ᠵᠠᠯᠭᠠᠭᠠᠳ 9 ᠡᠳᠦᠷ ᠰᠦᠢᠳᠭᠡᠯ ᠬᠤᠷᠢᠶᠠᠬᠤ ᠦᠭᠡᠢ︕
ᠨᠡᠶᠢᠲᠡᠯᠡᠭᠰᠡᠨ ᠴᠠᠭ᠄
2023/10/26
       ᠰᠤᠷᠪᠤᠯᠵᠢᠯᠠᠭᠴᠢ ᠵᠠᠮ ᠬᠠᠷᠢᠯᠴᠠᠭ᠎ᠠ ᠲᠡᠭᠡᠭᠡᠪᠦᠷᠢ ᠶᠢᠨ  ᠶᠠᠮᠤᠨ ᠤ ᠠᠯᠪᠠᠨ ᠰᠦᠯᠵᠢᠶ᠎ᠡ ᠠᠴᠠ ᠣᠶᠢᠯᠠᠭᠠᠭᠰᠠᠨ ᠢᠶᠠᠷ᠂ ︽ᠴᠢᠬᠤᠯᠠ ᠶᠡᠭᠡ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠲᠤ ᠵᠢᠵᠢᠭ ᠬᠡᠯᠪᠡᠷᠢ ᠶᠢᠨ ᠠᠶᠠᠨᠴᠢᠳ ᠤᠨ ᠮᠠᠰᠢᠨ ᠲᠡᠷᠭᠡ ᠶᠢ ᠰᠦᠢᠳᠭᠡᠯ ᠬᠤᠷᠢᠶᠠᠬᠤ ᠥᠬᠡᠶ ᠪᠠᠷ ᠨᠡᠪᠲᠡᠷᠡᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠬᠡᠷᠡᠭᠵᠢᠭᠦᠯᠬᠦ ᠲᠥᠰᠦᠯ ᠢ ᠴᠤᠬᠤᠯᠠᠪᠤᠷᠢᠯᠠᠨ ᠤᠯᠠᠮᠵᠢᠯᠠᠬᠤ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠵᠡᠷᠭᠡ ᠰᠠᠯᠠᠭ᠎ᠠ ᠮᠥᠴᠢᠷ ᠤᠨ ᠮᠡᠳᠡᠭᠳᠡᠯ︾ ᠵᠢᠴᠢ ︽2024 ᠣᠨ ᠤ ᠬᠡᠰᠡᠭ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠲᠤ ᠲᠣᠬᠢᠷᠠᠭᠤᠯᠤᠯᠲᠠ ᠬᠢᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ᠤᠨ ᠠᠮᠠᠷᠠᠯᠲᠠ ᠲᠠᠯᠪᠢᠬᠤ ᠡᠳᠦᠷ ᠬᠤᠭᠤᠴᠠᠭ᠎ᠠ ᠶᠢᠨ ᠲᠣᠬᠢᠷᠠᠭᠤᠯᠤᠯᠲᠠ ᠪᠠ ︽ᠡᠯ᠎ᠡ ᠨᠢᠭᠡᠴᠡ ᠶᠢᠨ ᠴᠠᠯᠢᠩ ᠲᠠᠢ ᠪᠠᠷ ᠵᠢᠯ ᠤᠨ ᠠᠮᠠᠷᠠᠯᠲᠠ ᠠᠪᠬᠤ ᠵᠡᠷᠭᠡ ᠲᠦᠷᠢᠮ ᠲᠠᠢ ᠤᠶᠠᠯᠳᠤᠭᠤᠯᠤᠨ᠂ ᠠᠵᠢᠯᠲᠠᠨ ᠠᠵᠢᠯᠴᠢᠨ ᠢᠶᠠᠨ ᠪᠢᠲᠡᠭᠦᠨ ︵2 ᠰᠠᠷ᠎ᠠ ᠶᠢᠨ 9 ᠤ ᠡᠳᠦᠷ︶ ᠳᠤ ᠠᠮᠠᠷᠠᠭᠤᠯᠬᠤ ᠪᠠᠷ ᠳᠣᠭᠢᠷᠠᠭᠤᠯᠬᠤ ᠶᠢ ᠵᠣᠷᠢᠭᠵᠢᠭᠤᠯᠬᠤ︾ ᠵᠡᠷᠭᠡ ᠱᠠᠭᠠᠷᠳᠠᠯᠭ᠎ᠠ ᠶᠢ ᠦᠨᠳᠦᠰᠦᠯᠡᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠬᠢᠨ ᠡᠳᠦᠭᠡ 2024 ᠣᠨ ᠤ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ ᠵᠢᠵᠢᠭ ᠬᠡᠯᠪᠡᠷᠢ ᠶᠢᠨ ᠠᠶᠠᠨᠴᠢᠳ ᠤᠨ ᠮᠠᠰᠢᠨ ᠲᠡᠷᠭᠡ ᠶᠢ ᠰᠦᠢᠳᠭᠡᠯ ᠬᠤᠷᠢᠶᠠᠬᠤ ᠥᠬᠡᠶ ᠪᠠᠷ ᠨᠡᠪᠲᠡᠷᠡᠭᠦᠯᠬᠦ ᠶᠢ ᠰᠢᠯᠢᠳᠡᠭᠵᠢᠭᠦᠯᠤᠭ᠍ᠰᠡᠨ ᠬᠤᠯᠪᠣᠭᠳᠠᠯ ᠪᠥᠬᠦᠶ ᠤᠴᠢᠷ ᠢ ᠳᠤᠤᠷᠠᠬᠢ ᠮᠡᠲᠦ ᠮᠡᠳᠡᠭᠳᠡᠪᠡ᠄       2024 ᠣᠨ ᠤ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ ᠵᠢᠵᠢᠭ  ᠬᠡᠯᠪᠡᠷᠢ ᠶᠢᠨ ᠠᠶᠠᠨᠴᠢᠳ ᠤᠨ ᠮᠠᠰᠢᠨ ᠲᠡᠷᠭᠡ ᠶᠢᠨ ᠰᠦᠢᠳᠭᠡᠯ ᠬᠤᠷᠢᠶᠠᠬᠤ ᠦᠭᠡᠢ ᠪᠠᠷ ᠨᠡᠪᠲᠡᠷᠡᠭᠦᠯᠬᠦ ᠴᠠᠭ ᠨᠢ 2 ᠰᠠᠷ᠎ᠠ ᠶᠢᠨ 9 ᠤ ᠡᠳᠦᠷ ︵ᠪᠢᠲᠡᠭᠦᠨ︶ ᠤᠨ 00᠄ 00 ᠠᠴᠠ 2 ᠰᠠᠷ᠎ᠠ ᠶᠢᠨ 17 ᠤ ᠡᠳᠦᠷ ︵ᠴᠠᠭᠠᠨ ᠰᠠᠷ᠎ᠠ ᠶᠢᠨ  ᠰᠢᠨ᠎ᠡ ᠶᠢᠨ  ᠨᠠᠢᠮᠠᠨ︶ ᠤᠨ  24᠄ 00 ᠪᠣᠯᠤᠨ᠎ᠠ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ