ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ ︵ᠬᠤᠶᠠᠷ︶
ᠨᠡᠶᠢᠲᠡᠯᠡᠭᠰᠡᠨ ᠴᠠᠭ᠄
2023/10/25
        ᠪᠥᠬᠦᠳᠡ ᠬᠤᠷᠠᠯ ᠠᠴᠠ᠂ ᠤᠯᠠᠨ ᠡᠰᠢᠵᠢᠨ ᠬᠦᠭᠵᠢᠭᠰᠡᠨ᠂ ᠤᠯᠠᠨ ᠲᠦᠢᠯ ᠢᠶᠠᠷ ᠲᠤᠯᠭᠠᠭᠤᠷᠢᠯᠠᠭᠰᠠᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠬᠠᠷᠠᠯᠲᠠ ᠱᠠᠭᠠᠷᠳᠠᠯᠭ᠎ᠠ ᠳᠤ ᠵᠣᠬᠢᠴᠠᠭᠤᠯᠤᠨ᠂ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠬᠤ ᠲᠠᠯ᠎ᠠ ᠪᠠᠷ ᠯᠠᠪᠳᠠᠭᠤᠨ ᠪᠠᠲᠤᠲᠠᠢ ᠠᠯᠬᠤᠮ ᠢ ᠠᠯᠬᠤᠬᠤ ᠬᠡᠷᠡᠭᠲᠡᠢ᠃ ᠬᠤᠲᠠ ᠶᠢᠨ ᠨᠠᠮ ᠤᠨ ᠬᠤᠷᠢᠶ᠎ᠠ ᠶᠢᠨ ᠠᠵᠤ ᠦᠢᠯᠡᠰ ᠤᠨ ᠬᠥᠭᠵᠢᠯᠲᠡ ᠶᠢᠨ ︽ᠲᠠᠪᠤᠨ ᠶᠡᠭᠡ ᠠᠵᠢᠯᠯᠠᠭᠠᠨ ᠤ ᠲᠥᠯᠥᠪᠯᠡᠭᠡ︾ ᠶᠢᠨ ᠶᠡᠷᠦᠩᠬᠡᠢ ᠰᠡᠳᠬᠢᠮᠵᠢ ᠶᠢ ᠦᠷᠭᠦᠯᠵᠢᠯᠡᠨ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠮᠠᠨ ᠤ ᠬᠤᠰᠢᠭᠤᠨ ᠤ ᠡᠯᠪᠡᠭ ᠪᠠᠶᠠᠯᠢᠭ ᠵᠢᠭᠤᠯᠴᠢᠯᠠᠯ ᠤᠨ ᠦᠢᠯᠡᠰ ᠤᠨ ᠡᠬᠢ ᠪᠠᠶᠠᠯᠢᠭ ᠢ ᠭᠦᠢᠴᠡᠳ ᠠᠭᠤᠳᠠᠯᠵᠤ᠂ ᠰᠠᠭᠤᠷᠢ ᠲᠥᠬᠦᠭᠡᠷᠦᠮᠵᠢ ᠶᠢ ᠰᠠᠶᠢᠲᠤᠷ ᠪᠠᠶᠢᠭᠤᠯᠤᠨ᠂ ᠠᠵᠢᠯᠯᠠᠭ᠎ᠠ ᠶᠢᠨ ᠲᠦᠰᠦᠪ ᠢ ᠴᠢᠩᠭᠠᠳᠬᠠᠵᠤ᠂ ᠰᠣᠳᠣᠨ ᠵᠠᠮ ᠱᠤᠭᠤᠮ ᠢ ᠲᠡᠭᠦᠯᠳᠡᠷᠵᠢᠭᠦᠯᠦᠨ᠂ ᠰᠢᠯᠢᠳᠡᠭ ᠦᠢᠯᠡᠴᠢᠯᠡᠭᠡ ᠶᠢ ᠳᠡᠭᠡᠭᠰᠢᠯᠡᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ︔ ᠲᠠᠷᠢᠵᠤ ᠲᠡᠵᠢᠭᠡᠬᠦ ᠦᠢᠯᠡᠰ ᠢ ᠨᠡᠮᠡᠭᠳᠡᠭᠦᠯᠬᠦ᠂ ᠡᠳ᠋ᠰᠢᠭᠦᠯᠬᠦ ᠦᠢᠯᠡᠰ ᠤᠨ ᠶᠠᠰᠤ ᠴᠢᠨᠠᠷ ᠢ ᠨᠡᠮᠡᠭᠳᠡᠭᠦᠯᠬᠦ᠂ ᠪᠣᠷᠣᠯᠠᠭᠤᠯᠬᠤ ᠦᠢᠯᠡᠰ ᠤᠨ ᠦᠷ᠎ᠡ ᠠᠰᠢᠭ ᠢ ᠨᠡᠮᠡᠭᠳᠡᠭᠦᠯᠬᠦ ᠶᠢ ᠲᠦᠷᠭᠡᠳᠬᠡᠨ ᠠᠬᠢᠭᠤᠯᠵᠤ᠂ ᠨᠡᠩ ᠪᠦᠷᠢᠨ ᠪᠦᠲᠦᠨ ᠮᠠᠯ ᠠᠵᠤ ᠠᠬᠤᠢ ᠶᠢᠨ ᠠᠵᠤ ᠦᠢᠯᠡᠰ ᠤᠨ ᠬᠡᠯᠬᠢᠶ᠎ᠡ ᠶᠢ ᠪᠦᠬᠦ ᠬᠦᠴᠦᠨ ᠢᠶᠠᠷ ᠢᠶᠠᠨ ᠴᠣᠭᠴᠠᠯᠠᠵᠤ᠂ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠤᠨ ᠲᠤᠭ᠎ᠠ ᠬᠡᠮᠵᠢᠶ᠎ᠡ ᠶᠠᠰᠤ ᠴᠢᠨᠠᠷ ᠢ ᠵᠡᠷᠭᠡᠪᠡᠷ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ︔ ᠤᠯᠠᠮᠵᠢᠯᠠᠯᠲᠤ ᠠᠵᠤ ᠦᠢᠯᠡᠰ ᠢ ᠲᠡᠰ ᠳᠡᠪᠰᠢᠭᠦᠯᠦᠨ ᠥᠭᠡᠷᠡᠴᠢᠯᠡᠬᠦ ᠪᠠ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠣᠶᠢᠵᠢᠭᠤᠯᠤᠨ ᠬᠥᠭᠵᠢᠭᠦᠯᠬᠦ ᠶᠢᠨ ᠠᠪᠤᠴᠠᠯᠳᠤᠬᠤ ᠴᠡᠭ ᠪᠠ ᠭᠠᠷᠳᠠᠬᠤ ᠴᠡᠭ ᠢ ᠭᠤᠣᠯᠳᠠᠯᠭ᠎ᠠ ᠲᠠᠢ ᠣᠨᠣᠪᠴᠢᠲᠠᠢ ᠡᠷᠢᠵᠦ᠂ ᠰᠢᠨ᠎ᠡ ᠬᠠᠭᠤᠴᠢᠨ ᠬᠥᠳᠡᠯᠭᠡᠬᠦ ᠬᠦᠴᠦᠨ ᠤ ᠦᠷᠭᠦᠯᠵᠢᠯᠡᠨ ᠰᠣᠯᠢᠭᠳᠠᠬᠤ ᠶᠢ ᠲᠦᠷᠭᠡᠳᠬᠡᠨ ᠠᠬᠢᠭᠤᠯᠵᠤ᠂ ᠠᠵᠤ ᠦᠢᠯᠡᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ ᠴᠢᠩᠭᠠᠳᠬᠠᠵᠤ᠂ ᠨᠢᠭᠡᠳᠦᠯᠲᠡᠢ ᠲᠥᠯᠥᠪᠵᠢᠭᠦᠯᠦᠨ ᠨᠡᠶᠢᠳᠡᠮ ᠳᠤᠨᠢ ᠬᠠᠷᠠᠭᠠᠯᠵᠠᠵᠤ ᠤᠯᠠᠮᠵᠢᠯᠠᠯᠲᠤ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠠᠮᠵᠢᠯᠴᠠᠨ ᠬᠠᠮᠲᠤᠪᠠᠷ ᠤᠷᠤᠭᠰᠢᠯᠠᠬᠤ ᠶᠢ ᠠᠬᠢᠭᠤᠯᠬᠤ ᠬᠡᠷᠡᠭᠲᠡᠢ︔ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠴᠢᠩᠭ᠎ᠠ ᠳᠠᠭᠠᠵᠤ᠂ ᠨᠤᠲᠤᠭ ᠪᠡᠯᠴᠢᠭᠡᠷ ᠲᠤ ᠨᠡᠭᠦᠷᠡᠰᠦᠲᠥ᠋ᠷᠥᠭᠴᠢ ᠬᠤᠷᠠᠭᠤᠯᠬᠤ ᠲᠤᠷᠰᠢᠯᠲᠠ ᠶᠢᠨ ᠬᠤᠲᠠ ᠶᠢᠨ ᠭᠦᠢᠴᠡᠳᠬᠡᠯ ᠲᠤᠭ᠎ᠠ ᠶᠢᠨ ᠳᠡᠮᠵᠢᠯᠭᠡ ᠶᠢ ᠣᠯᠬᠤ ᠪᠠᠷ ᠢᠳᠡᠪᠬᠢᠲᠡᠢ ᠴᠢᠷᠮᠠᠶᠢᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠠᠮᠢ ᠠᠬᠤᠢ ᠶᠢᠨ ᠥᠷᠲᠡᠭ ᠢ ᠬᠥᠭᠵᠢᠭᠡᠵᠦ᠂ ᠠᠮᠢ ᠠᠬᠤᠢ ᠶᠢᠨ ᠠᠵᠤ ᠦᠢᠯᠡᠰ ᠤᠨ ᠨᠠᠩ ᠶᠡᠭᠡ ᠰᠢᠪᠲᠤᠯᠤᠯᠲᠠ ᠲᠠᠢ ᠪᠣᠯᠬᠤ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ︔ ᠳᠠᠪᠠᠭᠤᠯᠢᠭ ᠣᠨᠴᠠᠯᠢᠭᠲᠤ ᠠᠵᠤ ᠦᠢᠯᠡᠰ ᠢ ᠴᠢᠩᠭ᠎ᠠ ᠠᠩᠬᠠᠷᠴᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶ᠎ᠠ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ᠂ ᠡᠨᠧᠷᠭᠢ ᠶᠢᠨ ᠡᠬᠢ ᠪᠠᠶᠠᠯᠢᠭ ᠢ ᠨᠠᠷᠢᠯᠢᠭ ᠪᠣᠯᠪᠠᠰᠤᠷᠠᠭᠤᠯᠬᠤ᠂ ᠲᠠᠯ᠎ᠠ ᠨᠤᠲᠤᠭ ᠤᠨ ᠣᠨᠴᠠᠯᠢᠭᠲᠤ ᠵᠢᠭᠤᠯᠴᠢᠯᠠᠯ ᠵᠡᠷᠭᠡ ᠠᠵᠤ ᠦᠢᠯᠡᠰ ᠢ ᠭᠤᠣᠯᠳᠠᠯᠭ᠎ᠠ ᠲᠠᠢ ᠬᠥᠭᠵᠢᠭᠦᠯᠵᠦ᠂ ᠪᠥᠬᠦ ᠬᠦᠴᠦᠨ ᠢᠶᠠᠷ ᠢᠶᠠᠨ ᠲᠥᠷᠥᠯ ᠵᠦᠢᠯ ᠳᠤ ᠣᠷᠣᠯᠴᠠᠵᠤ᠂ ᠠᠷᠠᠯᠵᠢᠶᠠᠴᠢᠨ ᠢ ᠨᠠᠷᠢᠯᠢᠭ ᠣᠨᠣᠪᠴᠢᠲᠠᠢ ᠤᠷᠢᠵᠤ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠥᠷᠭᠡᠳᠬᠡᠬᠦ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠵᠡᠷᠭᠡ ᠲᠠᠯ᠎ᠠ ᠪᠠᠷ ᠪᠥᠬᠦ ᠲᠠᠯ᠎ᠠ ᠪᠠᠷ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠴᠢᠳᠠᠪᠤᠷᠢᠲᠠᠨ᠂ ᠪᠡᠯᠡ ᠮᠥᠩᠭᠦ᠂ ᠰᠢᠨ᠎ᠡ ᠶᠢ ᠡᠭᠦᠳᠬᠦ ᠵᠡᠷᠭᠡ ᠬᠦᠴᠦᠨ ᠵᠦᠢᠯ ᠢ ᠬᠤᠰᠢᠭᠤ ᠰᠢᠶᠠᠨ ᠤ ᠬᠡᠪᠴᠢᠶᠡᠨ ᠳᠤ ᠨᠠᠩ ᠢᠯᠡᠭᠦᠦ ᠲᠥᠪᠯᠡᠷᠡᠭᠦᠯᠬᠦ ᠶᠢ ᠠᠬᠢᠭᠤᠯᠤᠨ᠂ ᠬᠤᠰᠢᠭᠤ ᠰᠢᠶᠠᠨ ᠤ ᠬᠡᠪᠴᠢᠶᠡᠨ ᠤ ᠠᠵᠤ ᠠᠬᠤᠢ ᠶᠢᠨ ᠪᠦᠬᠦᠯᠢ ᠴᠣᠭᠴᠠ ᠶᠢᠨ ᠪᠣᠳᠠᠲᠤ ᠬᠦᠴᠦᠨ ᠢ ᠴᠢᠩᠭᠠᠷᠠᠭᠤᠯᠬᠤ ᠬᠡᠷᠡᠭᠲᠡᠢ︔ ᠪᠦᠬᠦᠯᠢ ᠴᠣᠭᠴᠠ ᠶᠢᠨ ᠬᠥᠭᠵᠢᠯᠲᠡ ᠶᠢᠨ ᠣᠷᠴᠢᠨ ᠲᠣᠭᠤᠷᠢᠨ ᠢ ᠰᠢᠨᠲᠠᠷᠠᠰᠢ ᠦᠭᠡᠢ ᠰᠢᠯᠢᠳᠡᠭᠵᠢᠭᠦᠯᠵᠦ᠂ ᠨᠡᠩ ᠶᠡᠭᠡ ᠬᠡᠪᠴᠢᠶ᠎ᠡ ᠪᠠᠷ ᠭᠠᠶᠢᠯᠢ ᠶᠢ ᠬᠥᠩᠭᠡᠯᠡᠬᠦ᠂ ᠨᠡᠩ ᠢᠯᠡᠷᠬᠡᠢ ᠰᠦᠢᠳᠬᠡᠯ ᠢ ᠪᠠᠭᠤᠷᠠᠭᠤᠯᠬᠤ ᠶᠢ ᠠᠬᠢᠭᠤᠯᠵᠤ᠂ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠦᠷᠬᠦᠴᠡ ᠶᠢ ᠥᠷᠭᠡᠳᠬᠡᠵᠦ᠂ ᠪᠦᠬᠦ ᠬᠦᠴᠦᠨ ᠢᠶᠠᠷ ᠢᠶᠠᠨ ᠠᠵᠤ ᠠᠬᠤᠶᠢᠯᠠᠯ ᠳᠤ ᠪᠡᠯᠡ ᠣᠷᠣᠭᠤᠯᠵᠤ ᠦᠢᠯᠡᠰ ᠪᠣᠰᠬᠠᠬᠤ ᠥᠩ ᠰᠢᠮᠡᠯᠢᠭ ᠬᠥᠷᠥᠰᠥ ᠰᠢᠷᠣᠢ ᠶᠢ ᠨᠡᠮᠡᠷᠢᠯᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠪᠦᠬᠦ ᠲᠠᠯ᠎ᠠ ᠪᠠᠷ ᠬᠥᠭᠵᠢᠭᠡᠬᠦ ᠬᠡᠷᠡᠭᠲᠡᠢ︔ ᠪᠡᠯᠡ ᠣᠷᠣᠭᠤᠯᠤᠯᠲᠠ ᠶᠢᠨ ᠬᠢᠨᠠᠨ ᠵᠥᠪᠰᠢᠶᠡᠷᠡᠯ ᠤᠨ ︽ᠨᠢᠭᠡ ᠴᠣᠩᠬᠤᠪᠴᠢ ᠳᠤ ᠭᠥᠯᠢᠶᠡᠨ ᠠᠪᠴᠤ ᠰᠢᠢᠳᠪᠦᠷᠢᠯᠡᠬᠦ︾ ︽ᠳᠤᠲᠠᠭᠳᠠᠯ ᠲᠠᠢ ᠲᠠᠯ᠎ᠠ ᠶᠢ ᠭᠥᠯᠢᠶᠡᠨ ᠠᠪᠴᠤ ᠰᠢᠢᠳᠪᠦᠷᠢᠯᠡᠬᠦ︾ ︽ᠰᠠᠭᠠᠳ ᠦᠭᠡᠢ ᠨᠡᠪᠲᠡᠷᠡᠬᠦ ᠵᠠᠮ︾ ︽ᠣᠷᠣᠯᠠᠨ ᠭᠦᠢᠴᠡᠳᠬᠡᠬᠦ ᠦᠢᠯᠡᠴᠢᠯᠡᠭᠡ︾ ᠶᠢᠨ ᠳᠦᠷᠢᠮ ᠢ ᠰᠦᠪᠡᠭᠴᠢᠯᠡᠵᠦ᠂ ᠠᠯᠬᠤᠮ ᠳᠠᠷᠠᠭ᠎ᠠ ᠶᠢ ᠤᠯᠠᠮ ᠴᠢᠨᠠᠭᠰᠢᠳᠠ ᠳᠥᠭᠦᠮᠴᠢᠯᠡᠨ᠂ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢᠨ ︽ᠡᠴᠦᠰ ᠤᠨ ᠨᠢᠭᠡ ᠺᠢᠯᠣᠮᠧᠲᠷ︾ ᠢ ᠡᠷᠡᠰ ᠨᠡᠪᠲᠡᠷᠡᠭᠦᠯᠬᠦ ᠬᠡᠷᠡᠭᠲᠡᠢ︔ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠳᠤ ᠬᠢᠨᠠᠯᠲᠠ ᠲᠠᠯᠪᠢᠬᠤ᠂ ᠵᠠᠭᠠᠯᠳᠤᠬᠤ᠂ ᠭᠥᠯᠢᠶᠡᠨ ᠠᠪᠴᠤ ᠰᠢᠢᠳᠪᠦᠷᠢᠯᠡᠬᠦ᠂ ᠰᠢᠮᠳᠠᠭᠤᠯᠤᠨ ᠭᠦᠢᠴᠡᠳᠬᠡᠬᠦ᠂ ᠬᠠᠷᠢᠭᠤ ᠲᠤᠰᠬᠠᠬᠤ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠠᠵᠢᠯ ᠬᠢᠬᠦ ᠦᠭᠡᠢ᠂ ᠳᠤᠷ᠎ᠠ ᠪᠠᠷ ᠢᠶᠠᠨ ᠬᠢᠬᠦ᠂ ᠬᠢᠬᠠᠨ ᠠᠪᠬᠤ ᠵᠡᠷᠭᠡ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠲᠥᠪ ᠭᠤᠥᠯᠴᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠪᠠ ᠵᠠᠰᠠᠭ ᠤᠨ ᠣᠷᠳᠣᠨ ᠬᠤᠳᠠᠯᠳᠤᠭᠠᠴᠢᠨ ᠤ ᠬᠠᠷᠢᠴᠠᠭ᠎ᠠ ᠶᠢ ᠪᠣᠶ ᠪᠣᠯᠭᠠᠵᠤ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠡᠷᠡᠭᠦᠯ ᠪᠥᠭᠡᠳ ᠣᠷᠳᠣ ᠬᠤᠭᠤᠴᠠᠭᠠᠨ ᠤ ᠪᠦᠲᠦᠮᠵᠢᠲᠡᠶ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃        ᠪᠥᠬᠦᠳᠡ ᠬᠤᠷᠠᠯ ᠠᠴᠠ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠬᠤ᠂ ᠬᠠᠮᠲᠤᠪᠠᠷ ᠴᠢᠨᠡᠭᠡᠯᠢᠭᠵᠢᠬᠦ ᠶᠢ ᠪᠡᠶᠡᠯᠡᠭᠦᠯᠬᠦ ᠲᠠᠯ᠎ᠠ ᠪᠠᠷ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠠᠪᠬᠤ ᠬᠡᠷᠡᠭᠲᠡᠢ᠃ ᠮᠠᠯᠵᠢᠬᠤ ᠣᠷᠣᠨ ᠤ ᠰᠢᠨ᠎ᠡ ᠬᠡᠯᠪᠡᠷᠢ ᠶᠢᠨ ᠬᠠᠮᠲᠤ ᠶᠢᠨ ᠠᠵᠤ ᠠᠬᠤᠢ᠂ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠪᠠ ᠰᠢᠨ᠎ᠡ ᠬᠡᠯᠪᠡᠷᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ ᠶᠡᠬᠡᠪᠡᠷ ᠬᠥᠭᠵᠢᠭᠦᠯᠵᠦ᠂ ᠥᠨᠳᠥᠷ ᠬᠡᠪ ᠴᠢᠨᠠᠷ ᠲᠠᠢ ᠠᠵᠢᠯ ᠮᠡᠷᠭᠡᠵᠢᠯ ᠤᠨ ᠮᠠᠯᠴᠢᠳ ᠢ ᠪᠥᠬᠦ ᠲᠠᠯ᠎ᠠ ᠪᠠᠷ ᠬᠥᠮᠥᠵᠢᠭᠦᠯᠵᠦ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ︽ᠰᠢᠨ᠎ᠡ ᠠᠷᠭ᠎ᠠ ᠵᠠᠮ︾  ᠢ ᠦᠷᠭᠦᠯᠵᠢᠯᠡᠨ ᠬᠠᠶᠢᠨ ᠰᠦᠪᠡᠭᠴᠢᠯᠡᠬᠦ ᠬᠡᠷᠡᠭᠲᠡᠢ᠃ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠶᠢ ᠲᠣᠪᠣᠶᠢᠮ᠎ᠠ ᠰᠠᠶᠢᠲᠤᠷ ᠠᠳᠬᠤᠵᠤ᠂ ᠪᠣᠯᠪᠠᠰᠤᠷᠠᠯ ᠦᠢᠯᠡᠴᠢᠯᠡᠭᠡ ᠶᠢ ᠴᠢᠩᠭᠠᠳᠬᠠᠨ᠂ ᠣᠯᠠᠨ ᠠᠷᠭ᠎ᠠ ᠵᠠᠮ ᠢᠶᠠᠷ ᠠᠮᠢᠳᠤᠯᠢᠭ ᠢᠶᠠᠷ ᠠᠵᠢᠯ ᠣᠯᠬᠤ ᠶᠢ ᠳᠡᠮᠵᠢᠵᠦ᠂ ᠶᠠᠳᠠᠭᠤ ᠠᠴᠠ ᠠᠩᠭᠢᠵᠢᠷᠠᠭᠰᠠᠨ ᠭᠡᠷ ᠪᠦᠯᠢ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠭᠡᠷ ᠪᠦᠯᠢ᠂ ᠨᠢᠭᠡ ᠴᠦ ᠠᠵᠢᠯ ᠣᠯᠣᠭᠰᠠᠨ ᠦᠭᠡᠢ ᠭᠡᠷ ᠪᠦᠯᠢ᠂ ᠵᠡᠮᠳᠡᠭᠴᠦᠳ ᠵᠡᠷᠭᠡ ᠬᠦᠴᠢᠷᠳᠡᠯᠲᠡᠢ ᠪᠦᠯᠬᠦᠮ ᠨᠡᠶᠢᠲᠡ ᠶᠢᠨ ᠠᠵᠢᠯ ᠣᠯᠭᠤᠯᠲᠠ ᠶᠢᠨ ᠦᠨᠳᠦᠰᠦᠨ ᠵᠦᠢᠯ ᠢ ᠳᠡᠮᠵᠢᠨ ᠲᠡᠳᠬᠦᠬᠦ ᠶᠢ ᠴᠢᠩᠭᠠᠳᠬᠠᠵᠤ᠂ ᠣᠯᠠᠨ ᠲᠦᠮᠡᠨ ᠤ ︽ᠠᠵᠢᠯ ᠣᠯᠭᠤᠯᠲᠠ ᠶᠢᠨ ᠵᠠᠮ︾ ᠢ ᠪᠥᠬᠦ ᠲᠠᠯ᠎ᠠ ᠪᠠᠷ ᠥᠷᠭᠡᠳᠬᠡᠬᠦ ᠬᠡᠷᠡᠭᠲᠡᠢ᠃ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ ᠨᠡᠶᠢᠭᠡᠮ ᠤᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠤᠨ ᠬᠦᠷᠢᠶᠡᠨ ᠤ ᠡᠭᠦᠷᠭᠡ ᠴᠢᠳᠠᠪᠬᠢ ᠶᠢ ᠬᠦᠯᠢᠶᠡᠨ ᠠᠪᠬᠤ ᠠᠵᠢᠯ ᠢ ᠰᠠᠶᠢᠲᠤᠷ ᠬᠢᠵᠦ᠂ ᠭᠡᠷ ᠲᠡᠭᠡᠨ ᠰᠠᠭᠤᠬᠤ᠂ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠪᠠ ᠡᠷᠡᠭᠦᠯ ᠮᠡᠨᠳᠦ ᠶᠢᠨ ᠰᠤᠪᠢᠯᠠᠯᠲᠠ ᠶᠢᠨ ᠦᠢᠯᠡᠴᠢᠯᠡᠭᠡ ᠶᠢ ᠶᠡᠬᠡᠪᠡᠷ ᠬᠥᠭᠵᠢᠭᠦᠯᠵᠦ᠂ ᠠᠷᠠᠳ ᠤᠯᠠᠨ ᠤ ︽ᠵᠣᠯ ᠵᠢᠷᠭᠠᠯ ᠤᠨ ᠬᠡᠯᠬᠢᠶ᠎ᠡ︾ ᠶᠢ ᠨᠠᠷᠢᠯᠢᠭ ᠣᠨᠣᠪᠴᠢᠲᠠᠢ ᠪᠠᠷ ᠤᠷᠲᠤᠳᠬᠠᠬᠤ ᠬᠡᠷᠡᠭᠲᠡᠢ᠃ ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠬᠤ᠂ ᠲᠤᠬᠠᠢ ᠶᠢᠨ ᠲᠠᠯᠠᠪᠤᠷ ᠲᠤ ᠠᠵᠢᠯᠯᠠᠬᠤ᠂ ᠦᠨᠳᠦᠰᠦᠨ ᠱᠠᠲᠤᠨ ᠳᠤ ᠪᠠᠶᠢᠴᠠᠭᠠᠨ ᠰᠤᠳᠤᠯᠤᠯᠲᠠ ᠬᠢᠬᠦ᠂ ᠨᠢᠭᠡᠳᠦᠭᠡᠷ ᠹᠷᠣᠨᠲ ᠲᠤ ᠰᠣᠷᠪᠤᠯᠵᠢᠯᠠᠭ᠎ᠠ ᠶᠢ ᠬᠦᠯᠢᠶᠡᠨ ᠠᠪᠬᠤ ᠵᠡᠷᠭᠡ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ ᠠᠷᠭ᠎ᠠ ᠵᠠᠮ ᠢ ᠤᠯᠠᠮ ᠴᠢᠨᠠᠭᠰᠢᠳᠠ ᠰᠢᠯᠤᠭᠤᠳᠬᠠᠵᠤ᠂ ︽ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠨᠠᠷᠢᠨ ᠲᠠᠩᠰᠠ︾ ᠶᠢ ᠬᠠᠨᠳᠤᠯᠭᠠᠲᠤ ᠴᠢᠨᠠᠷᠲᠠᠢ ᠪᠠᠷ ᠲᠣᠭᠲᠠᠭᠠᠨ ᠨᠠᠶᠢᠳᠠᠪᠤᠷᠢᠵᠢᠭᠤᠯᠵᠤ᠂ ᠪᠦᠬᠦ ᠬᠦᠴᠦᠨ ᠢᠶᠠᠷ᠂ ᠤᠯᠠᠨ ᠠᠷᠭ᠎ᠠ ᠬᠡᠮᠵᠢᠶ᠎ᠡ ᠪᠠᠷ ︽ᠠᠷᠠᠳ ᠤᠨ ᠠᠮᠢᠳᠤᠷᠠᠯ ᠤᠨ ᠶᠠᠪᠤᠳᠠᠯ︾ ᠢ ᠰᠠᠶᠢᠲᠤᠷ ᠭᠦᠢᠴᠡᠳᠬᠡᠬᠦ ᠬᠡᠷᠡᠭᠲᠡᠢ᠃ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠪᠠᠷ ᠭᠠᠷᠳᠠᠬᠤ ᠴᠡᠭ ᠪᠣᠯᠭᠠᠵᠤ᠂ ᠮᠠᠯᠵᠢᠬᠤ ᠲᠠᠷᠢᠶᠠᠯᠠᠬᠤ ᠣᠷᠣᠨ ᠤ ᠬᠦᠮᠦᠨ ᠠᠷᠠᠳ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠡᠯ᠎ᠡ ᠰᠤᠮᠤ ᠪᠠᠯᠭᠠᠰᠤ ᠶᠢᠨ ᠰᠠᠭᠤᠷᠢ ᠲᠦᠬᠦᠭᠡᠷᠦᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠯᠡᠨ᠂ ︽ᠳᠥᠷᠪᠡᠨ ᠶᠡᠭᠡ ᠬᠠᠮᠢᠶᠠᠷᠤᠯᠲᠠ ᠶᠢᠨ ᠲᠣᠣᠷ︾ ᠪᠠ ᠵᠠᠮ ᠬᠠᠷᠢᠯᠴᠠᠭ᠎ᠠ ᠵᠡᠷᠭᠡ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠬᠤᠲᠠ ᠶᠢᠨ ᠬᠠᠮᠢᠶᠠᠷᠤᠯᠲᠠ ᠶᠢᠨ ︽ᠨᠠᠷᠢᠯᠢᠭᠵᠢᠭᠤᠯᠤᠭᠰᠠᠨ ᠬᠡᠮᠵᠢᠶ᠎ᠡ︾ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠨᠠᠩ ᠲᠡᠭᠦᠯᠳᠡᠷ᠂ ᠨᠠᠩ ᠪᠠᠲᠤᠯᠠᠭ᠎ᠠ ᠲᠠᠢ᠂ ᠨᠠᠩ ᠦᠷᠭᠦᠯᠵᠢᠯᠡᠬᠦᠶᠢᠴᠡ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃        ᠪᠥᠬᠦᠳᠡ ᠬᠤᠷᠠᠯ ᠠᠴᠠ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠣᠯ ᠰᠡᠳᠦᠪᠲᠦ ᠬᠥᠮᠦᠵᠢᠯ ᠢ ᠥᠷᠨᠢᠭᠦᠯᠬᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠠᠯ᠎ᠠ ᠪᠠᠷ ᠨᠡᠩ ᠥᠨᠳᠥᠷ ᠵᠣᠭᠰᠣᠴᠠ ᠪᠠᠨ ᠢᠯᠡᠷᠡᠭᠦᠯᠬᠦ ᠬᠡᠷᠡᠭᠲᠡᠢ᠃ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠴᠢᠩᠭ᠎ᠠ ᠭᠦᠢᠴᠡᠳᠬᠡᠨ᠂ ᠨᠠᠮ ᠤᠨ ᠪᠠᠶᠢᠭᠤᠯᠤᠯᠲᠠ ᠶᠢᠨ ᠠᠵᠢᠯ ᠢ ᠪᠥᠬᠦ ᠬᠤᠰᠢᠭᠤᠨ ᠤ ᠡᠯ᠎ᠡ ᠵᠦᠢᠯ ᠤᠨ ᠭᠤᠣᠯ ᠠᠵᠢᠯ ᠲᠠᠢ ᠬᠠᠮᠲᠤ ᠳᠤᠨᠢ ᠪᠠᠶᠢᠷᠢᠯᠠᠭᠤᠯᠵᠤ᠂ ᠬᠠᠮᠲᠤ ᠳᠤᠨᠢ ᠨᠠᠶᠢᠳᠠᠪᠤᠷᠢᠵᠢᠭᠤᠯᠵᠤ᠂ ᠬᠠᠮᠲᠤ ᠳᠤᠨᠢ ᠪᠠᠶᠢᠴᠠᠭᠠᠵᠤ᠂ ᠬᠠᠮᠲᠤ  ᠳᠤᠨᠢ ᠬᠢᠨᠠᠨ ᠰᠢᠯᠭᠠᠬᠤ ᠶᠢ ᠪᠠᠷᠢᠮᠲᠠᠯᠠᠨ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠳᠦᠷᠢᠮ᠂ ᠺᠠᠳ᠋ᠷ ᠠᠵᠢᠯᠲᠠᠨ ᠤ ᠶᠠᠪᠤᠳᠠᠯ ᠤᠨ ᠳᠦᠷᠢᠮ᠂ ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢᠨ ᠪᠥᠬᠦ ᠲᠠᠯ᠎ᠠ ᠪᠠᠷ ᠳᠠᠪᠰᠢᠨ ᠰᠢᠯᠭᠠᠷᠠᠬᠤ ᠶᠢ ᠠᠬᠢᠭᠤᠯᠬᠤ ᠬᠡᠷᠡᠭᠲᠡᠢ᠃ ᠤᠯᠤᠰ ᠲᠥᠷᠥ ᠶᠢᠨ ᠠᠮᠢ ᠠᠬᠤᠢ ᠶᠢᠨ ᠵᠠᠳᠠᠯᠤᠯᠲᠠ ᠬᠢᠵᠦ ᠰᠤᠳᠤᠯᠤᠨ ᠮᠠᠭᠠᠳᠯᠠᠬᠤ ᠪᠠ ᠰᠡᠷᠡᠮᠵᠢᠯᠡᠭᠦᠯᠬᠦ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ︽ᠳᠡᠭᠡᠳᠦ ᠳᠡᠰ ᠤᠨ ᠬᠡᠲᠦᠷᠡᠮᠡᠬᠡᠢ︾ ︽ᠳᠣᠣᠷᠠᠳᠤ ᠳᠡᠰ ᠤᠨ ᠪᠣᠯᠬᠢ︾ ᠪᠠᠶᠢᠬᠤ ᠶᠢ ᠡᠷᠡᠰ ᠬᠤᠷᠢᠭᠯᠠᠵᠤ᠂ ︽ᠳᠦᠷᠪᠡᠨ ᠰᠤᠷᠲᠠᠯ︾ ᠤᠨ ᠠᠰᠠᠭᠤᠳᠠᠯ ᠳᠠᠬᠢᠨ ᠡᠭᠦᠰᠬᠦ ᠶᠢ ᠡᠷᠡᠰ ᠬᠤᠷᠢᠭᠯᠠᠵᠤ᠂ ᠠᠷᠢᠭᠤᠨ ᠴᠢᠬᠡᠴᠢ ᠨᠦᠬᠦᠳ ᠤᠨ ᠬᠠᠷᠢᠴᠠᠭ᠎ᠠ᠂ ᠶᠣᠰᠣ ᠵᠢᠷᠤᠮ ᠲᠠᠢ ᠳᠡᠭᠡᠳᠦ ᠳᠣᠣᠷᠠᠳᠤ ᠱᠠᠲᠤᠨ ᠤ ᠬᠠᠷᠢᠴᠠᠭ᠎ᠠ᠂ ᠳᠣᠲᠣᠨᠣ ᠴᠢᠬᠡᠴᠢ ᠰᠢᠨ᠎ᠡ ᠬᠡᠯᠪᠡᠷᠢ ᠶᠢᠨ ᠵᠠᠰᠠᠭ ᠤᠨ ᠣᠷᠳᠣᠨ ᠬᠤᠳᠠᠯᠳᠤᠭᠠᠴᠢᠨ ᠤ ᠬᠠᠷᠢᠴᠠᠭ᠎ᠠ ᠶᠢ ᠪᠤᠢ ᠪᠣᠯᠭᠠᠬᠤ ᠶᠢ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠪᠠ ᠠᠭᠤᠯᠠ ᠰᠠᠶᠢᠬᠠᠨ ᠤᠰᠤ ᠲᠤᠩᠭᠠᠯᠠᠭ ᠪᠠᠶᠢᠭᠠᠯᠢ ᠶᠢᠨ ᠠᠮᠢ ᠠᠬᠤᠢ ᠶᠢ ᠪᠤᠢ ᠪᠣᠯᠭᠠᠬᠤ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠲᠠᠷᠠᠭᠤᠯᠵᠤ ᠰᠦᠭ ᠰᠦᠨᠡᠰᠦ ᠱᠤᠭᠤᠬᠤ ᠶᠢ ᠪᠠᠷᠢᠮᠲᠠᠯᠠᠵᠤ᠂ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠰᠢᠵᠦ᠂ ᠭᠤᠣᠯ ᠰᠡᠳᠦᠪᠲᠦ ᠬᠥᠮᠦᠵᠢᠯ ᠢ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠬᠦᠴᠦᠲᠡᠢ ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠪᠠᠶᠢᠯᠳᠤᠬᠤ ᠪᠣᠳᠣᠯᠭ᠎ᠠ ᠶᠢᠨ ᠬᠥᠲᠥᠯᠥᠨ ᠳᠠᠭᠠᠭᠤᠯᠬᠤ ᠬᠦᠴᠦᠨ᠂ ᠤᠨᠤᠯ ᠤᠨ ᠤᠷᠢᠶᠠᠯᠠᠬᠤ ᠬᠦᠴᠦᠨ᠂ ᠦᠢᠯᠡᠳᠦᠯᠭᠡ ᠶᠢᠨ ᠬᠥᠳᠡᠯᠭᠡᠬᠦ ᠬᠦᠴᠦᠨ ᠢ ᠨᠡᠪᠳᠡᠷᠡᠳᠡᠯ᠎ᠠ ᠡᠵᠡᠮᠰᠢᠵᠦ᠂ ᠤᠨᠤᠯ ᠤᠨ ᠰᠤᠷᠤᠯᠴᠠᠯᠭ᠎ᠠ᠂ ᠪᠠᠶᠢᠴᠠᠭᠠᠨ ᠰᠤᠳᠤᠯᠤᠯᠲᠠ ᠬᠢᠬᠦ᠂ ᠬᠥᠭᠵᠢᠯᠲᠡ ᠶᠢ ᠠᠬᠢᠭᠤᠯᠬᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ᠂ ᠳᠦᠷᠢᠮ ᠲᠣᠭᠲᠠᠭᠠᠯ ᠲᠣᠭᠲᠠᠭᠠᠬᠤ ᠵᠡᠷᠭᠡ ᠠᠵᠢᠯ ᠢ ᠰᠢᠰᠲ᠋ᠧᠮ ᠲᠠᠢ ᠲᠥᠯᠥᠪᠵᠢᠭᠦᠯᠵᠦ᠂ ᠰᠠᠶᠢᠲᠤᠷ ᠦᠷᠨᠢᠭᠦᠯᠬᠦ ᠬᠡᠷᠡᠭᠲᠡᠢ᠃ ᠦᠵᠡᠯ ᠰᠠᠨᠠᠭ᠎ᠠ ᠪᠠᠨ ᠴᠢᠯᠦᠭᠡᠯᠡᠬᠦ ᠳᠤ ᠵᠣᠭᠰᠣᠯ ᠦᠭᠡᠢ᠂ ᠲᠦᠷᠭᠡᠨ ᠠᠵᠢᠯᠯᠠᠬᠤ ᠳᠤ ᠬᠤᠶᠢᠷᠭᠤᠰᠢᠬᠤ ᠦᠭᠡᠢ᠂ ᠰᠠᠨᠠᠭᠠᠴᠢᠯᠠᠭ᠎ᠠ ᠠᠴᠠ ᠪᠠᠨ ᠠᠵᠢᠯᠯᠠᠬᠤ ᠳᠤ ᠰᠤᠯᠠᠷᠠᠭᠤᠯᠬᠤ ᠦᠭᠡᠢ ᠪᠠᠶᠢᠬᠤ ᠶᠢ ᠪᠠᠷᠢᠮᠲᠠᠯᠠᠵᠤ᠂ ︽ᠬᠤᠪᠢ ᠵᠠᠶᠠᠭᠠᠨ ᠤ ᠬᠠᠮᠲᠤ ᠶᠢᠨ ᠴᠣᠭᠴᠠ︾ ︽ᠬᠠᠷᠢᠭᠤᠴᠠᠯᠭ᠎ᠠ ᠶᠢᠨ ᠬᠠᠮᠲᠤ ᠶᠢᠨ ᠴᠣᠭᠴᠠ︾ ᠶᠢᠨ ᠳᠣᠲᠣᠭᠠᠳᠤ ᠠᠭᠤᠯᠤᠭᠳᠠᠬᠤᠨ ᠢ ᠭᠦᠨᠵᠡᠭᠡᠢ ᠣᠶᠢᠯᠠᠭᠠᠨ ᠣᠨᠣᠪᠴᠢᠲᠠᠶ ᠡᠵᠡᠮᠰᠢᠵᠦ᠂ ︽ᠳᠠᠷᠤᠶᠢᠬᠠᠨ ᠬᠢᠵᠦ᠂ ᠰᠠᠶᠢᠲᠤᠷ ᠬᠢᠬᠦ︾ ᠰᠤᠷᠲᠠᠯ ᠢ ᠶᠡᠬᠡᠪᠡᠷ ᠪᠠᠳᠠᠷᠠᠭᠤᠯᠵᠤ᠂ ᠬᠤᠳᠠᠯᠳᠤᠭᠠᠴᠢᠨ ᠤᠷᠢᠬᠤ᠂ ᠲᠥᠷᠥᠯ ᠵᠦᠢᠯ ᠣᠯᠬᠤ᠂ ᠠᠵᠤ ᠦᠢᠯᠡᠰ ᠢ ᠬᠦᠴᠦᠷᠬᠡᠭᠵᠢᠭᠦᠯᠬᠦ ᠶᠢ ᠴᠢᠩᠭ᠎ᠠ ᠠᠳᠬᠤᠵᠤ᠂ ᠭᠤᠣᠯᠳᠠᠯᠭ᠎ᠠ ᠶᠢ ᠠᠳᠬᠤᠨ᠂ ᠳᠤᠲᠠᠭᠤᠳᠠᠯ ᠢ ᠨᠥᠬᠦᠪᠦᠷᠢᠯᠡᠵᠦ᠂ ᠪᠠᠭᠤᠷᠠᠢ ᠲᠠᠯ᠎ᠠ ᠶᠢ ᠡᠷᠡᠰ ᠲᠠᠶᠠᠭᠳᠠᠵᠤ᠂ ︽ᠰᠠᠭᠠᠳ ᠲᠣᠳᠬᠠᠷ︾ ᠢ ᠬᠥᠭᠡᠭᠡᠨ ᠶᠠᠪᠤᠭᠤᠯᠵᠤ᠂ ︽ᠬᠦᠯᠢᠶᠡᠰᠦᠯᠡᠯ︾ ᠢ ᠡᠪᠳᠡᠨ᠂ ᠪᠣᠳᠠᠲᠠᠢ ᠪᠠᠶᠢᠬᠤ ᠶᠢ ᠲᠡᠷᠢᠭᠦᠨ ᠳᠤ ᠲᠠᠯᠪᠢᠵᠤ᠂ ᠪᠣᠳᠠᠲᠠᠢ ᠠᠮᠵᠢᠯᠲᠠ ᠪᠦᠲᠦᠮᠵᠢ ᠭᠠᠷᠭᠠᠵᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠬᠥᠭᠵᠢᠯᠲᠡ ᠶᠢᠨ ︽ᠵᠢᠷᠤᠭ ᠲᠥᠯᠥᠪᠯᠡᠭᠡ︾ ᠶᠢ ︽ᠲᠦᠯᠦᠪᠯᠡᠭᠡ ᠶᠢᠨ ᠵᠢᠷᠤᠭ︾ ︽ᠪᠣᠳᠠᠲᠤ ᠦᠵᠡᠮᠵᠢ ᠶᠢᠨ ᠵᠢᠷᠤᠭ︾ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃        ᠪᠥᠬᠦᠳᠡ ᠬᠤᠷᠠᠯ ᠠᠴᠠ᠂ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠢᠭᠲᠠᠷᠠᠨ ᠪᠦᠯᠬᠦᠮᠳᠡᠵᠦ᠂ ︽ᠬᠤᠶᠠᠷ ᠢ ᠲᠣᠭᠲᠠᠭᠠᠬᠤ︾ ᠶᠢ ᠦᠨᠡᠨᠴᠢ ᠪᠠᠷ ᠬᠠᠮᠠᠭᠠᠯᠠᠨ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠣᠨ ︽ᠤᠮᠠᠷᠠᠲᠤ ᠶᠢᠨ ᠭᠤᠷᠪᠠᠨ ᠣᠷᠣᠨ︾ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠲᠡᠷᠢᠭᠦᠨ ᠤ ᠬᠢ ᠶᠢ ᠡᠭᠦᠳᠬᠦ ᠢᠲᠡᠭᠡᠯ ᠵᠣᠷᠢᠭ᠂ ᠬᠠᠷᠢᠭᠤᠴᠠᠯᠭ᠎ᠠ ᠡᠭᠦᠷᠭᠡᠯᠡᠬᠦ ᠡᠷᠡᠰ ᠵᠣᠷᠢᠭ᠂ ᠰᠢᠨ᠎ᠡ ᠭᠠᠪᠢᠶ᠎ᠠ ᠪᠠᠶᠢᠭᠤᠯᠬᠤ ᠠᠤᠭ᠎ᠠ ᠵᠣᠷᠢᠭ ᠢᠶᠠᠷ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠵᠢᠷᠤᠭᠯᠠᠵᠤ ᠥᠭᠭᠦᠭᠰᠡᠨ ᠵᠢᠷᠤᠭ ᠲᠥᠰᠥᠪ ᠢ ᠭᠤᠶᠢᠪᠢᠰᠢ ᠦᠭᠡᠢ ᠪᠠᠷᠢᠮᠲᠠᠯᠠᠨ ᠠᠴᠢ ᠡᠨᠡᠷᠢᠯ ᠳᠤᠨᠢ ᠲᠠᠯᠠᠷᠬᠠᠨ ᠡᠷᠡᠮᠡᠬᠡᠶᠢᠯᠡᠨ ᠤᠷᠤᠭᠰᠢᠯᠠᠵᠤ᠂ ᠰᠢᠨ᠎ᠡ ᠵᠠᠮ ᠨᠡᠭᠡᠭᠡᠨ᠂ ᠵᠢᠱᠢᠶᠡᠴᠢ ᠪᠣᠯᠬᠤ ᠪᠠᠷ ᠴᠢᠷᠮᠠᠶᠢᠵᠤ᠂ ᠣᠮᠤᠭ ᠲᠡᠭᠦᠯᠳᠡᠷ ᠢᠶᠠᠷ ᠤᠷᠤᠭᠰᠢᠯᠠᠨ ᠳᠠᠪᠰᠢᠵᠤ᠂ ᠦᠨᠡᠨᠴᠢ ᠰᠢᠳᠤᠷᠭᠤ ᠪᠠᠷ ᠰᠢᠨ᠎ᠡ ᠪᠠᠷᠭᠤ ᠪᠠᠷᠠᠭᠤᠨ ᠬᠤᠰᠢᠭᠤᠨ ᠳᠤ ᠰᠠᠶᠢᠨ ᠶᠠᠪᠤᠳᠠᠯ ᠬᠢᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠰᠢᠨ᠎ᠡ ᠪᠠᠷᠭᠤ ᠪᠠᠷᠠᠭᠤᠨ ᠬᠤᠰᠢᠭᠤᠨ ᠤ ᠦᠵᠡᠰᠬᠦᠯᠡᠩᠲᠦ ᠰᠠᠶᠢᠬᠠᠨ ᠬᠠᠭᠤᠳᠠᠰᠤ ᠶᠢ ᠪᠢᠴᠢᠭᠯᠡᠬᠦ ᠬᠡᠷᠡᠭᠲᠡᠢ ᠭᠡᠵᠦ ᠤᠷᠢᠶᠠᠯᠠᠪᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ