︵2023 ᠣᠨ ᠤ 10 ᠰᠠᠷ᠎ᠠ ᠶᠢᠨ 24 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ | ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠪᠥᠬᠦᠳᠡ ᠬᠤᠷᠠᠯ ᠠᠴᠠ ᠪᠠᠲᠤᠯᠠᠪᠠ︶ | ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ | ᠲᠠᠪᠤᠳᠤᠭᠠᠷ ᠪᠦᠬᠦᠳᠡ ᠬᠤᠷᠠᠯ 2023 ᠣᠨ ᠤ 10 ᠰᠠᠷ᠎ᠠ ᠶᠢᠨ 24 ᠤ ᠡᠳᠦᠷ ᠰᠢᠨ᠎ᠡ ᠪᠠᠷᠭᠤ ᠪᠠᠷᠠᠭᠤᠨ ᠬᠤᠰᠢᠭᠤᠨ ᠤ ᠠᠯᠳ᠋ᠬᠠᠮᠡᠭᠡᠯ ᠪᠠᠯᠭᠠᠰᠤᠨ ᠳᠤ | ᠬᠤᠷᠠᠯᠳᠤᠪᠠ᠃ | ᠪᠦᠭᠦᠳᠡ ᠬᠤᠷᠠᠯ ᠳᠤ᠂ ᠬᠤᠰᠢᠭᠤᠨ ᠤ ᠨᠠᠮ ᠤᠨ ᠬᠤᠷᠢᠶ᠎ᠠ ᠶᠢᠨ ᠭᠡᠰᠢᠭᠦᠨ 30 ᠬᠥᠮᠥᠨ᠂ ᠣᠷᠣᠯᠠᠭᠴᠢ ᠭᠡᠰᠢᠭᠦᠨ 4 ᠬᠥᠮᠥᠨ ᠣᠷᠣᠯᠴᠠᠪᠠ᠃ ᠰᠢᠨ᠎ᠡ | ᠪᠠᠷᠭᠤ ᠪᠠᠷᠠᠭᠤᠨ ᠬᠤᠰᠢᠭᠤᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠢᠨᠠᠨ | ᠪᠠᠶᠢᠴᠠᠭᠠᠬᠤ ᠵᠥᠪᠯᠡᠯ ᠤᠨ ᠭᠡᠰᠢᠭᠦᠨ ᠪᠣᠯᠣᠨ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ᠂ ᠬᠤᠶᠠᠷ ᠱᠠᠲᠤᠨ ᠤ ᠬᠡᠰᠡᠭ ᠲᠥᠯᠥᠭᠡᠯᠡᠭᠴᠢ ᠪᠠ | ᠭᠡᠰᠢᠭᠦᠨ᠂ ᠠᠬᠠᠮᠠᠳ ᠺᠠᠳ᠋ᠷ ᠤᠨ ᠲᠥᠯᠥᠭᠡᠯᠡᠭᠴᠢ ᠪᠣᠯᠣᠨ ᠠᠵᠤ ᠠᠬᠤᠶᠢᠯᠠᠯ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃ | ᠪᠥᠬᠦᠳᠡ ᠬᠤᠷᠠᠯ ᠢ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠡᠷᠬᠢᠯᠡᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ | ᠪᠥᠬᠡᠪᠠᠶᠠᠷ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠡᠮᠦᠨ᠎ᠡ ᠠᠴᠠ ᠠᠵᠢᠯ ᠤᠨ ᠢᠯᠡᠳᠬᠡᠯ ᠬᠢᠵᠦ ᠶᠠᠷᠢᠶ᠎ᠠ ᠲᠠᠯᠪᠢᠪᠠ᠃ | ᠪᠦᠭᠦᠳᠡ ᠬᠤᠷᠠᠯ ᠠᠴᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ᠂ ᠬᠤᠲᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ | ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ | ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠬᠠᠢ ᠪᠥᠬᠦ ᠲᠠᠯ᠎ᠠ ᠶᠢᠨ | ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠪᠥᠬᠡᠪᠠᠶᠠᠷ ᠨᠥᠬᠦᠷ ᠤᠨ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠨᠠᠶᠢᠳᠠᠯᠭ᠎ᠠ ᠪᠠᠷ | ᠬᠢᠭᠰᠡᠨ ᠠᠵᠢᠯ ᠤᠨ ᠢᠯᠡᠳᠬᠡᠯ ᠢ ᠰᠣᠨᠣᠰᠤᠨ ᠶᠠᠷᠢᠯᠴᠠᠵᠤ᠂ ᠲᠦᠷᠦᠭᠦᠦ ᠭᠤᠷᠪᠠᠨ ᠤᠯᠠᠷᠢᠯ ᠤᠨ ᠠᠵᠢᠯ ᠢᠶᠠᠨ ᠪᠡᠶᠡᠯᠡᠭᠦᠯᠦᠭᠰᠡᠨ ᠪᠠᠶᠢᠳᠠᠯ ᠢ ᠪᠥᠬᠦ ᠲᠠᠯ᠎ᠠ ᠪᠠᠷ | ᠳ᠋ᠦᠩᠨᠡᠵᠦ᠂ ᠳᠥᠷᠪᠡᠳᠦᠭᠡᠷ ᠤᠯᠠᠷᠢᠯ ᠵᠢᠴᠢ ᠬᠤᠶᠢᠰᠢᠳᠠ ᠶᠢᠨ ᠬᠡᠰᠡᠭ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ | ᠃ ︽︿ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠲᠣᠭᠲᠠᠭᠠᠯ﹀ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠪᠠᠷᠠᠭᠤᠨ | ᠬᠤᠰᠢᠭᠤᠨ ᠤ ᠬᠤᠷᠢᠶ᠎ᠠ ᠶᠢᠨ ᠬᠡᠷᠡᠭᠵᠢᠭᠦᠯᠬᠦ ᠲᠥᠰᠥᠯ︾ ᠢ ᠬᠢᠨᠠᠨ ᠵᠥᠪᠯᠡᠵᠦ ᠪᠠᠲᠤᠯᠠᠪᠠ᠃ ᠬᠤᠷᠠᠯ ᠠᠴᠠ ᠪᠠᠰᠠ ᠬᠤᠰᠢᠭᠤᠨ ᠤ ᠬᠤᠯᠪᠣᠭᠳᠠᠯ ᠪᠦᠬᠦᠢ ᠲᠠᠯ᠎ᠠ ᠶᠢᠨ | ᠭᠤᠣᠯᠳᠠᠯᠭ᠎ᠠ ᠲᠠᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ | ᠪᠥᠬᠦᠳᠡ ᠬᠤᠷᠠᠯ ᠠᠴᠠ᠂ ᠲᠦᠷᠦᠭᠦᠦ ᠭᠤᠷᠪᠠᠨ ᠤᠯᠠᠷᠢᠯ ᠠᠴᠠ ᠨᠠᠰᠢᠬᠢ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠠᠵᠢᠯ ᠢ | ᠭᠦᠢᠴᠡᠳ ᠨᠤᠲᠠᠯᠠᠪᠠ᠃ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠬᠥᠯᠥᠨ ᠪᠤᠶᠢᠷ ᠬᠤᠲᠠ ᠶᠢᠨ ᠨᠠᠮ ᠤᠨ | ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠡᠷᠦᠩᠬᠡᠢ ᠱᠦᠵᠢ ᠰᠢ ᠶᠢᠨ ᠫᠢᠩ ᠤᠨ | ᠥᠪᠥᠷ ᠮᠣᠩᠭᠤᠯ ᠳᠠᠬᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠥᠨᠳᠥᠷᠴᠡ ᠠᠴᠠ ᠪᠣᠳᠣᠯᠬᠢᠯᠠᠵᠤ᠂ | ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠶᠡᠷᠦᠩᠬᠡᠢ ᠱᠦᠵᠢ ᠶᠢᠨ ᠥᠪᠥᠷ ᠮᠣᠩᠭᠤᠯ ᠢ | ᠲᠤᠶᠢᠯ ᠢᠶᠠᠷ ᠬᠠᠯᠠᠮᠵᠢᠯᠠᠵᠤ ᠪᠠᠶᠢᠭ᠎ᠠ ᠶᠢ ᠭᠦᠨᠵᠡᠭᠡᠢ ᠣᠶᠢᠯᠠᠭᠠᠨ᠂ ︽ᠲᠠᠪᠤᠨ ᠶᠡᠭᠡ ᠡᠭᠦᠷᠭᠡ︾ ᠶᠢ ᠴᠢᠨᠠᠷ ᠰᠠᠶᠢᠲᠠᠢ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ | ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠢ ᠠᠬᠤᠢ ᠶᠢ ᠤᠷᠢᠳᠠᠪᠠᠷ | ᠪᠣᠳᠣᠯᠬᠢᠯᠠᠨ᠂ ᠪᠣᠬᠢᠷᠲᠤᠯ ᠦᠭᠡᠢ ᠬᠦᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠨ᠂ | ᠠᠵᠤ ᠠᠬᠤᠢ ᠶᠢᠨ ᠠᠵᠢᠯᠯᠠᠭᠠᠨ ᠤ ᠰᠥᠷᠭᠡᠦ ᠣᠷᠴᠢᠨ ᠳᠤ ᠪᠣᠭᠤᠮᠲᠠ ᠰᠢᠪᠲᠤᠯᠬᠤ ᠶᠢ ᠪᠡᠶᠡᠯᠡᠭᠦᠯᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠠᠩᠬ᠎ᠠ | ᠠᠯᠬᠤᠮ ᠪᠠᠶᠢᠭᠤᠯᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠰᠡᠷᠭᠡᠶᠢᠯᠡᠯᠲᠡ ᠶᠢᠨ ᠱᠤᠭᠤᠮ ᠢ ᠤᠯᠠᠮ ᠪᠠᠬᠢᠵᠢᠭᠦᠯᠵᠦ᠂ ᠨᠠᠮ ᠤᠨ ᠪᠠᠶᠢᠭᠤᠯᠤᠯᠲᠠ ᠶᠢ ᠪᠠᠲᠤ | ᠴᠢᠩᠭ᠎ᠠ ᠬᠦᠴᠦᠨ ᠲᠠᠢ ᠪᠣᠯᠭᠠᠨ᠂ ᠲᠦᠷᠦᠭᠦᠦ ᠭᠤᠷᠪᠠᠨ ᠤᠯᠠᠷᠢᠯ ᠤᠨ ︽ᠪᠣᠭᠤᠮᠲᠠ ᠰᠢᠪᠲᠤᠯᠬᠤ ᠶᠢ ᠠᠳᠬᠤᠬᠤ︾ ︽ᠶᠡᠭᠡ ᠲᠠᠯ᠎ᠠ ᠶᠢ ᠲᠣᠭᠲᠠᠪᠤᠷᠢᠵᠢᠭᠤᠯᠬᠤ︾ | ᠬᠠᠷᠠᠯᠲᠠ ᠡᠭᠦᠷᠭᠡ ᠶᠢ ᠤᠷᠤᠭᠰᠢᠲᠠᠢ ᠪᠡᠶᠡᠯᠡᠭᠦᠯᠵᠦ᠂ ︽ᠪᠦᠬᠦ ᠵᠢᠯ ᠳᠤ ᠲᠣᠭᠲᠠᠭᠤᠨ ᠪᠠᠶᠢᠯᠭᠠᠬᠤ︾ ︽ᠪᠦᠬᠦ ᠵᠢᠯ ᠳᠤ ᠤᠷᠤᠭᠰᠢᠯᠠᠬᠤ︾ ᠳᠤ ᠪᠠᠲᠤ ᠪᠠᠬᠢ | ᠰᠠᠭᠤᠷᠢ ᠶᠢ ᠲᠠᠯᠪᠢᠪᠠ ᠭᠡᠵᠦ ᠰᠠᠨᠠᠯ ᠨᠢᠭᠡᠲᠡᠢ ᠦᠵᠡᠪᠡ᠃ | ᠪᠥᠬᠦᠳᠡ ᠬᠤᠷᠠᠯ ᠠᠴᠠ᠂ ᠶᠡᠷᠦᠩᠬᠡᠢ ᠱᠦᠵᠢ ᠶᠢᠨ ᠡᠨᠡ ᠤᠳᠠᠭ᠎ᠠ ᠶᠢᠨ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ | ᠵᠣᠷᠢᠭ ᠰᠠᠨᠠᠭ᠎ᠠ ᠪᠣᠯ ᠥᠪᠥᠷ ᠮᠣᠩᠭᠤᠯ ᠳᠤ ᠵᠣᠬᠢᠴᠠᠭᠤᠯᠤᠨ ᠲᠣᠭᠲᠠᠭᠠᠭᠰᠠᠨ ᠠᠵᠢᠯᠯᠠᠭᠠᠨ ᠤ ᠬᠥᠲᠥᠯᠪᠦᠷᠢ ᠪᠠᠶᠢᠵᠤ᠂ ︽ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠭᠰᠠᠨ ᠪᠦᠲᠦᠭᠡᠨ ᠪᠠᠶᠢᠭᠤᠯᠤᠯᠲᠠ ᠳᠤᠮᠳᠠ ᠰᠢᠨ᠎ᠡ ᠵᠠᠮ ᠢ ᠨᠡᠭᠡᠭᠡᠬᠦ︾ ᠪᠠᠶᠢᠯᠳᠤᠬᠤ ᠪᠣᠳᠣᠯᠭ᠎ᠠ ᠶᠢᠨ ᠰᠢᠨ᠎ᠡ ᠬᠠᠷᠠᠯᠲᠠ ᠶᠢ ᠲᠣᠳᠣᠷᠬᠠᠶᠢᠯᠠᠵᠤ᠂ | ᠦᠨᠳᠦᠰᠦᠲᠡᠨ ᠤ ᠭᠠᠵᠠᠷ ᠣᠷᠣᠨ ᠳᠤ ᠠᠵᠢᠯ ᠤᠨ ᠭᠤᠣᠯ ᠱᠤᠭᠤᠮ ᠢ ᠲᠣᠭᠲᠠᠭᠠᠨ ᠥᠭᠴᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ | ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠶᠢ ︽ᠤᠯᠤᠰ ᠤᠨ ᠶᠡᠭᠡ ᠶᠠᠪᠤᠳᠠᠯ︾ ᠪᠣᠯᠭᠠᠨ ᠳᠡᠭᠡᠭᠰᠢᠯᠡᠭᠦᠯᠵᠦ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ | ᠣᠷᠣᠨ ᠬᠠᠮᠲᠤ ᠪᠠᠷ ᠴᠢᠨᠡᠭᠡᠯᠢᠭᠵᠢᠬᠦ ᠵᠠᠮ ᠢᠶᠠᠷ ᠡᠩᠨᠡᠭᠡ ᠠᠴᠠ ᠪᠠᠨ ᠬᠤᠴᠣᠷᠴᠤ ᠪᠣᠯᠬᠤ ᠦᠭᠡᠢ ᠭᠡᠵᠦ ᠴᠢᠬᠤᠯᠠᠴᠢᠯᠠᠨ᠂ ᠠᠵᠤ ᠠᠬᠤᠢ ᠶᠢᠨ ᠬᠡᠯᠪᠡᠷᠢ ᠶᠢ | ᠬᠤᠪᠢᠷᠠᠭᠤᠯᠤᠨ ᠬᠥᠭᠵᠢᠭᠦᠯᠬᠦ ᠨᠡᠩ ᠥᠨᠳᠥᠷ ᠰᠢᠨ᠎ᠡ ᠱᠠᠭᠠᠷᠳᠠᠯᠭ᠎ᠠ ᠳᠤᠷᠠᠳᠴᠤ᠂ ᠪᠦᠭᠦ ᠣᠷᠣᠨ ᠪᠦᠭᠦ ᠬᠤᠲᠠ ᠪᠠ ᠪᠦᠭᠦ ᠬᠤᠰᠢᠭᠤᠨ ᠤ | ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠲᠤᠶᠢᠯ ᠤᠨ ᠴᠢᠩᠭ᠎ᠠ ᠵᠣᠷᠢᠭ ᠰᠠᠨᠠᠭᠠᠨ ᠤ ᠵᠣᠷᠢᠭᠵᠢᠭᠤᠯᠤᠯ ᠪᠠ ᠲᠡᠮᠡᠴᠡᠯ ᠤᠨ ᠤᠷᠢᠶᠠᠯᠠᠯ ᠣᠯᠭᠤᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠦᠬᠦᠳᠡ ᠬᠤᠷᠠᠯ ᠢ ᠬᠤᠷᠠᠯᠳᠤᠭᠤᠯᠵᠤ᠂ ᠶᠡᠷᠦᠩᠬᠡᠢ | ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ | ᠲᠤᠤᠱᠯᠠᠭᠤᠯᠬᠤ ᠲᠤᠬᠠᠢ ᠪᠦᠬᠦ ᠲᠠᠯ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠶᠡᠷᠦᠩᠬᠡᠢ ᠱᠦᠵᠢ ᠶᠢᠨ ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠬᠤ | ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ᠂ ᠡᠷᠡᠰ ᠪᠠᠲᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ᠂ ᠵᠠᠮ ᠨᠡᠭᠡᠭᠡᠨ ᠤᠷᠤᠭᠰᠢᠯᠠᠬᠤ ᠵᠣᠷᠢᠭ | ᠰᠠᠨᠠᠭ᠎ᠠ ᠪᠠ ᠪᠣᠳᠠᠲᠠᠢ ᠶᠢ ᠡᠷᠬᠢᠮᠯᠡᠬᠦ ᠠᠵᠢᠯ ᠤᠨ ᠤᠳᠤᠷᠢᠳᠤᠮᠵᠢ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠪᠡ᠃ ᠬᠥᠯᠥᠨ ᠪᠤᠶᠢᠷ ᠬᠤᠳᠠ ᠶᠢᠨ ᠨᠠᠮ ᠤᠨ ᠬᠤᠷᠢᠶ᠎ᠠ | ᠲᠠᠪᠤᠳᠤᠭᠠᠷ ᠬᠤᠭᠤᠴᠠᠭᠠᠨ ᠤ ᠵᠢᠷᠭᠤᠳᠤᠭᠠᠷ ᠪᠦᠬᠦᠳᠡ ᠬᠤᠷᠠᠯ ᠢ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠰᠢᠨ᠎ᠡ ᠵᠠᠮ ᠢ | ᠨᠡᠭᠡᠭᠡᠵᠦ᠂ ᠳᠤᠮᠳᠠ ᠲᠦᠪᠰᠢᠨ ᠳᠤ ᠣᠷᠣᠬᠤ︾ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ | ᠪᠦᠬᠦ ᠣᠷᠣᠨ ᠤ ᠡᠯ᠎ᠡ ᠵᠦᠢᠯ ᠤᠨ ᠠᠵᠢᠯ ᠤᠨ ᠬᠢᠨᠠᠨ ᠰᠢᠯᠭᠠᠯᠲᠠ ᠳᠤ ︽ᠳᠤᠮᠳᠠ ᠲᠦᠪᠰᠢᠨ ᠳᠤ ᠤᠷᠤᠭᠰᠢᠯᠠᠵᠤ᠂ ᠳᠡᠭᠡᠳᠦ ᠲᠦᠪᠰᠢᠨ ᠳᠤ ᠭᠠᠷᠬᠤ ᠪᠠᠷ ᠮᠡᠷᠡᠶᠢᠨ | ᠴᠢᠷᠮᠠᠶᠢᠵᠤ᠂ ᠡᠮᠦᠨ᠎ᠡ ᠡᠩᠨᠡᠭᠡᠨ ᠳᠤ ᠣᠷᠣᠬᠤ︾ ᠬᠠᠷᠠᠯᠲᠠ ᠡᠭᠦᠷᠭᠡ ᠶᠢ ᠪᠡᠶᠡᠯᠡᠭᠦᠯᠬᠦ ᠪᠠᠷ ᠴᠢᠷᠮᠠᠶᠢᠵᠤ᠂ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠳᠤ ᠴᠢᠭᠯᠡᠯ ᠤᠨ ᠵᠢᠯᠣᠭᠤᠳᠤᠯᠭ᠎ᠠ ᠪᠠ ᠵᠠᠮ ᠱᠤᠭᠤᠮ ᠤᠨ ᠵᠢᠷᠤᠮᠯᠠᠯ ᠬᠠᠩᠭᠠᠪᠠ ᠭᠡᠵᠦ ᠵᠢᠭᠠᠵᠤ | ᠭᠠᠷᠭᠠᠪᠠ᠃ | ᠪᠦᠬᠦᠳᠡ ᠬᠤᠷᠠᠯ ᠠᠴᠠ᠂ ︽ᠤᠯᠤᠰ ᠤᠨ ᠶᠡᠭᠡ ᠶᠠᠪᠤᠳᠠᠯ︾ ᠢ ᠰᠡᠳᠬᠢᠯ ᠳᠡᠭᠡᠨ ᠲᠤᠩᠭᠠᠭᠠᠨ᠂ ᠲᠡᠦᠬᠡᠨ ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ᠂ | ᠰᠠᠨᠠᠭᠠᠴᠢᠯᠠᠭ᠎ᠠ ᠠᠴᠠ ᠪᠠᠨ ᠪᠠᠷᠢᠮᠵᠢᠶᠠᠯᠠᠨ ᠬᠠᠷᠭᠤᠭᠤᠯᠵᠤ᠂ ᠭᠦᠨᠵᠡᠭᠡᠢ ᠰᠤᠷᠤᠯᠴᠠᠨ ᠨᠠᠷᠢᠯᠢᠭ ᠣᠶᠢᠯᠠᠭᠠᠵᠤ ᠯᠠᠪᠳᠠᠭᠤᠨ ᠪᠠᠲᠤᠲᠠᠢ ᠬᠡᠷᠡᠭᠵᠢᠭᠦᠯᠬᠦ᠂ ᠤᠯᠤᠰ | ᠲᠦᠷᠦ ᠶᠢᠨ ᠤᠬᠠᠮᠰᠠᠷ ᠢᠶᠠᠨ ᠴᠢᠩᠭᠠᠳᠬᠠᠬᠤ ᠳᠤᠮᠳᠠ ᠬᠥᠭᠵᠢᠯᠲᠡ ᠶᠢᠨ ᠴᠢᠭᠯᠡᠯ ᠢ ᠪᠠᠲᠤ ᠡᠵᠡᠮᠳᠡᠬᠦ ᠬᠡᠷᠡᠭᠲᠡᠢ᠃ ᠪᠦᠬᠦ ᠬᠤᠰᠢᠭᠤ ᠪᠠᠷ ᠢᠶᠠᠨ ᠤᠯᠤᠰ ᠲᠥᠷᠥ᠂ | ᠪᠠᠶᠢᠯᠳᠤᠬᠤ ᠪᠣᠳᠣᠯᠭ᠎ᠠ᠂ ᠪᠦᠬᠦ ᠲᠠᠯ᠎ᠠ ᠶᠢᠨ ᠥᠨᠳᠥᠷᠴᠡ ᠠᠴᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠠᠬᠢ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠤᠷᠲᠤ ᠬᠤᠭᠤᠴᠠᠭᠠᠨ ᠤ ᠤᠯᠤᠰ ᠲᠥᠷᠥ ᠶᠢᠨ ᠪᠠᠶᠢᠯᠳᠤᠬᠤ ᠪᠣᠳᠣᠯᠭ᠎ᠠ ᠶᠢᠨ ᠡᠭᠦᠷᠭᠡ ᠪᠣᠯᠭᠠᠵᠤ᠂ ᠬᠤᠶᠠᠳᠤᠭᠠᠷ | ᠪᠦᠯᠦᠭ ᠤᠨ ᠭᠤᠣᠯ ᠰᠡᠳᠦᠪᠲᠦ ᠬᠥᠮᠦᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠶᠢᠨ ᠴᠢᠬᠤᠯᠠ ᠠᠭᠤᠯᠭ᠎ᠠ ᠪᠣᠯᠤᠭᠰᠠᠨ ᠤ ᠬᠤᠪᠢ ᠳᠤ᠂ ᠲᠥᠷᠥ ᠶᠢᠨ ᠶᠠᠪᠤᠳᠠᠯ ᠤᠨ | ᠬᠤᠷᠢᠶᠠᠨ ᠤ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ᠤᠨ ᠠᠰᠢᠭᠲᠠᠢ ᠠᠵᠠ ᠲᠣᠬᠢᠶᠠᠯ ᠢ ᠣᠨᠣᠪᠴᠢᠲᠠᠶ ᠡᠵᠡᠮᠳᠡᠵᠦ᠂ ᠰᠢᠨ᠎ᠡ | ᠪᠠᠷᠭᠤ ᠪᠠᠷᠠᠭᠤᠨ ᠬᠤᠰᠢᠭᠤᠨ ᠤ ᠣᠷᠣᠨ ᠪᠠᠶᠢᠷᠢ ᠶᠢᠨ ᠨᠥᠬᠦᠴᠡᠯ᠂ ᠡᠬᠢ ᠪᠠᠶᠠᠯᠢᠭ ᠤᠨ ᠳᠠᠪᠠᠭᠤᠯᠢᠭ᠂ ᠣᠨᠴᠠᠯᠢᠭᠲᠤ ᠳᠠᠪᠠᠭᠤᠯᠢᠭ ᠪᠠ ᠬᠥᠭᠵᠢᠯᠲᠡ ᠶᠢᠨ ᠳᠠᠯᠳᠠ | ᠬᠦᠴᠦᠨ ᠳᠤ ᠰᠠᠭᠤᠷᠢᠯᠠᠨ᠂ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠲᠣᠭᠲᠠᠭᠠᠯᠲᠠ᠂ ᠠᠵᠢᠯ ᠤᠨ ᠪᠠᠶᠢᠷᠢᠯᠠᠭᠤᠯᠤᠯᠲᠠ ᠪᠠ | ᠡᠭᠦᠷᠭᠡ ᠶᠢᠨ ᠨᠠᠶᠢᠳᠠᠪᠤᠷᠢᠵᠢᠭᠤᠯᠤᠯᠲᠠ ᠳᠤᠮᠳᠠ᠂ ᠵᠢᠮ᠎ᠡ ᠶᠣᠰᠣ ᠶᠢ ᠵᠢᠷᠤᠮᠯᠠᠨ᠂ ᠵᠠᠩᠭᠢᠯᠠᠭ᠎ᠠ ᠶᠢ ᠳᠣᠪᠤᠶᠢᠯᠭᠠᠵᠤ᠂ ᠰᠢᠨᠵᠢᠯᠡᠬᠦ ᠤᠬᠠᠭᠠᠨᠴᠢ ᠨᠠᠷᠢᠯᠢᠭ ᠣᠨᠣᠪᠴᠢᠲᠠᠢ᠂ | ᠪᠣᠳᠠᠲᠠᠢ ᠳᠤ ᠨᠡᠶᠢᠴᠡᠬᠦ ᠶᠢ ᠪᠡᠶᠡᠯᠡᠭᠦᠯᠵᠦ᠂ ᠪᠦᠬᠦ ᠬᠤᠰᠢᠭᠤᠨ ᠤ ᠳᠡᠭᠡᠳᠦ ᠳᠣᠣᠷᠠᠳᠤ ᠱᠠᠲᠤ ᠶᠢ ᠬᠥᠲᠥᠯᠥᠨ ᠵᠢᠯᠤᠭᠤᠳᠴᠤ ᠪᠦᠬᠦ ᠣᠷᠣᠨ ᠤ ︽ᠰᠢᠨ᠎ᠡ ᠵᠠᠮ ᠢ | ᠨᠡᠭᠡᠭᠡᠵᠦ᠂ ᠳᠤᠮᠳᠠ ᠲᠦᠪᠰᠢᠨ ᠳᠤ ᠣᠷᠣᠬᠤ︾ ᠬᠠᠷᠠᠯᠲᠠ ᠡᠭᠦᠷᠭᠡ ᠳᠤ ᠦᠢᠯᠡᠴᠢᠯᠡᠬᠦ ᠠᠤᠭ᠎ᠠ ᠰᠠᠨᠠᠭ᠎ᠠ ᠡᠷᠡᠯᠬᠡᠭ ᠵᠣᠷᠢᠭ ᠢ ᠪᠤᠶ ᠪᠣᠯᠭᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠶᠢᠨ ᠲᠣᠬᠢᠷᠠᠭᠤᠯᠤᠭᠰᠠᠨ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠠᠬᠢᠭᠤᠯᠵᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠭᠰᠠᠨ ᠰᠢᠨ᠎ᠡ ᠪᠠᠷᠭᠤ ᠪᠠᠷᠠᠭᠤᠨ ᠬᠤᠰᠢᠭᠤᠨ ᠤ ᠦᠢᠯᠡᠳᠦᠯᠭᠡ ᠳᠤᠮᠳᠠ ᠰᠢᠨ᠎ᠡ ᠠᠯᠬᠤᠮ ᠢ ᠠᠯᠬᠤᠵᠤ᠂ ᠰᠢᠨ᠎ᠡ ᠪᠠᠶᠢᠳᠠᠯ ᠢ ᠡᠭᠦᠳᠦᠨ | ᠨᠡᠭᠡᠭᠡᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ | ᠭᠡᠵᠦ ᠴᠢᠬᠤᠯᠠᠴᠢᠯᠠᠪᠠ᠃ | ᠪᠥᠬᠦᠳᠡ ᠬᠤᠷᠠᠯ ᠠᠴᠠ᠂ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠶᠢ ᠴᠢᠩᠭ᠎ᠠ ᠠᠩᠬᠠᠷᠴᠤ᠂ ᠬᠥᠭᠵᠢᠯᠲᠡ ᠶᠢ ᠲᠦᠯᠦᠪᠵᠢᠭᠦᠯᠦᠨ᠂ | ᠲᠦᠷᠦ ᠶᠢᠨ ᠪᠣᠳᠣᠯᠭ᠎ᠠ ᠲᠣᠭᠲᠠᠭᠠᠵᠤ᠂ ᠠᠵᠢᠯ ᠢᠶᠠᠨ ᠠᠬᠢᠭᠤᠯᠵᠤ᠂ ︽ᠨᠢᠭᠡ ᠭᠤᠣᠯ ᠰᠢᠵᠢᠮ︾ ᠳᠤ ᠠᠩᠬᠠᠷᠤᠯ ᠢᠶᠠᠨ ᠲᠥᠪᠯᠡᠷᠡᠭᠦᠯᠬᠦ᠂ ︽ᠬᠤᠶᠠᠷ ᠶᠡᠭᠡ ᠶᠠᠪᠤᠳᠠᠯ | ︾ ᠢ ᠰᠠᠶᠢᠲᠤᠷ ᠬᠢᠬᠦ ᠳᠡᠭᠡᠷ᠎ᠡ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ | ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠤᠯᠤᠰ ᠲᠥᠷᠥ ᠶᠢᠨ ᠬᠠᠷᠢᠭᠤᠴᠠᠯᠭ᠎ᠠ ᠪᠠᠨ | ᠪᠠᠲᠤ ᠡᠭᠦᠷᠭᠡᠯᠡᠵᠦ᠂ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ | ᠵᠠᠰᠠᠬᠤ ᠶᠢ ᠪᠠᠷᠢᠮᠲᠠᠯᠠᠵᠤ᠂ ︽ᠤᠮᠠᠷᠠᠲᠤ ᠶᠢᠨ ᠭᠤᠷᠪᠠᠨ ᠣᠷᠣᠨ︾ ᠤ ᠬᠠᠯᠬᠠᠪᠴᠢ ᠣᠶ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠢᠳᠡᠪᠬᠢᠲᠡᠢ ᠣᠷᠣᠯᠴᠠᠨ᠂ | ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠳᠠᠬᠢ ᠬᠥᠯᠥᠨ ᠨᠠᠭᠤᠷ ᠤᠨ | ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠤᠨ ᠣᠨ ᠤ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠯᠠᠪᠳᠠᠭᠤᠨ ᠪᠠᠲᠤᠲᠠᠢ ᠠᠬᠢᠭᠤᠯᠵᠤ᠂ ᠬᠥᠬᠡ | ᠵᠠᠮᠠᠭ ᠤᠨ ᠤᠰᠤᠨ ᠤ ᠬᠤᠪᠢᠷᠠᠯᠲᠠ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠤᠷᠰᠢᠯᠲᠠ ᠶᠢᠨ | ᠴᠡᠭ ᠤᠨ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠬᠥᠬᠡ ᠲᠡᠭᠷᠢ᠂ ᠨᠣᠮᠢᠨ ᠤᠰᠤ᠂ ᠠᠷᠢᠭᠤᠨ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠨᠠᠷᠢᠯᠢᠭ | ᠣᠨᠣᠪᠴᠢᠲᠠᠢ ᠰᠠᠶᠢᠲᠤᠷ ᠬᠢᠵᠦ᠂ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ︾ ︽ᠡᠯᠪᠡᠭ ᠤᠰᠤ ᠶᠢ ᠠᠷᠪᠢᠴᠢ ᠭᠠᠮᠲᠠᠢ ᠬᠡᠷᠡᠭᠯᠡᠬᠦ︾ ᠶᠢ ᠭᠦᠨᠵᠡᠭᠡᠢ | ᠦᠢᠯᠡᠳᠦᠯᠭᠡᠵᠢᠭᠦᠯᠵᠦ᠂ ᠣᠳᠣᠬᠢᠴᠢᠯᠠᠭᠰᠠᠨ ᠦᠢᠯᠡᠳᠪᠦᠷᠢᠯᠡᠯ ᠠᠮᠢᠳᠤᠷᠠᠯ ᠤᠨ ᠠᠷᠭ᠎ᠠ ᠬᠡᠯᠪᠡᠷᠢ ᠶᠢ ᠪᠦᠷᠢᠯᠳᠦᠭᠦᠯᠵᠦ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ | ᠦᠷᠳᠡᠭ ᠲᠠᠢ ᠠᠮᠢ ᠠᠬᠤᠢ ᠶᠢ ᠬᠠᠷᠢᠯᠴᠠᠨ ᠲᠤᠪᠤᠶᠢᠯᠭᠠᠵᠦ᠂ ᠪᠦᠬᠦ ᠬᠦᠴᠦᠨ ᠢᠶᠠᠷ ᠢᠶᠠᠨ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢ ᠡᠪᠳᠡᠷᠡᠰᠢ ᠦᠭᠡᠢ ᠪᠠᠲᠤ ᠪᠠᠬᠢ ᠪᠣᠯᠭᠠᠨ ᠴᠣᠭᠴᠠᠯᠠᠬᠤ ᠬᠡᠷᠡᠭᠲᠡᠢ᠃ ᠤᠯᠤᠰ ᠤᠨ ᠶᠡᠷᠦᠩᠬᠡᠢ ᠴᠣᠭᠴᠠ ᠶᠢᠨ ᠠᠮᠤᠷ ᠲᠦᠪᠰᠢᠨ ᠤ | ᠦᠵᠡᠯᠲᠡ ᠶᠢ ᠡᠷᠡᠰ ᠭᠤᠶᠢᠪᠢᠰᠢ ᠦᠭᠡᠢ ᠲᠤᠤᠱᠯᠠᠭᠤᠯᠵᠤ᠂ ᠠᠮᠢ ᠠᠬᠤᠢ᠂ ᠡᠬᠢ ᠪᠠᠶᠠᠯᠢᠭ᠂ ᠠᠮᠢᠳᠤ ᠪᠣᠳᠠᠰ᠂ ᠰᠢᠨᠵᠢᠯᠡᠬᠦ ᠤᠬᠠᠭᠠᠨ ᠮᠡᠷᠭᠡᠵᠢᠯ᠂ ᠲᠣᠣᠷ | ᠰᠦᠯᠵᠢᠶ᠎ᠡ᠂ ᠮᠥᠩᠭᠦᠨ ᠭᠦᠢᠯᠭᠡᠭᠡ ᠵᠡᠷᠭᠡ ᠭᠤᠣᠯᠳᠠᠯᠭ᠎ᠠ ᠲᠠᠢ ᠬᠦᠷᠢᠶᠡᠨ ᠤ ᠤᠯᠤᠰ ᠲᠥᠷᠥ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠰᠠᠶᠢᠲᠤᠷ | ᠠᠳᠬᠤᠵᠤ᠂ ᠠᠮᠤᠷ ᠲᠦᠪᠰᠢᠨ ᠤ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠠᠶᠤᠯᠭᠦᠢ ᠦᠢᠯᠡᠳᠪᠦᠷᠢᠯᠡᠯ᠂ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠢ | ᠬᠠᠮᠠᠭᠠᠯᠠᠬᠤ᠂ ᠥᠷᠢ ᠥᠭᠴᠡᠭᠡ ᠶᠢ ᠠᠷᠢᠯᠭᠠᠬᠤ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠬᠢᠯᠢ ᠬᠢᠵᠠᠭᠠᠷ ᠣᠷᠣᠨ ᠤ ᠲᠣᠭᠲᠠᠭᠤᠨ ᠢ ᠡᠵᠡᠮᠳᠡᠬᠦ᠂ | ᠨᠡᠶᠢᠭᠡᠮ ᠢ ᠵᠠᠰᠠᠬᠤ ᠵᠡᠷᠭᠡ ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠠᠷᠠᠳ ᠲᠠᠶᠢᠪᠤᠩ ᠠᠵᠤ ᠲᠦᠷᠦᠭᠦ᠂ ᠨᠡᠶᠢᠭᠡᠮ | ᠠᠮᠤᠷ ᠲᠣᠭᠲᠠᠭᠤᠨ ᠡᠮᠬᠢ ᠳᠢᠭᠯᠢᠮ ᠲᠠᠢ᠂ ᠬᠢᠯᠢ ᠬᠢᠵᠠᠭᠠᠷ ᠠᠮᠤᠷ ᠲᠣᠭᠲᠠᠭᠤᠨ ᠪᠠᠶᠢᠬᠤ ᠶᠢ ᠪᠠᠲᠤᠯᠠᠵᠤ᠂ ᠡᠷᠡᠮᠡᠬᠡᠶᠢᠯᠡᠨ ᠲᠡᠮᠡᠴᠡᠵᠦ ᠡᠬᠡ ᠤᠯᠤᠰ ᠤᠨ | ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠡᠪᠳᠡᠷᠡᠰᠢ ᠦᠭᠡᠢ ᠪᠠᠲᠤ ᠪᠠᠬᠢ ᠴᠣᠭᠴᠠᠯᠠᠬᠤ ᠬᠡᠷᠡᠭᠲᠡᠢ᠃ ᠤᠯᠤᠰ ᠤᠨ ᠡᠨᠧᠷᠭᠢ ᠶᠢᠨ ᠠᠮᠤᠷ | ᠲᠦᠪᠰᠢᠨ ᠪᠠ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠢ ᠪᠠᠲᠤᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠮᠵᠢᠯᠠᠯᠲᠤ | ᠡᠨᠧᠷᠭᠢ ᠪᠠ ᠰᠢᠨ᠎ᠡ ᠡᠨᠧᠷᠭᠢ ᠶᠢᠨ ᠶᠡᠷᠦᠩᠬᠡᠢ ᠬᠡᠮᠵᠢᠶ᠎ᠡ ᠶᠢᠨ ᠳᠠᠪᠠᠭᠤᠯᠢᠭ᠂ ᠬᠠᠮ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠡᠨᠧᠷᠭᠢ ᠶᠢᠨ ᠡᠬᠢ ᠪᠠᠶᠠᠯᠢᠭ ᠤᠨ | ᠬᠠᠮᠠᠭᠠᠯᠠᠯᠲᠠ ᠶᠢᠨ ᠴᠢᠨᠠᠷᠲᠠᠢ ᠨᠡᠭᠡᠭᠡᠨ ᠬᠥᠭᠵᠢᠭᠦᠯᠦᠯᠲᠡ᠂ ᠴᠢᠨᠠᠷ ᠰᠠᠶᠢᠲᠠᠢ ᠠᠰᠢᠭᠯᠠᠯᠲᠠ᠂ ᠳᠦᠷᠢᠮᠵᠢᠭᠦᠨ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ | ᠤᠯᠠᠮᠵᠢᠯᠠᠯᠲᠤ ᠡᠨᠧᠷᠭᠢ ᠪᠠ ᠨᠡᠭᠦᠷᠡᠰᠦ ᠪᠠᠷ ᠰᠠᠭᠤᠷᠢ ᠪᠣᠯᠭᠠᠭᠰᠠᠨ ᠠᠵᠤ ᠦᠢᠯᠡᠰ ᠤᠨ ᠰᠢᠨ᠎ᠡ ᠬᠦᠭᠵᠢᠯᠲᠡ ᠶᠢ ᠠᠬᠢᠭᠤᠯᠬᠤ ᠬᠡᠷᠡᠭᠲᠡᠢ᠃ ᠡᠨᠧᠷᠭᠢ ᠶᠢᠨ | ᠰᠤᠷᠪᠤᠯᠵᠢ ᠶᠢᠨ ᠠᠵᠤ ᠠᠬᠤᠢ ᠶᠢ ᠤᠯᠠᠨ ᠡᠰᠢᠵᠢᠭᠦᠯᠬᠦ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠳᠡᠭᠡᠳᠦ ᠳᠡᠰᠵᠢᠭᠦᠯᠬᠦ ᠠᠬᠢᠴᠠ ᠶᠢ ᠴᠢᠷᠮᠠᠶᠢᠨ | ᠠᠬᠢᠭᠤᠯᠵᠤ᠂ ᠠᠵᠤ ᠦᠢᠯᠡᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ ᠨᠡᠮᠡᠭᠳᠡᠭᠦᠯᠦᠨ᠂ ᠡᠨᠧᠷᠭᠢ ᠶᠢᠨ ᠰᠤᠷᠪᠤᠯᠵᠢ ᠶᠢᠨ ᠬᠠᠩᠭᠠᠯᠭ᠎ᠠ ᠶᠢ | ᠪᠠᠲᠤᠯᠠᠬᠤ ᠠᠮᠤᠷ ᠲᠦᠪᠰᠢᠨ ᠤ ᠰᠠᠭᠤᠷᠢ ᠶᠢ ᠤᠯᠠᠮ ᠴᠢᠨᠠᠭᠰᠢᠳᠠ ᠪᠠᠲᠤᠳᠬᠠᠨ᠂ ᠶᠠᠰᠤ ᠴᠢᠨᠠᠷ ᠢ ᠳᠡᠭᠡᠭᠰᠢᠯᠡᠭᠦᠯᠦᠨ ᠡᠨᠧᠷᠭᠢ ᠶᠢᠨ ᠰᠤᠷᠪᠤᠯᠵᠢ ᠶᠢ ᠣᠯᠭᠤᠵᠤ | ᠤᠯᠤᠰ ᠤᠨ ᠴᠢᠬᠤᠯᠠ ᠡᠨᠧᠷᠭᠢ ᠶᠢᠨ ᠰᠤᠷᠪᠤᠯᠵᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠬᠦᠴᠦᠲᠡᠢ ᠬᠦᠴᠦᠲᠡᠢ ᠪᠣᠯᠭᠠᠬᠤ ᠬᠡᠷᠡᠭᠲᠡᠢ᠃ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ᠂ ᠣᠨᠴᠠᠭᠠᠶᠢᠯᠠᠨ ᠠᠮᠤ ᠪᠤᠳᠠᠭᠠᠨ ᠤ | ᠬᠠᠩᠭᠠᠯᠭ᠎ᠠ ᠶᠢ ᠪᠠᠲᠤᠯᠠᠬᠤ ᠶᠢ ᠢᠮᠠᠭᠲᠠ ᠲᠡᠷᠢᠭᠦᠨ ᠴᠢᠬᠤᠯᠠ ᠡᠭᠦᠷᠭᠡ ᠪᠣᠯᠭᠠᠵᠤ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ᠂ ᠦᠷ᠎ᠡ ᠶᠢᠨ ᠦᠢᠯᠡᠰ ᠢ | ᠬᠥᠭᠵᠢᠭᠦᠯᠦᠨ ᠮᠠᠨᠳᠤᠭᠤᠯᠬᠤ᠂ ᠡᠪᠡᠰᠦᠨ ᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠶᠡᠬᠡᠪᠡᠷ ᠠᠬᠢᠭᠤᠯᠵᠤ᠂ ᠣᠲᠣ ᠦᠶ᠎ᠡ ᠶᠢᠨ ᠲᠣᠨᠤᠭ ᠲᠥᠬᠦᠭᠡᠷᠦᠮᠵᠢ᠂ | ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ᠂ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠪᠠ ᠨᠡᠶᠢᠭᠡᠮ ᠤᠨ ᠦᠢᠯᠡᠴᠢᠯᠡᠭᠡᠨ ᠤ ᠲᠤᠯᠭᠠᠭᠤᠷᠢᠯᠠᠯ ᠢ | ᠴᠢᠩᠭᠠᠷᠠᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠵᠠᠬ᠎ᠠ ᠳᠡᠯᠭᠡᠭᠦᠷ ᠢᠶᠠᠷ | ᠳᠠᠭᠠᠭᠤᠯᠤᠭᠴᠢ ᠶᠢ ᠳᠠᠭᠠᠭᠤᠯᠬᠤ᠂ ᠳᠠᠭᠠᠭᠤᠯᠤᠭᠴᠢ ᠪᠠᠷ ᠰᠠᠭᠤᠷᠢᠨ ᠭᠠᠵᠠᠷ ᠢ ᠳᠠᠭᠠᠭᠤᠯᠬᠤ᠂ ᠰᠠᠭᠤᠷᠢᠨ ᠭᠠᠵᠠᠷ ᠢᠶᠠᠷ ᠮᠠᠯᠵᠢᠬᠤ ᠡᠷᠦᠬᠡ ᠶᠢ ᠬᠤᠯᠪᠣᠬᠤ | ᠡᠵᠡᠩᠨᠡᠯᠲᠡ ᠶᠢᠨ ᠵᠠᠭᠪᠤᠷ ᠢ ᠰᠢᠨ᠎ᠡ ᠶᠢ ᠡᠭᠦᠳᠦᠨ ᠬᠥᠭᠵᠢᠭᠦᠯᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨᠵᠡᠭᠡᠢ ᠡᠳ᠋ᠰᠢᠭᠦᠯᠬᠦ ᠶᠢ | ᠭᠦᠨᠵᠡᠭᠡᠶᠢᠷᠡᠭᠦᠯᠦᠨ᠂ ᠨᠠᠷᠠᠲᠤ ᠲᠥᠷᠥᠯ ᠲᠡᠮᠳᠡᠭᠲᠦ ᠶᠢᠨ ᠵᠠᠬ᠎ᠠ ᠳᠡᠯᠭᠡᠭᠦᠷ ᠲᠤ ᠮᠡᠳᠡᠷᠡᠭᠳᠡᠬᠦ ᠬᠡᠮᠵᠢᠶ᠎ᠡ᠂ ᠨᠡᠷ᠎ᠡ ᠠᠯᠳᠠᠷᠰᠢᠬᠤ ᠬᠡᠮᠵᠢᠶ᠎ᠡ ᠪᠠ ᠥᠷᠢᠰᠦᠯᠳᠦᠬᠦ ᠬᠦᠴᠦᠨ ᠢ | ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠲᠤᠭ᠎ᠠ ᠬᠡᠮᠵᠢᠶ᠎ᠡ ᠶᠢ ᠥᠷᠭᠡᠳᠬᠡᠬᠦ᠂ ᠭᠠᠷᠤᠯᠲᠠ ᠶᠢ ᠨᠡᠮᠡᠭᠳᠡᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ ᠠᠵᠢᠯ ᠢ ᠪᠥᠬᠦ | ᠬᠦᠴᠦᠨ ᠢᠶᠠᠷ ᠢᠶᠠᠨ ᠰᠠᠶᠢᠲᠤᠷ ᠬᠢᠵᠦ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ | ᠭᠠᠵᠠᠷ ᠢ ᠲᠤᠭ᠎ᠠ ᠬᠡᠮᠵᠢᠶ᠎ᠡ ᠪᠠᠷ ᠶᠡᠭᠡ ᠶᠠᠰᠤ ᠴᠢᠨᠠᠷ ᠢᠶᠠᠷ ᠰᠢᠯᠢᠳᠡᠭ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ᠃ ︽ᠨᠢᠭᠡ ᠪᠦᠰᠡ ᠨᠢᠭᠡ ᠵᠠᠮ︾ ︽ᠳᠤᠮᠳᠠᠳᠤ | ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ︾ ᠤᠨ ᠪᠦᠲᠦᠭᠡᠨ ᠪᠠᠶᠢᠭᠤᠯᠤᠯᠲᠠ ᠳᠤ ᠭᠦᠨᠵᠡᠭᠡᠢ ᠣᠷᠣᠯᠴᠠᠵᠤ᠂ ᠪᠣᠭᠤᠮᠲᠠ ᠶᠢᠨ ᠴᠢᠳᠠᠮᠵᠢ ᠶᠢᠨ | ᠲᠡᠭᠦᠯᠳᠡᠷᠵᠢᠯᠲᠡ ᠪᠠ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠣᠭᠤᠮᠲᠠ ᠶᠢᠨ ᠡᠬᠢ ᠪᠠᠶᠠᠯᠢᠭ ᠢ ᠨᠠᠷᠢᠯᠢᠭ ᠭᠦᠨᠵᠡᠭᠡᠢ ᠡᠳ᠋ᠰᠢᠭᠦᠯᠬᠦ | ᠵᠠᠬ᠎ᠠ ᠳᠡᠯᠭᠡᠭᠦᠷ ᠢ ᠪᠥᠬᠦ ᠬᠦᠴᠦᠨ ᠢᠶᠠᠷ ᠢᠶᠠᠨ ᠨᠡᠭᠡᠭᠡᠨ ᠬᠥᠭᠵᠢᠭᠦᠯᠵᠦ᠂ ︽ᠥᠯᠥ ᠰᠢᠩᠭᠡᠭᠡᠬᠦ︾ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠬᠡᠷᠡᠭᠲᠡᠢ᠃ ᠥᠪᠥᠷ | ᠮᠣᠩᠭᠤᠯ ᠤᠨ ᠵᠡᠭᠦᠨ ᠬᠡᠰᠡᠭ ᠢ ᠬᠥᠭᠵᠢᠭᠦᠯᠦᠨ ᠮᠠᠨᠳᠤᠭᠤᠯᠬᠤ ᠤᠯᠤᠰ ᠲᠥᠷᠥ ᠶᠢᠨ ᠡᠭᠦᠷᠭᠡ ᠶᠢ ᠡᠷᠡᠰ ᠡᠭᠦᠷᠭᠡᠯᠡᠵᠦ᠂ ᠪᠠᠷᠠᠭᠤᠨ ᠬᠡᠰᠡᠭ ᠤᠨ ᠭᠠᠵᠠᠷ ᠣᠷᠣᠨ ᠢ | ᠶᠡᠬᠡᠪᠡᠷ ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ ᠣᠷᠣᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠣᠷᠣᠨ ᠪᠦᠰᠡ ᠶᠢᠨ ᠲᠥᠷᠥ ᠶᠢᠨ ᠪᠣᠳᠣᠯᠭ᠎ᠠ ᠶᠢ | ᠭᠦᠢᠴᠡᠳ ᠰᠠᠶᠢᠲᠤᠷ ᠬᠡᠷᠡᠭᠯᠡᠵᠦ᠂ ᠬᠥᠷᠰᠢ ᠵᠡᠷᠭᠡᠯᠡᠳᠡᠭᠡ ᠭᠠᠵᠠᠷ ᠣᠷᠣᠨ ᠯᠤᠭ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠶᠢ ᠬᠦᠴᠦᠯᠡᠨ ᠭᠦᠨᠵᠡᠭᠡᠶᠢᠷᠡᠭᠦᠯᠵᠦ᠂ | ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠬᠤᠯᠪᠣᠨ ᠨᠡᠪᠲᠡᠷᠡᠭᠦᠯᠬᠦ ᠳᠤᠮᠳᠠ ᠨᠠᠩ ᠶᠡᠭᠡ ᠦᠢᠯᠡᠳᠦᠯ ᠪᠠᠳᠠᠷᠠᠭᠤᠯᠵᠤ᠂ ᠤᠯᠤᠰ ᠤᠨ ᠤᠮᠠᠷᠠᠰᠢ | ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢ ᠥᠷᠨᠢᠭᠦᠨ ᠪᠠᠳᠠᠷᠠᠩᠭᠤᠢ ᠪᠣᠯᠭᠠᠨ ᠴᠣᠭᠴᠠᠯᠠᠬᠤ ᠬᠡᠷᠡᠭᠲᠡᠢ᠃ ᠢᠮᠠᠭᠲᠠ ᠴᠢᠩᠭ᠎ᠠ ᠠᠳᠬᠤᠵᠤ᠂ ︽ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠶ ᠪᠣᠯᠭᠠᠬᠤ︾ ᠭᠤᠣᠯ ᠰᠢᠵᠢᠮ ᠠᠴᠠ ᠥᠴᠥᠬᠡᠨ ᠴᠦ ᠰᠠᠯᠬᠤ ᠦᠭᠡᠢ ᠪᠠᠶᠢᠵᠤ | ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠢ | ᠲᠣᠭᠲᠠᠭᠠᠯ︾ ᠪᠣᠯᠣᠨ ᠬᠥᠯᠥᠨ ᠪᠤᠶᠢᠷ ᠬᠤᠲᠠ ᠶᠢᠨ ᠬᠡᠷᠡᠭᠵᠢᠭᠦᠯᠬᠦ ᠰᠠᠨᠠᠯ ᠵᠢᠴᠢ ᠮᠠᠨ ᠤ ᠬᠤᠰᠢᠭᠤᠨ ᠤ ᠬᠡᠷᠡᠭᠵᠢᠭᠦᠯᠬᠦ ᠲᠥᠰᠥᠯ ᠤᠨ ᠡᠯ᠎ᠡ ᠵᠦᠢᠯ ᠤᠨ | ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠤᠷᠠᠳᠤᠭᠰᠠᠨ ︽ | ᠳᠣᠯᠣᠭᠠᠨ ᠲᠠᠯ᠎ᠠ ᠪᠠᠷ ᠵᠢᠱᠢᠶᠡᠴᠢ ᠪᠣᠯᠬᠤ︾ ᠶᠢᠨ ᠪᠠᠶᠠᠯᠢᠭ ᠠᠭᠤᠯᠤᠭᠳᠠᠬᠤᠨ ᠢ ᠭᠦᠨᠵᠡᠭᠡᠢ ᠣᠶᠢᠯᠠᠭᠠᠵᠤ᠂ ︽ᠨᠠᠮ ᠤᠨ ᠠᠴᠢ ᠡᠨᠡᠷᠢᠯ ᠳᠤ ᠲᠠᠯᠠᠷᠬᠠᠵᠤ᠂ ᠨᠠᠮ ᠤᠨ | ᠦᠭᠡ ᠶᠢ ᠰᠣᠨᠣᠰᠣᠨ᠂ ᠨᠠᠮ ᠢᠶᠠᠨ ᠳᠠᠭᠠᠬᠤ︾ ᠣᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ | ᠥᠷᠨᠢᠭᠦᠯᠵᠦ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠲᠤᠤᠱᠲᠠᠢ ᠣᠶᠢᠯᠠᠭᠠᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ | ᠭᠦᠨᠵᠡᠭᠡᠢ ᠦᠢᠯᠡᠳᠦᠯᠭᠡᠵᠢᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ | ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠤᠷᠲᠤ ᠬᠤᠭᠤᠴᠠᠭ᠎ᠠ | ᠪᠦᠲᠦᠮᠵᠢᠲᠡᠶ ᠠᠬᠢᠭᠤᠯᠤᠨ᠂ ᠲᠤᠰᠬᠠᠢ ᠵᠠᠰᠠᠯᠲᠠ ᠶᠢᠨ ᠡᠭᠦᠷᠭᠡ ᠶᠢ ᠴᠠᠭ ᠲᠤᠬᠠᠢ ᠳᠤᠨᠢ ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ ᠰᠠᠶᠢᠲᠤᠷ ᠠᠳᠬᠤᠵᠤ᠂ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠳᠡᠯᠭᠡᠷᠡᠭᠦᠯᠬᠦ ᠡᠷᠴᠢᠮ ᠢ ᠴᠢᠩᠭᠠᠷᠠᠭᠤᠯᠤᠨ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ | ᠮᠠᠲ᠋ᠧᠷᠢᠶᠠᠯ ᠢ ᠳᠡᠯᠭᠡᠷᠡᠭᠦᠯᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠵᠢᠱᠢᠶᠡᠴᠢ ᠶᠢ ᠡᠯ᠎ᠡ ᠬᠦᠷᠢᠶ᠎ᠡ᠂ ᠡᠯ᠎ᠡ ᠲᠠᠯ᠎ᠠ ᠳᠤ ᠬᠦᠴᠦᠯᠡᠨ ᠢᠯᠡᠷᠡᠭᠦᠯᠵᠦ᠂ ︽ᠵᠢᠱᠢᠶᠡᠴᠢ | ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠦᠢᠯᠡᠳᠦᠯᠭᠡ ᠶᠢ ᠥᠨᠳᠥᠷ ᠪᠠᠷᠢᠮᠵᠢᠶ᠎ᠠ ᠪᠠᠷ ᠠᠬᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | | |