ᠳᠠᠭᠠᠳᠬᠠᠯ ᠳᠤ ᠣᠷᠣᠯᠴᠠᠭᠰᠠᠳ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠠᠪᠴᠠᠩ ᠤᠨ App ᠳᠤ ᠭᠠᠷᠴᠤ᠂ ︽ᠤᠨᠳᠤᠤ | ᠭᠠᠵᠠᠷ ᠲᠤ ᠳᠠᠩᠰᠠᠯᠠᠭᠤᠯᠬᠤ︾ ᠰᠦᠯᠵᠢᠶᠡᠨ ᠤ ᠬᠦᠢᠴᠡᠳᠬᠡᠬᠦ ᠲᠤᠰᠬᠠᠶ ᠲᠣᠭᠤᠷᠢᠭ ᠲᠠᠬᠢ ︽ᠤᠨᠳᠤᠤ ᠭᠠᠵᠠᠷ ᠲᠤ ᠡᠪᠡᠳᠴᠢᠨ ᠦᠵᠡᠭᠦᠯᠬᠦ ᠪᠠᠷ ᠳᠠᠩᠰᠠᠯᠠᠭᠤᠯᠬᠤ | ᠠᠵᠢᠯᠯᠠᠭᠠᠨ ᠤ ᠵᠦᠭᠯᠡᠭᠦᠷ︾ ᠢ ᠲᠣᠪᠴᠢᠳᠠᠨ ᠦᠵᠡᠵᠦ ᠪᠣᠯᠤᠨ᠎ᠠ᠃ | ᠣᠳᠣᠬᠠᠨ ᠳᠤ᠂ ᠪᠣᠶ ᠪᠥᠬᠦᠶ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠪᠠ ᠰᠠᠭᠤᠭᠠᠯᠢ ᠠᠷᠠᠳ ᠤᠨ ᠡᠮ ᠡᠮᠨᠡᠯᠭᠡ ᠶᠢᠨ | ᠳᠠᠭᠠᠳᠬᠠᠯ ᠳᠤ ᠣᠷᠣᠯᠴᠠᠭᠰᠠᠨ ᠬᠥᠮᠦᠰ ᠴᠥᠮ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠠᠪᠴᠠᠩ ᠤᠨ App ᠪᠠ ᠤᠯᠤᠰ ᠤᠨ ᠡᠮ | ᠡᠮᠨᠡᠯᠭᠡ ᠶᠢᠨ ᠪᠠᠳᠤᠯᠠᠭ᠎ᠠ ᠶᠢᠨ ᠲᠣᠪᠴᠢᠶ᠎ᠠ ᠶᠢᠨ ᠸᠢᠴᠠᠲ ᠤᠨ ᠣᠯᠠᠨ ᠨᠡᠶᠢᠲᠡ ᠶᠢᠨ ᠨᠣᠮᠧᠷ ᠢᠶᠠᠷ ᠳᠠᠮᠵᠢᠭᠤᠯᠤᠨ ᠮᠤᠵᠢ ᠠᠯᠤᠰᠯᠠᠨ ᠤᠨᠳᠤᠤ ᠭᠠᠵᠠᠷ ᠲᠤ ᠡᠪᠡᠳᠴᠢᠨ | ᠦᠵᠡᠭᠦᠯᠬᠦ ᠪᠠᠷ ᠰᠦᠯᠵᠢᠶᠡᠨ ᠳᠡᠭᠡᠷ᠎ᠡ ᠳᠠᠩᠰᠠᠯᠠᠭᠤᠯᠵᠤ ᠪᠣᠯᠤᠨ᠎ᠠ᠃ | ᠮᠤᠵᠢ ᠠᠯᠤᠰᠯᠠᠨ ᠤᠨᠳᠤᠤ ᠭᠠᠵᠠᠷ ᠲᠤ ᠡᠪᠡᠳᠴᠢᠨ ᠦᠵᠡᠭᠦᠯᠬᠦ ᠪᠠᠷ ᠰᠦᠯᠵᠢᠶᠡᠨ ᠳᠡᠭᠡᠷ᠎ᠡ ᠳᠠᠩᠰᠠᠯᠠᠭᠤᠯᠬᠤ ᠳᠤ ᠭᠤᠤᠯᠳᠠᠭᠤ ᠲᠦᠷᠭᠡᠨ | ᠳᠠᠩᠰᠠᠯᠠᠭᠤᠯᠬᠤ᠂ ᠥᠪᠡᠰᠦᠪᠡᠨ ᠳᠠᠩᠰᠠᠯᠠᠬᠤ᠂ ᠣᠷᠣᠨ ᠨᠤᠲᠤᠭ ᠤᠨ ᠲᠠᠪᠴᠠᠩ ᠳᠤ ᠳᠠᠩᠰᠠᠯᠠᠭᠤᠯᠬᠤ ᠪᠠᠭᠲᠠᠨ᠎ᠠ᠃ ᠡᠭᠦᠨ ᠳᠤ᠂ ᠲᠦᠷᠭᠡᠨ ᠳᠠᠩᠰᠠᠯᠠᠭᠤᠯᠬᠤ | ︵ᠬᠥᠮᠦᠨ ᠤ ᠬᠦᠴᠦ ᠪᠠᠷ ᠬᠢᠨᠠᠨ ᠬᠠᠷᠭᠤᠭᠤᠯᠬᠤ ᠳᠤ 2 ᠠᠴᠠ 3 ᠠᠵᠢᠯ ᠤᠨ ᠡᠳᠦᠷ ᠬᠡᠷᠡᠭᠰᠡᠨ᠎ᠡ︶ ᠪᠠ ᠥᠪᠡᠰᠦᠪᠡᠨ ᠳᠠᠩᠰᠠᠯᠠᠬᠤ ︵ᠥᠪᠡᠰᠦᠪᠡᠨ ᠬᠢᠨᠠᠨ | ᠬᠠᠷᠭᠤᠭᠤᠯᠵᠦ᠂ ᠪᠠᠷᠢᠨ ᠲᠤᠤᠷ᠎ᠠ ᠪᠠᠨ ᠬᠦᠴᠦᠨ ᠲᠠᠢ ᠪᠤᠯᠬᠤ︶ ᠭᠡᠳᠡᠭ ᠨᠢ ᠤᠯᠤᠰ ᠤᠨ ᠨᠢᠭᠡᠳᠦᠯᠲᠡᠶ ᠮᠤᠵᠢ ᠠᠯᠤᠰᠯᠠᠨ ᠤᠨᠳᠤᠤ ᠭᠠᠵᠠᠷ ᠲᠤ ᠡᠪᠡᠳᠴᠢᠨ | ᠦᠵᠡᠭᠦᠯᠬᠦ ᠪᠠᠷ ᠰᠦᠯᠵᠢᠶᠡᠨ ᠳᠡᠭᠡᠷ᠎ᠡ ᠳᠠᠩᠰᠠᠯᠠᠭᠤᠯᠬᠤ ᠠᠷᠭ᠎ᠠ ᠵᠠᠮ ᠢ ᠵᠢᠭᠠᠵᠤ ᠪᠤᠢ᠂ ᠲᠡᠷᠡ ᠨᠢ ᠪᠥᠬᠦ ᠤᠯᠤᠰ ᠤᠨ ᠨᠢᠭᠡᠳᠦᠯᠲᠡᠶ ᠲᠥᠯᠥᠪᠯᠡᠭᠰᠡᠨ 243 ᠭᠠᠵᠠᠷ | ᠣᠷᠣᠨ ᠳᠤ ᠲᠦᠷᠭᠡᠨ ᠳᠠᠩᠰᠠᠯᠠᠭᠤᠯᠬᠤ ᠦᠢᠯᠡᠴᠢᠯᠡᠭᠡ ᠬᠠᠩᠭᠠᠵᠤ᠂ ᠨᠢᠭᠡᠳᠦᠯᠲᠡᠶ ᠲᠥᠯᠥᠪᠯᠡᠭᠰᠡᠨ 153 ᠭᠠᠵᠠᠷ ᠣᠷᠣᠨ ᠳᠤ ᠥᠪᠡᠰᠦᠪᠡᠨ ᠳᠠᠩᠰᠠᠯᠠᠬᠤ | ᠦᠢᠯᠡᠴᠢᠯᠡᠭᠡ ᠬᠠᠩᠭᠠᠭᠰᠠᠨ ᠪᠠᠶᠢᠨ᠎ᠠ︔ ᠣᠷᠣᠨ ᠨᠤᠲᠤᠭ ᠤᠨ ᠲᠠᠪᠴᠠᠩ ᠳᠤ ᠳᠠᠩᠰᠠᠯᠠᠭᠤᠯᠬᠤ ᠭᠡᠳᠡᠭ ᠨᠢ ᠳᠠᠭᠠᠳᠬᠠᠯ ᠳᠤ ᠣᠷᠣᠯᠴᠠᠭᠰᠠᠳ ᠤᠨ ᠳᠠᠭᠠᠳᠬᠠᠯ ᠳᠤ | ᠣᠷᠣᠯᠴᠠᠭᠰᠠᠨ ᠭᠠᠵᠠᠷ ᠤᠨ ᠡᠮ ᠡᠮᠨᠡᠯᠭᠡ ᠶᠢᠨ ᠳᠠᠭᠠᠳᠬᠠᠯ ᠢ ᠭᠠᠷᠲᠠᠨ ᠬᠦᠢᠴᠡᠳᠬᠡᠬᠦ ᠴᠣᠩᠬᠤᠪᠴᠢ ᠪᠤᠶᠤ ᠣᠷᠣᠨ ᠨᠤᠲᠤᠭ ᠤᠨ ᠪᠤᠰᠤᠳ ᠰᠦᠯᠵᠢᠶᠡᠨ ᠳᠡᠭᠡᠷ᠎ᠡ | ᠬᠦᠢᠴᠡᠳᠬᠡᠬᠦ ᠠᠷᠭ᠎ᠠ ᠵᠠᠮ ᠢᠶᠠᠷ ᠳᠠᠩᠰᠠᠯᠠᠭᠤᠯᠬᠤ ᠶᠢ ᠵᠢᠭᠠᠵᠤ ᠪᠣᠶ᠃ | ᠤᠯᠤᠰ ᠤᠨ ᠡᠮ ᠡᠮᠨᠡᠯᠭᠡ ᠶᠢᠨ ᠪᠠᠳᠤᠯᠠᠭ᠎ᠠ ᠶᠢᠨ ᠲᠣᠪᠴᠢᠶ᠎ᠠ ᠠᠴᠠ ᠲᠠᠪᠬᠤᠷᠲᠠᠭᠤᠯᠤᠨ ᠳᠠᠩᠰᠠᠯᠠᠭᠤᠯᠬᠤ ᠠᠴᠠ ᠵᠠᠶᠢᠯᠠᠰᠬᠢᠬᠦ ᠶᠢᠨ ᠲᠥᠯᠥᠭᠡ᠂ | ᠳᠠᠭᠠᠳᠬᠠᠯ ᠳᠤ ᠣᠷᠣᠯᠴᠠᠭᠰᠠᠳ ᠨᠢ ᠲᠠᠩᠰᠠᠯᠠᠭᠤᠯᠤᠬᠰᠠᠨ ᠲᠡᠮᠳᠡᠭᠯᠡᠯ ᠢᠶᠠᠨ ᠤᠷᠢᠳ ᠢᠶᠠᠷ ᠠᠰᠠᠭᠤᠨ ᠯᠠᠪᠯᠠᠵᠤ᠂ ᠳᠠᠬᠢᠨ ᠬᠡᠷᠡᠭᠴᠡᠭᠡ ᠪᠠᠨ ᠦᠨᠳᠦᠰᠦᠯᠡᠨ | ᠳᠠᠩᠰᠠᠯᠠᠭᠤᠯᠬᠤ ᠪᠠᠷ ᠭᠤᠶᠤᠴᠢᠯᠠᠵᠤ ᠪᠣᠯᠤᠨ᠎ᠠ᠃ ᠳᠠᠩᠰᠠᠯᠠᠭᠤᠯᠤᠭᠰᠠᠨ ᠲᠡᠮᠳᠡᠭᠯᠡᠯ ᠢᠶᠠᠷ ᠢᠶᠠᠨ ᠠᠳᠠᠯᠢ ᠪᠤᠰᠤ ᠳᠠᠩᠰᠠᠯᠠᠭᠤᠯᠬᠤ ᠠᠷᠭ᠎ᠠ ᠵᠠᠮ ᠢᠶᠠᠷ | ᠳᠠᠩᠰᠠᠯᠠᠭᠤᠯᠤᠭᠰᠠᠨ ᠦᠷ᠎ᠡ ᠳ᠋ᠦᠩ ᠢ ᠠᠰᠠᠭᠤᠨ ᠯᠠᠪᠯᠠᠵᠤ ᠪᠣᠯᠤᠨ᠎ᠠ᠃ | |