1781 ᠳᠠᠩᠰᠠᠨ ᠨᠣᠮᠧᠷ ᠢ ᠰᠢᠢᠳᠪᠦᠷᠢᠯᠡᠪᠡ︕
ᠨᠡᠶᠢᠲᠡᠯᠡᠭᠰᠡᠨ ᠴᠠᠭ᠄
2023/10/26
        ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠰᠠᠯᠠᠭ᠎ᠠ ᠮᠥᠴᠢᠷ ᠤᠨ ᠬᠢᠨ ᠣᠯᠠᠨ ᠨᠡᠶᠢᠲᠡ ᠶᠢᠨ ᠲᠥᠷᠥ ᠶᠢᠨ ᠪᠣᠳᠣᠯᠭ᠎ᠠ᠂ ᠨᠡᠶᠢᠭᠡᠮ ᠠᠷᠠᠳ ᠤᠨ ᠠᠮᠢᠳᠤᠷᠠᠯ ᠤᠨ ᠬᠦᠷᠢᠶᠡᠨ ᠳᠤ ᠬᠤᠯᠪᠤᠬᠳᠠᠬᠰᠠᠨ ᠴᠤᠤᠷᠬᠠᠯ ᠤᠳ ᠢ ᠲᠠᠷᠬᠠᠭᠠᠭᠰᠠᠨ ᠲᠠᠩᠰᠠᠨ ᠨᠣᠮᠧᠷ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠪᠡ᠃ ᠣᠶᠢᠷ᠎ᠠ ᠳᠤ᠂ ᠵᠠᠷᠢᠮ ᠰᠦᠯᠵᠢᠶᠡᠨ ᠤ ᠲᠠᠩᠰᠠᠨ ᠨᠣᠮᠧᠷ ᠨᠢ  ᠣᠯᠠᠨ ᠨᠡᠶᠢᠲᠡ ᠶᠢᠨ ᠲᠥᠷᠥ ᠶᠢᠨ ᠪᠣᠳᠣᠯᠭ᠎ᠠ᠂ ᠨᠡᠶᠢᠭᠡᠮ ᠠᠷᠠᠳ ᠤᠨ ᠠᠮᠢᠳᠤᠷᠠᠯ ᠵᠡᠷᠭᠡ ᠬᠦᠷᠢᠶᠡᠨ ᠳᠤ ᠬᠤᠯᠪᠣᠭᠳᠠᠭᠰᠠᠨ ᠴᠤᠤᠷᠬᠠᠯ ᠮᠡᠳᠡᠭᠡ ᠵᠠᠩᠭᠢ ᠶᠢ ᠵᠣᠬᠢᠶᠠᠨ ᠲᠠᠷᠬᠠᠭᠠᠵᠤ᠂ ᠣᠯᠠᠨ ᠲᠦᠮᠡᠨ ᠤ ᠲᠠᠨᠢᠯᠳᠠ ᠶᠢ ᠬᠡᠴᠡᠭᠦᠦ ᠰᠦᠷᠡᠭᠡᠢ ᠪᠤᠷᠤᠭᠤ ᠪᠠᠷ ᠵᠢᠯᠤᠭᠤᠳᠴᠤ᠂ ᠨᠡᠶᠢᠭᠡᠮ ᠳᠤ ᠮᠠᠭᠤ ᠨᠥᠯᠥᠭᠡ ᠭᠠᠷᠭᠠᠵᠤ ᠪᠠᠶᠢᠨ᠎ᠠ᠃ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠰᠠᠯᠠᠭ᠎ᠠ ᠮᠥᠴᠢᠷ ᠤᠨ ᠬᠢᠨ ᠰᠦᠯᠵᠢᠶᠡᠨ ᠤ ᠲᠠᠪᠴᠠᠩ ᠢ ᠵᠢᠯᠣᠭᠤᠳᠤᠨ ᠬᠢᠨᠠᠨ ᠪᠠᠶᠢᠴᠠᠭᠠᠬᠤ ᠪᠠ ᠭᠡᠷᠡᠴᠢ ᠶᠢ ᠪᠠᠶᠢᠴᠠᠭᠠᠬᠤ ᠶᠢ  ᠴᠢᠩᠭᠠᠳᠬᠠᠵᠤ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠥᠷᠨᠢᠭᠦᠯᠵᠦ᠂ ᠴᠤᠤᠷᠬᠠᠯ ᠢ ᠡᠬᠢ ᠡᠭᠦᠰᠦᠯ ᠠᠴᠠ ᠨᠢ ᠡᠷᠢᠵᠦ ᠪᠠᠶᠢᠭᠠᠳ ᠠᠩᠬ᠎ᠠ ᠲᠠᠷᠬᠠᠭᠠᠬᠰᠠᠨ ᠲᠠᠩᠰᠠᠨ ᠨᠣᠮᠧᠷ ᠢ  ᠬᠠᠭᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ 1781  ᠲᠠᠩᠰᠠᠨ ᠨᠣᠮᠧᠷ ᠢ ᠰᠢᠢᠳᠪᠦᠷᠢᠯᠡᠵᠡᠢ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ