠶ᠎ᠡ ᠪᠠᠷ ᠭᠠᠶᠢᠯᠢ ᠶᠢ ᠬᠥᠩᠭᠡᠯᠡᠬᠦ᠂ ᠨᠡᠩ ᠢᠯᠡᠷᠬᠡᠢ ᠰᠦᠢᠳᠬᠡᠯ ᠢ ᠪᠠᠭᠤᠷᠠᠭᠤᠯᠬᠤ ᠶᠢ ᠠᠬᠢᠭᠤᠯᠵᠤ᠂ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠦᠷᠬᠦᠴᠡ ᠶᠢ ᠥᠷᠭᠡᠳᠬᠡᠵᠦ᠂ ᠪᠦᠬᠦ ᠬᠦᠴᠦᠨ ᠢᠶᠠᠷ ᠢᠶᠠᠨ ᠠᠵᠤ ᠠᠬᠤᠶᠢᠯᠠᠯ ᠳᠤ ᠪᠡᠯᠡ ᠣᠷᠣᠭᠤᠯᠵᠤ ᠦᠢᠯᠡᠰ ᠪᠣᠰᠬᠠᠬᠤ ᠥᠩ ᠰᠢᠮᠡᠯᠢᠭ ᠬᠥᠷᠥᠰᠥ ᠰᠢᠷᠣᠢ ᠶᠢ ᠨᠡᠮᠡᠷᠢᠯᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠪᠦᠬᠦ ᠲᠠᠯ᠎ᠠ ᠪᠠᠷ ᠬᠥᠭᠵᠢᠭᠡᠬᠦ ᠬᠡᠷᠡᠭᠲᠡᠢ︔ ᠪᠡᠯᠡ ᠣᠷᠣᠭᠤᠯᠤᠯᠲᠠ ᠶᠢᠨ ᠬᠢᠨᠠᠨ ᠵᠥᠪᠰᠢᠶᠡᠷᠡᠯ ᠤᠨ ︽ᠨᠢᠭᠡ ᠴᠣᠩᠬᠤᠪᠴᠢ ᠳᠤ ᠭᠥᠯᠢᠶᠡᠨ ᠠᠪᠴᠤ ᠰᠢᠢᠳᠪᠦᠷᠢᠯᠡᠬᠦ︾ ︽ᠳᠤᠲᠠᠭᠳᠠᠯ ᠲᠠᠢ ᠲᠠᠯ᠎ᠠ ᠶᠢ ᠭᠥᠯᠢᠶᠡᠨ ᠠᠪᠴᠤ ᠰᠢᠢᠳᠪᠦᠷᠢᠯᠡᠬᠦ︾ ︽ᠰᠠᠭᠠᠳ ᠦᠭᠡᠢ ᠨᠡᠪᠲᠡᠷᠡᠬᠦ ᠵᠠᠮ︾ ︽ᠣᠷᠣᠯᠠᠨ ᠭᠦᠢᠴᠡᠳᠬᠡᠬᠦ ᠦᠢᠯᠡᠴᠢᠯᠡᠭᠡ︾᠎ ᠶᠢᠨ ᠳᠦᠷᠢᠮ ᠢ ᠰᠦᠪᠡᠭᠴᠢᠯᠡᠵᠦ᠂ ᠠᠯᠬᠤᠮ ᠳᠠᠷᠠᠭ᠎ᠠ ᠶᠢ ᠤᠯᠠᠮ ᠴᠢᠨᠠᠭᠰᠢᠳᠠ ᠳᠥᠭᠦᠮᠴᠢᠯᠡᠨ᠂ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢᠨ ︽ᠡᠴᠦᠰ ᠤᠨ ᠨᠢᠭᠡ ᠺᠢᠯᠣᠮᠧᠲᠷ︾᠎ ᠢ ᠡᠷᠡᠰ ᠨᠡᠪᠲᠡᠷᠡᠭᠦᠯᠬᠦ ᠬᠡᠷᠡᠭᠲᠡᠢ︔ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠳᠤ ᠬᠢᠨᠠᠯᠲᠠ ᠲᠠᠯᠪᠢᠬᠤ᠂ ᠵᠠᠭᠠᠯᠳᠤᠬᠤ᠂ ᠭᠥᠯᠢᠶᠡᠨ ᠠᠪᠴᠤ ᠰᠢᠢᠳᠪᠦᠷᠢᠯᠡᠬᠦ᠂ ᠰᠢᠮᠳᠠᠭᠤᠯᠤᠨ ᠭᠦᠢᠴᠡᠳᠬᠡᠬᠦ᠂ ᠬᠠᠷᠢᠭᠤ ᠲᠤᠰᠬᠠᠬᠤ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠠᠵᠢᠯ ᠬᠢᠬᠦ ᠦᠭᠡᠢ᠂ ᠳᠤᠷ᠎ᠠ ᠪᠠᠷ ᠢᠶᠠᠨ ᠬᠢᠬᠦ᠂ ᠬᠢᠬᠠᠨ ᠠᠪᠬᠤ ᠵᠡᠷᠭᠡ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠲᠥᠪ ᠭᠤᠥᠯᠴᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠪᠠ ᠵᠠᠰᠠᠭ ᠤᠨ ᠣᠷᠳᠣᠨ ᠬᠤᠳᠠᠯᠳᠤᠭᠠᠴᠢᠨ ᠤ ᠬᠠᠷᠢᠴᠠᠭ᠎ᠠ ᠶᠢ ᠪᠣᠶ ᠪᠣᠯᠭᠠᠵᠤ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠡᠷᠡᠭᠦᠯ ᠪᠥᠭᠡᠳ ᠣᠷᠳᠣ ᠬᠤᠭᠤᠴᠠᠭᠠᠨ ᠤ ᠪᠦᠲᠦᠮᠵᠢᠲᠡᠶ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃        ᠪᠥᠬᠦᠳᠡ ᠬᠤᠷᠠᠯ ᠠᠴᠠ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠬᠤ᠂ ᠬᠠᠮᠲᠤᠪᠠᠷ ᠴᠢᠨᠡᠭᠡᠯᠢᠭᠵᠢᠬᠦ ᠶᠢ ᠪᠡᠶᠡᠯᠡᠭᠦᠯᠬᠦ ᠲᠠᠯ᠎ᠠ ᠪᠠᠷ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠠᠪᠬᠤ ᠬᠡᠷᠡᠭᠲᠡᠢ᠃ ᠮᠠᠯᠵᠢᠬᠤ ᠣᠷᠣᠨ ᠤ ᠰᠢᠨ᠎ᠡ ᠬᠡᠯᠪᠡᠷᠢ ᠶᠢᠨ ᠬᠠᠮᠲᠤ ᠶᠢᠨ ᠠᠵᠤ ᠠᠬᠤᠢ᠂ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠪᠠ ᠰᠢᠨ᠎ᠡ ᠬᠡᠯᠪᠡᠷᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ ᠶᠡᠬᠡᠪᠡᠷ ᠬᠥᠭᠵᠢᠭᠦᠯᠵᠦ᠂ ᠥᠨᠳᠥᠷ ᠬᠡᠪ ᠴᠢᠨᠠᠷ ᠲᠠᠢ ᠠᠵᠢᠯ ᠮᠡᠷᠭᠡᠵᠢᠯ ᠤᠨ ᠮᠠᠯᠴᠢᠳ ᠢ ᠪᠥᠬᠦ ᠲᠠᠯ᠎ᠠ ᠪᠠᠷ ᠬᠥᠮᠥᠵᠢᠭᠦᠯᠵᠦ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ︽ᠰᠢᠨ᠎ᠡ ᠠᠷᠭ᠎ᠠ ᠵᠠᠮ︾ ᠎ ᠢ ᠦᠷᠭᠦᠯᠵᠢᠯᠡᠨ ᠬᠠᠶᠢᠨ ᠰᠦᠪᠡᠭᠴᠢᠯᠡᠬᠦ ᠬᠡᠷᠡᠭᠲᠡᠢ᠃ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠶᠢ ᠲᠣᠪᠣᠶᠢᠮ᠎ᠠ ᠰᠠᠶᠢᠲᠤᠷ ᠠᠳᠬᠤᠵᠤ᠂ ᠪᠣᠯᠪᠠᠰᠤᠷᠠᠯ ᠦᠢᠯᠡᠴᠢᠯᠡᠭᠡ ᠶᠢ ᠴᠢᠩᠭᠠᠳᠬᠠᠨ᠂ ᠣᠯᠠᠨ ᠠᠷᠭ᠎ᠠ ᠵᠠᠮ ᠢᠶᠠᠷ ᠠᠮᠢᠳᠤᠯᠢᠭ ᠢᠶᠠᠷ ᠠᠵᠢᠯ ᠣᠯᠬᠤ ᠶᠢ ᠳᠡᠮᠵᠢᠵᠦ᠂ ᠶᠠᠳᠠᠭᠤ ᠠᠴᠠ ᠠᠩᠭᠢᠵᠢᠷᠠᠭᠰᠠᠨ ᠭᠡᠷ ᠪᠦᠯᠢ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠭᠡᠷ ᠪᠦᠯᠢ᠂ ᠨᠢᠭᠡ ᠴᠦ ᠠᠵᠢᠯ ᠣᠯᠣᠭᠰᠠᠨ ᠦᠭᠡᠢ ᠭᠡᠷ ᠪᠦᠯᠢ᠂ ᠵᠡᠮᠳᠡᠭᠴᠦᠳ ᠵᠡᠷᠭᠡ ᠬᠦᠴᠢᠷᠳᠡᠯᠲᠡᠢ ᠪᠦᠯᠬᠦᠮ ᠨᠡᠶᠢᠲᠡ ᠶᠢᠨ ᠠᠵᠢᠯ ᠣᠯᠭᠤᠯᠲᠠ ᠶᠢᠨ ᠦᠨᠳᠦᠰᠦᠨ ᠵᠦᠢᠯ ᠢ ᠳᠡᠮᠵᠢᠨ ᠲᠡᠳᠬᠦᠬᠦ ᠶᠢ ᠴᠢᠩᠭᠠᠳᠬᠠᠵᠤ᠂ ᠣᠯᠠᠨ ᠲᠦᠮᠡᠨ ᠤ ︽ᠠᠵᠢᠯ ᠣᠯᠭᠤᠯᠲᠠ ᠶᠢᠨ ᠵᠠᠮ︾᠎ ᠢ ᠪᠥᠬᠦ ᠲᠠᠯ᠎ᠠ ᠪᠠᠷ ᠥᠷᠭᠡᠳᠬᠡᠬᠦ ᠬᠡᠷᠡᠭᠲᠡᠢ᠃ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ ᠨᠡᠶᠢᠭᠡᠮ ᠤᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ᠂ ᠰᠤᠷᠭᠠᠨ ᠬᠥᠮᠦᠵᠢᠯ ᠂ ᠡᠷᠡᠭᠦᠯ ᠬᠠᠮᠠᠭᠠᠯᠠᠯ ᠤᠨ ᠬᠦᠷᠢᠶᠡᠨ ᠤ ᠡᠭᠦᠷᠭᠡ ᠴᠢᠳᠠᠪᠬᠢ ᠶᠢ ᠬᠦᠯᠢᠶᠡᠨ ᠠᠪᠬᠤ ᠠᠵᠢᠯ ᠢ ᠰᠠᠶᠢᠲᠤᠷ ᠬᠢᠵᠦ᠂ ᠭᠡᠷ ᠲᠡᠭᠡᠨ ᠰᠠᠭᠤᠬᠤ᠂ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠪᠠ ᠡᠷᠡᠭᠦᠯ ᠮᠡᠨᠳᠦ ᠶᠢᠨ ᠰᠤᠪᠢᠯᠠᠯᠲᠠ ᠶᠢᠨ ᠦᠢᠯᠡᠴᠢᠯᠡᠭᠡ ᠶᠢ ᠶᠡᠬᠡᠪᠡᠷ ᠬᠥᠭᠵᠢᠭᠦᠯᠵᠦ᠂ ᠠᠷᠠᠳ ᠤᠯᠠᠨ ᠤ ︽ᠵᠣᠯ ᠵᠢᠷᠭᠠᠯ ᠤᠨ ᠬᠡᠯᠬᠢᠶ᠎ᠡ︾᠎ ᠶᠢ ᠨᠠᠷᠢᠯᠢᠭ ᠣᠨᠣᠪᠴᠢᠲᠠᠢ ᠪᠠᠷ ᠤᠷᠲᠤᠳᠬᠠᠬᠤ ᠬᠡᠷᠡᠭᠲᠡᠢ᠃ ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠬᠤ᠂ ᠲᠤᠬᠠᠢ ᠶᠢᠨ ᠲᠠᠯᠠᠪᠤᠷ ᠲᠤ ᠠᠵᠢᠯᠯᠠᠬᠤ᠂ ᠦᠨᠳᠦᠰᠦᠨ ᠱᠠᠲᠤᠨ ᠳᠤ ᠪᠠᠶᠢᠴᠠᠭᠠᠨ ᠰᠤᠳᠤᠯᠤᠯᠲᠠ ᠬᠢᠬᠦ᠂ ᠨᠢᠭᠡᠳᠦᠭᠡᠷ ᠹᠷᠣᠨᠲ ᠲᠤ ᠰᠣᠷᠪᠤᠯᠵᠢᠯᠠᠭ᠎ᠠ ᠶᠢ ᠬᠦᠯᠢᠶᠡᠨ ᠠᠪᠬᠤ ᠵᠡᠷᠭᠡ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ ᠠᠷᠭ᠎ᠠ ᠵᠠᠮ ᠢ ᠤᠯᠠᠮ ᠴᠢᠨᠠᠭᠰᠢᠳᠠ ᠰᠢᠯᠤᠭᠤᠳᠬᠠᠵᠤ᠂ ︽ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠨᠠᠷᠢᠨ ᠲᠠᠩᠰᠠ︾᠎ ᠶᠢ ᠬᠠᠨᠳᠤᠯᠭᠠᠲᠤ ᠴᠢᠨᠠᠷᠲᠠᠢ ᠪᠠᠷ ᠲᠣᠭᠲᠠᠭᠠᠨ ᠨᠠᠶᠢᠳᠠᠪᠤᠷᠢᠵᠢᠭᠤᠯᠵᠤ ᠂ ᠪᠦᠬᠦ ᠬᠦᠴᠦᠨ ᠢᠶᠠᠷ᠂ ᠤᠯᠠᠨ ᠠᠷᠭ᠎ᠠ ᠬᠡᠮᠵᠢᠶ᠎ᠡ ᠪᠠᠷ ︽ᠠᠷᠠᠳ ᠤᠨ ᠠᠮᠢᠳᠤᠷᠠᠯ ᠤᠨ ᠶᠠᠪᠤᠳᠠᠯ︾᠎ ᠢ ᠰᠠᠶᠢᠲᠤᠷ ᠭᠦᠢᠴᠡᠳᠬᠡᠬᠦ ᠬᠡᠷᠡᠭᠲᠡᠢ᠃ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠪᠠᠷ ᠭᠠᠷᠳᠠᠬᠤ ᠴᠡᠭ ᠪᠣᠯᠭᠠᠵᠤ᠂ ᠮᠠᠯᠵᠢᠬᠤ ᠲᠠᠷᠢᠶᠠᠯᠠᠬᠤ ᠣᠷᠣᠨ ᠤ ᠬᠦᠮᠦᠨ ᠠᠷᠠᠳ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠡᠯ᠎ᠡ ᠰᠤᠮᠤ ᠪᠠᠯᠭᠠᠰᠤ ᠶᠢᠨ ᠰᠠᠭᠤᠷᠢ ᠲᠦᠬᠦᠭᠡᠷᠦᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠯᠡᠨ᠂ ︽ᠳᠥᠷᠪᠡᠨ ᠶᠡᠭᠡ ᠬᠠᠮᠢᠶᠠᠷᠤᠯᠲᠠ ᠶᠢᠨ ᠲᠣᠣᠷ︾ ᠪᠠ ᠵᠠᠮ ᠬᠠᠷᠢᠯᠴᠠᠭ᠎ᠠ ᠵᠡᠷᠭᠡ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠬᠤᠲᠠ ᠶᠢᠨ ᠬᠠᠮᠢᠶᠠᠷᠤᠯᠲᠠ ᠶᠢᠨ ︽ᠨᠠᠷᠢᠯᠢᠭᠵᠢᠭᠤᠯᠤᠭᠰᠠᠨ ᠬᠡᠮᠵᠢᠶ᠎ᠡ︾᠎ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠨᠠᠩ ᠲᠡᠭᠦᠯᠳᠡᠷ᠂ ᠨᠠᠩ ᠪᠠᠲᠤᠯᠠᠭ᠎ᠠ ᠲᠠᠢ᠂ ᠨᠠᠩ ᠦᠷᠭᠦᠯᠵᠢᠯᠡᠬᠦᠶᠢᠴᠡ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃        ᠪᠥᠬᠦᠳᠡ ᠬᠤᠷᠠᠯ ᠠᠴᠠ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠣᠯ ᠰᠡᠳᠦᠪᠲᠦ ᠬᠥᠮᠦᠵᠢᠯ ᠢ ᠥᠷᠨᠢᠭᠦᠯᠬᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠠᠯ᠎ᠠ ᠪᠠᠷ ᠨᠡᠩ ᠥᠨᠳᠥᠷ ᠵᠣᠭᠰᠣᠴᠠ ᠪᠠᠨ ᠢᠯᠡᠷᠡᠭᠦᠯᠬᠦ ᠬᠡᠷᠡᠭᠲᠡᠢ᠃ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠴᠢᠩᠭ᠎ᠠ ᠭᠦᠢᠴᠡᠳᠬᠡᠨ᠂ ᠨᠠᠮ ᠤᠨ ᠪᠠᠶᠢᠭᠤᠯᠤᠯᠲᠠ ᠶᠢᠨ ᠠᠵᠢᠯ ᠢ ᠪᠥᠬᠦ ᠬᠤᠰᠢᠭᠤᠨ ᠤ ᠡᠯ᠎ᠡ ᠵᠦᠢᠯ ᠤᠨ ᠭᠤᠣᠯ ᠠᠵᠢᠯ ᠲᠠᠢ ᠬᠠᠮᠲᠤ ᠳᠤᠨᠢ ᠪᠠᠶᠢᠷᠢᠯᠠᠭᠤᠯᠵᠤ᠂ ᠬᠠᠮᠲᠤ ᠳᠤᠨᠢ ᠨᠠᠶᠢᠳᠠᠪᠤᠷᠢᠵᠢᠭᠤᠯᠵᠤ᠂ ᠬᠠᠮᠲᠤ ᠳᠤᠨᠢ ᠪᠠᠶᠢᠴᠠᠭᠠᠵᠤ᠂ ᠬᠠᠮᠲᠤ ᠎ ᠳᠤᠨᠢ ᠬᠢᠨᠠᠨ ᠰᠢᠯᠭᠠᠬᠤ ᠶᠢ ᠪᠠᠷᠢᠮᠲᠠᠯᠠᠨ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠳᠦᠷᠢᠮ᠂ ᠺᠠᠳ᠋ᠷ ᠠᠵᠢᠯᠲᠠᠨ ᠤ ᠶᠠᠪᠤᠳᠠᠯ ᠤᠨ ᠳᠦᠷᠢᠮ᠂ ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢᠨ ᠪᠥᠬᠦ ᠲᠠᠯ᠎ᠠ ᠪᠠᠷ ᠳᠠᠪᠰᠢᠨ ᠰᠢᠯᠭᠠᠷᠠᠬᠤ ᠶᠢ ᠠᠬᠢᠭᠤᠯᠬᠤ ᠬᠡᠷᠡᠭᠲᠡᠢ᠃ ᠤᠯᠤᠰ ᠲᠥᠷᠥ ᠶᠢᠨ ᠠᠮᠢ ᠠᠬᠤᠢ ᠶᠢᠨ ᠵᠠᠳᠠᠯᠤᠯᠲᠠ ᠬᠢᠵᠦ ᠰᠤᠳᠤᠯᠤᠨ ᠮᠠᠭᠠᠳᠯᠠᠬᠤ ᠪᠠ ᠰᠡᠷᠡᠮᠵᠢᠯᠡᠭᠦᠯᠬᠦ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ︽ᠳᠡᠭᠡᠳᠦ ᠳᠡᠰ ᠤᠨ ᠬᠡᠲᠦᠷᠡᠮᠡᠬᠡᠢ︾ ︽ᠳᠣᠣᠷᠠᠳᠤ ᠳᠡᠰ ᠤᠨ ᠪᠣᠯᠬᠢ︾ ᠪᠠᠶᠢᠬᠤ ᠶᠢ ᠡᠷᠡᠰ ᠬᠤᠷᠢᠭᠯᠠᠵᠤ᠂ ︽ᠳᠦᠷᠪᠡᠨ ᠰᠤᠷᠲᠠᠯ︾᠎ ᠤᠨ ᠠᠰᠠᠭᠤᠳᠠᠯ ᠳᠠᠬᠢᠨ ᠡᠭᠦᠰᠬᠦ ᠶᠢ ᠡᠷᠡᠰ ᠬᠤᠷᠢᠭᠯᠠᠵᠤ᠂ ᠠᠷᠢᠭᠤᠨ ᠴᠢᠬᠡᠴᠢ ᠨᠦᠬᠦᠳ ᠤᠨ ᠬᠠᠷᠢᠴᠠᠭ᠎ᠠ᠂ ᠶᠣᠰᠣ ᠵᠢᠷᠤᠮ ᠲᠠᠢ ᠳᠡᠭᠡᠳᠦ ᠳᠣᠣᠷᠠᠳᠤ ᠱᠠᠲᠤᠨ ᠤ ᠬᠠᠷᠢᠴᠠᠭ᠎ᠠ᠂ ᠳᠣᠲᠣᠨᠣ ᠴᠢᠬᠡᠴᠢ ᠰᠢᠨ᠎ᠡ ᠬᠡᠯᠪᠡᠷᠢ ᠶᠢᠨ ᠵᠠᠰᠠᠭ ᠤᠨ ᠣᠷᠳᠣᠨ ᠬᠤᠳᠠᠯᠳᠤᠭᠠᠴᠢᠨ ᠤ ᠬᠠᠷᠢᠴᠠᠭ᠎ᠠ ᠶᠢ ᠪᠤᠢ ᠪᠣᠯᠭᠠᠬᠤ ᠶᠢ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠪᠠ ᠠᠭᠤᠯᠠ ᠰᠠᠶᠢᠬᠠᠨ ᠤᠰᠤ ᠲᠤᠩᠭᠠᠯᠠᠭ ᠪᠠᠶᠢᠭᠠᠯᠢ ᠶᠢᠨ ᠠᠮᠢ ᠠᠬᠤᠢ ᠶᠢ ᠪᠤᠢ ᠪᠣᠯᠭᠠᠬᠤ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠲᠠᠷᠠᠭᠤᠯᠵᠤ ᠰᠦᠭ ᠰᠦᠨᠡᠰᠦ ᠱᠤᠭᠤᠬᠤ ᠶᠢ ᠪᠠᠷᠢᠮᠲᠠᠯᠠᠵᠤ᠂ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠰᠢᠵᠦ᠂ ᠭᠤᠣᠯ ᠰᠡᠳᠦᠪᠲᠦ ᠬᠥᠮᠦᠵᠢᠯ ᠢ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠬᠦᠴᠦᠲᠡᠢ ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠪᠠᠶᠢᠯᠳᠤᠬᠤ ᠪᠣᠳᠣᠯᠭ᠎ᠠ ᠶᠢᠨ ᠬᠥᠲᠥᠯᠥᠨ ᠳᠠᠭᠠᠭᠤᠯᠬᠤ ᠬᠦᠴᠦᠨ᠂ ᠤᠨᠤᠯ ᠤᠨ ᠤᠷᠢᠶᠠᠯᠠᠬᠤ ᠬᠦᠴᠦᠨ᠂ ᠦᠢᠯᠡᠳᠦᠯᠭᠡ ᠶᠢᠨ ᠬᠥᠳᠡᠯᠭᠡᠬᠦ ᠬᠦᠴᠦᠨ ᠢ ᠨᠡᠪᠳᠡᠷᠡᠳᠡᠯ᠎ᠠ ᠡᠵᠡᠮᠰᠢᠵᠦ᠂ ᠤᠨᠤᠯ ᠤᠨ ᠰᠤᠷᠤᠯᠴᠠᠯᠭ᠎ᠠ᠂ ᠪᠠᠶᠢᠴᠠᠭᠠᠨ ᠰᠤᠳᠤᠯᠤᠯᠲᠠ ᠬᠢᠬᠦ᠂ ᠬᠥᠭᠵᠢᠯᠲᠡ ᠶᠢ ᠠᠬᠢᠭᠤᠯᠬᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ᠂ ᠳᠦᠷᠢᠮ ᠲᠣᠭᠲᠠᠭᠠᠯ ᠲᠣᠭᠲᠠᠭᠠᠬᠤ ᠵᠡᠷᠭᠡ ᠠᠵᠢᠯ ᠢ ᠰᠢᠰᠲ᠋ᠧᠮ ᠲᠠᠢ ᠲᠥᠯᠥᠪᠵᠢᠭᠦᠯᠵᠦ᠂ ᠰᠠᠶᠢᠲᠤᠷ ᠦᠷᠨᠢᠭᠦᠯᠬᠦ ᠬᠡᠷᠡᠭᠲᠡᠢ᠃ ᠦᠵᠡᠯ ᠰᠠᠨᠠᠭ᠎ᠠ ᠪᠠᠨ ᠴᠢᠯᠦᠭᠡᠯᠡᠬᠦ ᠳᠤ ᠵᠣᠭᠰᠣᠯ ᠦᠭᠡᠢ᠂ ᠲᠦᠷᠭᠡᠨ ᠠᠵᠢᠯᠯᠠᠬᠤ ᠳᠤ ᠬᠤᠶᠢᠷᠭᠤᠰᠢᠬᠤ ᠦᠭᠡᠢ᠂ ᠰᠠᠨᠠᠭᠠᠴᠢᠯᠠᠭ᠎ᠠ ᠠᠴᠠ ᠪᠠᠨ ᠠᠵᠢᠯᠯᠠᠬᠤ ᠳᠤ ᠰᠤᠯᠠᠷᠠᠭᠤᠯᠬᠤ ᠦᠭᠡᠢ ᠪᠠᠶᠢᠬᠤ ᠶᠢ ᠪᠠᠷᠢᠮᠲᠠᠯᠠᠵᠤ᠂ ︽ᠬᠤᠪᠢ ᠵᠠᠶᠠᠭᠠᠨ ᠤ ᠬᠠᠮᠲᠤ ᠶᠢᠨ ᠴᠣᠭᠴᠠ︾ ︽ᠬᠠᠷᠢᠭᠤᠴᠠᠯᠭ᠎ᠠ ᠶᠢᠨ ᠬᠠᠮᠲᠤ ᠶᠢᠨ ᠴᠣᠭᠴᠠ︾᠎ ᠶᠢᠨ ᠳᠣᠲᠣᠭᠠᠳᠤ ᠠᠭᠤᠯᠤᠭᠳᠠᠬᠤᠨ ᠢ ᠭᠦᠨᠵᠡᠭᠡᠢ ᠣᠶᠢᠯᠠᠭᠠᠨ ᠣᠨᠣᠪᠴᠢᠲᠠᠶ ᠡᠵᠡᠮᠰᠢᠵᠦ᠂ ︽ᠳᠠᠷᠤᠶᠢᠬᠠᠨ ᠬᠢᠵᠦ᠂ ᠰᠠᠶᠢᠲᠤᠷ ᠬᠢᠬᠦ︾ ᠰᠤᠷᠲᠠᠯ ᠢ ᠶᠡᠬᠡᠪᠡᠷ ᠪᠠᠳᠠᠷᠠᠭᠤᠯᠵᠤ᠂ ᠬᠤᠳᠠᠯᠳᠤᠭᠠᠴᠢᠨ ᠤᠷᠢᠬᠤ᠂ ᠲᠥᠷᠥᠯ ᠵᠦᠢᠯ ᠣᠯᠬᠤ᠂ ᠠᠵᠤ ᠦᠢᠯᠡᠰ ᠢ ᠬᠦᠴᠦᠷᠬᠡᠭᠵᠢᠭᠦᠯᠬᠦ ᠶᠢ ᠴᠢᠩᠭ᠎ᠠ ᠠᠳᠬᠤᠵᠤ᠂ ᠭᠤᠣᠯᠳᠠᠯᠭ᠎ᠠ ᠶᠢ ᠠᠳᠬᠤᠨ᠂ ᠳᠤᠲᠠᠭᠤᠳᠠᠯ ᠢ ᠨᠥᠬᠦᠪᠦᠷᠢᠯᠡᠵᠦ᠂ ᠪᠠᠭᠤᠷᠠᠢ ᠲᠠᠯ᠎ᠠ ᠶᠢ ᠡᠷᠡᠰ ᠲᠠᠶᠠᠭᠳᠠᠵᠤ᠂ ︽ᠰᠠᠭᠠᠳ ᠲᠣᠳᠬᠠᠷ︾᠎ ᠢ ᠬᠥᠭᠡᠭᠡᠨ ᠶᠠᠪᠤᠭᠤᠯᠵᠤ᠂ ︽ᠬᠦᠯᠢᠶᠡᠰᠦᠯᠡᠯ︾᠎ ᠢ ᠡᠪᠳᠡᠨ᠂ ᠪᠣᠳᠠᠲᠠᠢ ᠪᠠᠶᠢᠬᠤ ᠶᠢ ᠲᠡᠷᠢᠭᠦᠨ ᠳᠤ ᠲᠠᠯᠪᠢᠵᠤ᠂ ᠪᠣᠳᠠᠲᠠᠢ ᠠᠮᠵᠢᠯᠲᠠ ᠪᠦᠲᠦᠮᠵᠢ ᠭᠠᠷᠭᠠᠵᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠬᠥᠭᠵᠢᠯᠲᠡ ᠶᠢᠨ ︽ᠵᠢᠷᠤᠭ ᠲᠥᠯᠥᠪᠯᠡᠭᠡ︾᠎ ᠶᠢ ︽ᠲᠦᠯᠦᠪᠯᠡᠭᠡ ᠶᠢᠨ ᠵᠢᠷᠤᠭ︾ ︽ᠪᠣᠳᠠᠲᠤ ᠦᠵᠡᠮᠵᠢ ᠶᠢᠨ ᠵᠢᠷᠤᠭ︾ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃        ᠪᠥᠬᠦᠳᠡ ᠬᠤᠷᠠᠯ ᠠᠴᠠ᠂ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠢᠭᠲᠠᠷᠠᠨ ᠪᠦᠯᠬᠦᠮᠳᠡᠵᠦ᠂ ︽ᠬᠤᠶᠠᠷ ᠢ ᠲᠣᠭᠲᠠᠭᠠᠬᠤ︾᠎ ᠶᠢ ᠦᠨᠡᠨᠴᠢ ᠪᠠᠷ ᠬᠠᠮᠠᠭᠠᠯᠠᠨ᠂ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠭᠦᠯᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠣᠨ ︽ᠤᠮᠠᠷᠠᠲᠤ ᠶᠢᠨ ᠭᠤᠷᠪᠠᠨ ᠣᠷᠣᠨ︾᠎ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠲᠡᠷᠢᠭᠦᠨ ᠤ ᠬᠢ ᠶᠢ ᠡᠭᠦᠳᠬᠦ ᠢᠲᠡᠭᠡᠯ ᠵᠣᠷᠢᠭ᠂ ᠬᠠᠷᠢᠭᠤᠴᠠᠯᠭ᠎ᠠ ᠡᠭᠦᠷᠭᠡᠯᠡᠬᠦ ᠡᠷᠡᠰ ᠵᠣᠷᠢᠭ᠂ ᠰᠢᠨ᠎ᠡ ᠭᠠᠪᠢᠶ᠎ᠠ ᠪᠠᠶᠢᠭᠤᠯᠬᠤ ᠠᠤᠭ᠎ᠠ ᠵᠣᠷᠢᠭ ᠢᠶᠠᠷ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠵᠢᠷᠤᠭᠯᠠᠵᠤ ᠥᠭᠭᠦᠭᠰᠡᠨ ᠵᠢᠷᠤᠭ ᠲᠥᠰᠥᠪ ᠢ ᠭᠤᠶᠢᠪᠢᠰᠢ ᠦᠭᠡᠢ ᠪᠠᠷᠢᠮᠲᠠᠯᠠᠨ ᠠᠴᠢ ᠡᠨᠡᠷᠢᠯ ᠳᠤᠨᠢ ᠲᠠᠯᠠᠷᠬᠠᠨ ᠡᠷᠡᠮᠡᠬᠡᠶᠢᠯᠡᠨ ᠤᠷᠤᠭᠰᠢᠯᠠᠵᠤ᠂ ᠰᠢᠨ᠎ᠡ ᠵᠠᠮ ᠨᠡᠭᠡᠭᠡᠨ᠂ ᠵᠢᠱᠢᠶᠡᠴᠢ ᠪᠣᠯᠬᠤ ᠪᠠᠷ ᠴᠢᠷᠮᠠᠶᠢᠵᠤ᠂ ᠣᠮᠤᠭ ᠲᠡᠭᠦᠯᠳᠡᠷ ᠢᠶᠠᠷ ᠤᠷᠤᠭᠰᠢᠯᠠᠨ ᠳᠠᠪᠰᠢᠵᠤ᠂ ᠦᠨᠡᠨᠴᠢ ᠰᠢᠳᠤᠷᠭᠤ ᠪᠠᠷ ᠰᠢᠨ᠎ᠡ ᠪᠠᠷᠭᠤ ᠪᠠᠷᠠᠭᠤᠨ ᠬᠤᠰᠢᠭᠤᠨ ᠳᠤ ᠰᠠᠶᠢᠨ ᠶᠠᠪᠤᠳᠠᠯ ᠬᠢᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠰᠢᠨ᠎ᠡ ᠪᠠᠷᠭᠤ ᠪᠠᠷᠠᠭᠤᠨ ᠬᠤᠰᠢᠭᠤᠨ ᠤ ᠦᠵᠡᠰᠬᠦᠯᠡᠩᠲᠦ ᠰᠠᠶᠢᠬᠠᠨ ᠬᠠᠭᠤᠳᠠᠰᠤ ᠶᠢ ᠪᠢᠴᠢᠭᠯᠡᠬᠦ ᠬᠡᠷᠡᠭᠲᠡᠢ ᠭᠡᠵᠦ ᠤᠷᠢᠶᠠᠯᠠᠪᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ