25 ᠤ ᠡᠳᠦᠷ ᠠᠴᠠ ᠡᠬᠢᠯᠡᠨ ᠲᠣᠬᠢᠷᠠᠭᠤᠯᠤᠯᠲᠠ ᠬᠢᠪᠡ︕  ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠪᠠ︕ ᠵᠠᠷᠢᠮ ᠬᠥᠮᠦᠨ ᠰᠠᠷ᠎ᠠ ᠳᠠᠭᠠᠨ ᠪᠠᠷᠤᠭ 1000 ᠲᠥᠭᠦᠷᠢᠭ ᠳᠤᠲᠠᠭᠤ ᠲᠦᠯᠦᠬᠦ ᠪᠤᠯᠪᠠ
ᠨᠡᠶᠢᠲᠡᠯᠡᠭᠰᠡᠨ ᠴᠠᠭ᠄
2023/10/26
        10 ᠰᠠᠷ᠎ᠠ ᠶᠢᠨ 25 ᠤ ᠡᠳᠦᠷ ᠠᠴᠠ ᠡᠬᠢᠯᠡᠨ᠂ ᠡᠯ᠎ᠡ ᠪᠠᠩᠬᠢ ᠨᠢ ︽ᠬᠤᠶᠠᠳᠠᠬᠢ ᠢᠵᠢ ᠶᠢ  ᠠᠩᠬᠠᠨ ᠤ  ᠢᠵᠢ ᠳᠤ ᠰᠢᠯᠵᠢᠭᠦᠯᠬᠦ︾ ᠱᠠᠭᠠᠷᠳᠠᠯᠭ᠎ᠠ ᠳᠤ ᠨᠡᠶᠢᠴᠡᠬᠦ ᠬᠠᠳᠠᠭᠠᠯᠠᠴᠠ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠨᠢᠭᠡᠳᠦᠯᠲᠡᠶ ᠪᠠᠭᠤᠷᠠᠭᠤᠯᠪᠠ᠃ ᠡᠨᠡ ᠨᠢ ᠪᠠᠰᠠ ᠴᠤ ᠳᠤᠮᠳᠠᠳᠤ ᠤᠯᠤᠰ ᠤᠨ ᠠᠷᠠᠳ ᠤᠨ ᠪᠠᠩᠬᠢ᠂ ᠤᠯᠤᠰ ᠤᠨ ᠮᠥᠩᠭᠦᠨ ᠬᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠠᠴᠠ ᠬᠠᠳᠠᠭᠠᠯᠠᠴᠠ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠬᠤ ᠪᠠᠷ ᠱᠠᠭᠠᠷᠳᠠᠭᠰᠠᠨ ᠮᠡᠳᠡᠭᠳᠡᠯ ᠢ ᠬᠡᠷᠡᠭᠵᠢᠭᠦᠯᠦᠭᠰᠡᠨ ᠠᠴᠠ ᠨᠠᠭᠠᠰᠢ᠂ ᠬᠦᠦ ᠮᠥᠩᠭᠦ ᠶᠢᠨ ᠨᠣᠷᠮ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠤᠭᠰᠠᠨ ᠨᠢᠭᠡ ᠪᠦᠯᠦᠭ ᠣᠷᠣᠨ ᠰᠠᠭᠤᠴᠠ ᠶᠢᠨ ᠵᠢᠭᠡᠯᠡᠯᠭᠡ ᠪᠣᠯᠤᠨ᠎ᠠ᠃         10 ᠰᠠᠷ᠎ᠠ ᠶᠢᠨ 25 ᠤ ᠥᠷᠯᠥᠭᠡ ᠡᠷᠲᠡ᠂ ᠴᠥᠭᠡᠨ ᠪᠤᠰᠤ ᠭᠠᠵᠠᠷ ᠣᠷᠣᠨ ᠤ ᠣᠷᠣᠨ ᠰᠠᠭᠤᠴᠠ ᠶᠢᠨ ᠵᠢᠭᠡᠯᠡᠯᠭᠡ ᠠᠪᠤᠬᠰᠠᠨ ᠬᠡᠷᠡᠭᠯᠡᠭᠴᠢ ᠭᠠᠷ ᠤᠲᠠᠰᠤᠨ ᠤ ᠪᠠᠩᠬᠢ ᠪᠤᠶᠤ ᠣᠬᠤᠷ ᠴᠢᠮᠡᠭᠡ ᠪᠠᠷ  ᠳᠠᠮᠵᠢᠭᠤᠯᠤᠨ᠂ ᠥᠪᠡᠷ ᠤᠨ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠪᠠᠭᠤᠷᠠᠭᠰᠠᠨ ᠢ ᠣᠶᠢᠯᠠᠭᠠᠪᠠ᠃      ᠬᠤᠨᠠᠨ ᠤ ᠴᠠᠩᠱᠠ ᠶᠢᠨ ᠬᠤᠲᠠ ᠶᠢᠨ ᠠᠷᠠᠳ᠄ ᠮᠢᠨᠦ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠤᠷᠢᠳ ᠬᠤᠵᠢᠳ 0.65% ᠪᠠᠷ ᠪᠠᠭᠤᠷᠠᠵᠤ᠂ ᠰᠠᠷ᠎ᠠ ᠳᠠᠭᠠᠨ ᠪᠠᠷᠤᠭ 1000 ᠲᠥᠭᠦᠷᠢᠭ ᠳᠤᠲᠠᠭᠤ ᠲᠦᠯᠦᠬᠦ ᠪᠤᠯᠪᠠ ᠬᠡᠵᠡᠢ᠃         ᠬᠤᠶᠠᠳᠤᠭᠠᠷ ᠢᠵᠢ ᠶᠢ ᠲᠦᠷᠦᠭᠦᠦ ᠢᠵᠢ ᠳᠤ ᠰᠢᠯᠵᠢᠭᠦᠯᠬᠦ ᠣᠷᠣᠨ ᠰᠠᠭᠤᠴᠠ ᠶᠢᠨ ᠵᠢᠭᠡᠯᠡᠯᠭᠡ ᠠᠴᠠ ᠭᠠᠳᠠᠨ᠎ᠠ᠂ ᠡᠭᠦᠨ ᠠᠴᠠ ᠡᠮᠦᠨ᠎ᠡ ᠲᠣᠭᠲᠠᠮᠠᠯ ᠬᠦᠦ ᠮᠥᠩᠭᠦ ᠶᠢᠨ ᠨᠣᠷᠮ᠎ᠠ ᠪᠤᠶᠤ ᠰᠠᠭᠤᠷᠢ ᠪᠠᠷᠢᠮᠵᠢᠶᠠᠲᠤ ᠬᠦᠦ ᠮᠥᠩᠭᠦ ᠶᠢᠨ ᠨᠣᠷᠮ᠎ᠠ ᠪᠠᠷ ᠦᠨ᠎ᠡ ᠲᠣᠭᠲᠠᠭᠠᠭᠰᠠᠨ ᠣᠷᠣᠨ ᠰᠠᠭᠤᠴᠠ ᠶᠢᠨ ᠵᠢᠭᠡᠯᠡᠯᠭᠡ ᠶᠢ ᠬᠡᠷᠡᠭᠯᠡᠵᠦ ᠪᠠᠶᠢᠪᠠ᠂ ᠵᠣᠭᠤᠰ ᠵᠢᠭᠡᠯᠡᠭᠴᠢ ᠨᠢᠭᠡᠨᠲᠡ ᠪᠠᠩᠬᠢ ᠳᠤ LPR ᠢᠶᠠᠷ ᠦᠨ᠎ᠡ ᠲᠣᠭᠲᠠᠭᠠᠭᠰᠠᠨ ᠬᠥᠳᠡᠯᠦᠩᠭᠦᠶ ᠬᠦᠦ ᠮᠥᠩᠭᠦ ᠶᠢᠨ ᠨᠣᠷᠮ᠎ᠠ ᠲᠠᠢ ᠵᠢᠭᠡᠯᠡᠯᠭᠡ ᠪᠣᠯᠭᠠᠨ ᠬᠤᠪᠢᠷᠠᠭᠤᠯᠬᠤ ᠪᠠᠷ ᠭᠤᠶᠤᠴᠢᠯᠠᠵᠤ᠂ 10 ᠰᠠᠷ᠎ᠠ ᠶᠢᠨ 25 ᠤ ᠡᠳᠦᠷ ᠪᠠᠰᠠ ᠬᠦᠦ ᠮᠥᠩᠭᠦ ᠶᠢᠨ ᠨᠣᠷᠮ᠎ᠠ ᠶᠢ ᠨᠢᠭᠡᠳᠦᠯᠲᠡᠶ ᠲᠣᠬᠢᠷᠠᠭᠤᠯᠪᠠ᠃ ᠪᠠᠩᠬᠢ ᠶᠢᠨ ᠬᠥᠮᠦᠰ ᠰᠠᠨᠠᠭᠤᠯᠬᠤ ᠳᠠᠭᠠᠨ᠂ ᠲᠣᠰ ᠤᠳᠠᠭ᠎ᠠ ᠨᠢᠭᠡᠳᠦᠯᠲᠡᠶ ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠣᠳᠣᠬᠠᠨ ᠳᠤ ᠬᠤᠶᠠᠳᠤᠭᠠᠷ ᠢᠵᠢ ᠣᠷᠣᠨ ᠰᠠᠭᠤᠴᠠ ᠶᠢᠨ ᠵᠢᠭᠡᠯᠡᠯᠭᠡ ᠶᠢ ᠲᠦᠷᠦᠭᠦᠦ ᠢᠵᠢ ᠳᠤ ᠰᠢᠯᠵᠢᠭᠦᠯᠬᠦ ᠪᠠᠷ ᠭᠤᠶᠤᠴᠢᠯᠠᠭᠰᠠᠨ ᠥᠬᠡᠶ ᠪᠤᠯ ᠵᠣᠭᠤᠰ ᠵᠢᠭᠡᠯᠡᠭᠴᠢ ᠮᠥᠨ ᠯᠡ  ᠪᠠᠩᠬᠢ ᠳᠤ ᠲᠣᠬᠢᠷᠠᠭᠤᠯᠤᠯᠲᠠ ᠬᠢᠯᠭᠡᠬᠦ ᠪᠠᠷ  ᠭᠤᠶᠤᠴᠢᠯᠠᠵᠤ ᠪᠣᠯᠤᠨ᠎ᠠ ᠭᠡᠵᠡᠶ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ