2023 ᠣᠨ ᠤ ᠵᠠᠰᠠᠭ ᠤᠨ ᠣᠷᠳᠣᠨ ᠤ ᠬᠡᠷᠡᠭᠯᠡᠭᠡᠨ ᠤ ᠲᠡᠮᠳᠡᠭᠲᠦ ︵ᠨᠢᠭᠡᠳᠦᠭᠡᠷ ᠬᠤᠭᠤᠴᠠᠭ᠎ᠠ︶ ᠲᠠᠷᠬᠠᠭᠠᠬᠤ ᠲᠤᠬᠠᠢ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠭᠠᠳᠠᠭᠠᠳᠤ ᠶᠠᠪᠤᠳᠠᠯ ᠤᠨ ᠠᠯᠪᠠᠨ ᠭᠡᠷ ᠤᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2023/10/27
      ᠮᠠᠨ ᠤ ᠬᠤᠰᠢᠭᠤᠨ ᠤ ᠬᠡᠷᠡᠭᠯᠡᠭᠡᠨ ᠤ ᠬᠡᠪᠴᠢᠶ᠎ᠡ ᠶᠢ ᠤᠯᠠᠮ ᠴᠢᠨᠠᠭᠰᠢᠳᠠ ᠦᠷᠭᠡᠳᠬᠡᠨ᠂ ᠬᠡᠷᠡᠭᠯᠡᠭᠡᠨ ᠤ ᠵᠠᠬ᠎ᠠ ᠳᠡᠯᠭᠡᠭᠦᠷ ᠢ ᠬᠥᠭᠵᠢᠶᠡᠨ ᠲᠠᠢ ᠪᠣᠯᠭᠠᠵᠤ᠂ ᠠᠷᠠᠳ ᠤᠯᠠᠨ ᠤ ᠬᠡᠷᠡᠭᠯᠡᠭᠡᠨ ᠤ ᠬᠡᠷᠡᠭᠴᠡᠭᠡ ᠶᠢ ᠨᠡᠩ ᠰᠠᠶᠢᠨ ᠬᠠᠩᠭᠠᠵᠤ᠂ ᠬᠡᠷᠡᠭᠯᠡᠭᠡ ᠶᠢ ᠠᠬᠢᠭᠤᠯᠤᠨ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠠᠵᠤ ᠠᠬᠤᠢ ᠶᠢ ᠬᠦᠭᠵᠢᠭᠦᠯᠬᠦ ᠶᠢᠨ ᠲᠦᠯᠦᠭᠡ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪᠰᠢᠶᠡᠷᠡᠯ ᠢᠶᠠᠷ ᠳᠡᠮᠵᠢᠨ᠂ ︽指尖上的呼伦贝尔︾ ᠸᠢᠴᠠᠲ ᠤᠨ ᠵᠢᠵᠢᠭ ᠫᠷᠣᠭ᠍ᠷᠠᠮ ᠢᠶᠠᠷ ᠳᠠᠮᠵᠢᠭᠤᠯᠤᠨ ᠡᠯᠧᠺᠲᠷᠣᠨ ᠬᠡᠷᠡᠭᠯᠡᠭᠡᠨ ᠤ ᠲᠡᠮᠳᠡᠭᠲᠦ ᠲᠠᠷᠬᠠᠭᠠᠬᠤ ᠠᠵᠢᠯᠯᠠᠭ᠎ᠠ ᠦᠷᠨᠢᠭᠦᠯᠬᠦ ᠪᠠᠷ ᠪᠣᠯᠪᠠ᠂ ᠣᠳᠤ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄      ᠨᠢᠭᠡ᠂ ᠲᠡᠮᠳᠡᠭᠲᠦ ᠠᠪᠬᠤ ᠪᠠ ᠬᠡᠷᠡᠭᠯᠡᠬᠦ ᠬᠤᠭᠤᠴᠠᠭ᠎ᠠ᠄      ᠲᠡᠮᠳᠡᠭᠲᠦ ᠠᠪᠬᠤ ᠴᠠᠭ᠄ 2023 ᠣᠨ ᠤ 11 ᠰᠠᠷ᠎ᠠ ᠳᠤ᠂ ᠪᠠᠩᠬᠢ ᠶᠢᠨ ᠬᠤᠯᠪᠣᠭ᠎ᠠ ᠶᠢᠨ ᠬᠢᠨᠠᠨ ᠬᠠᠷᠭᠤᠭᠤᠯᠤᠭᠰᠠᠨ ᠬᠤᠳᠠᠯᠳᠤᠭᠠᠨ ᠤ ᠡᠷᠦᠬᠡ ᠶᠢᠨ ᠮᠠᠲ᠋ᠧᠷᠢᠶᠠᠯ ᠪᠠᠲᠤᠯᠠᠭᠳᠠᠭᠰᠠᠨ ᠤ ᠳᠠᠷᠠᠭ᠎ᠠ ᠲᠠᠷᠬᠠᠭᠠᠨ᠎ᠠ᠃      ᠬᠤᠶᠠᠷ᠂ ᠠᠵᠢᠯᠯᠠᠭ᠎ᠠ ᠳᠤ ᠣᠷᠣᠯᠴᠠᠬᠤ ᠬᠦᠮᠦᠰ᠄      ᠬᠤᠰᠢᠭᠤᠨ ᠳᠤ ᠪᠠᠶᠢᠭ᠎ᠠ ᠪᠤᠶ ᠪᠦᠬᠦᠢ ᠬᠥᠮᠥᠰ ︵ᠭᠠᠳᠠᠷ ᠣᠷᠣᠨ ᠠᠴᠠ ᠬᠤᠰᠢᠭᠤᠨ ᠳᠤ ᠢᠷᠡᠭᠰᠡᠨ ᠬᠥᠮᠥᠰ ᠪᠠᠭᠲᠠᠨ᠎ᠠ︶᠃      ᠭᠤᠷᠪᠠ᠂ ᠠᠵᠢᠯᠯᠠᠭ᠎ᠠ ᠶᠢᠨ ᠠᠭᠤᠯᠭ᠎ᠠ᠄      ᠬᠡᠷᠡᠭᠯᠡᠭᠡᠨ ᠤ ᠲᠡᠮᠳᠡᠭᠲᠦ ᠶᠢᠨ ᠶᠡᠷᠦᠩᠬᠡᠢ ᠦᠷᠲᠡᠭ ᠨᠢ 20 ᠲᠦᠮᠡᠨ ᠲᠥᠭᠦᠷᠢᠭ᠃ ᠵᠢᠵᠢᠭᠯᠡᠨ ᠪᠣᠷᠤᠯᠠᠭᠤᠯᠬᠤ ᠢᠳᠡᠭᠡᠨ ᠤᠮᠳᠠᠭᠠᠨ ᠤ ᠬᠡᠷᠡᠭᠯᠡᠭᠡᠨ ᠤ ᠲᠡᠮᠳᠡᠭᠲᠦ᠄ 500 ᠲᠥᠭᠦᠷᠢᠭ ᠤᠨ ᠪᠠᠷᠠᠭ᠎ᠠ ᠬᠤᠳᠠᠯᠳᠤᠨ ᠠᠪᠤᠪᠠᠯ 150 ᠲᠥᠭᠦᠷᠢᠭ ᠬᠠᠰᠤᠵᠤ᠂ 200 ᠲᠥᠭᠦᠷᠢᠭ ᠤᠨ ᠪᠠᠷᠠᠭ᠎ᠠ ᠬᠤᠳᠠᠯᠳᠤᠨ ᠠᠪᠤᠪᠠᠯ 50 ᠲᠥᠭᠦᠷᠢᠭ ᠬᠠᠰᠤᠵᠤ᠂ 100 ᠲᠥᠭᠦᠷᠢᠭ ᠤᠨ ᠪᠠᠷᠠᠭ᠎ᠠ ᠬᠤᠳᠠᠯᠳᠤᠨ ᠠᠪᠤᠪᠠᠯ 20 ᠲᠥᠭᠦᠷᠢᠭ ᠬᠠᠰᠤᠨ᠎ᠠ ᠃      ᠳᠥᠷᠪᠡ᠂ ᠠᠵᠢᠯᠯᠠᠭ᠎ᠠ ᠳᠤ ᠣᠷᠣᠯᠴᠠᠬᠤ ᠬᠤᠳᠠᠯᠳᠤᠭᠠᠨ ᠤ ᠡᠷᠦᠬᠡ ᠶᠢᠨ ᠬᠡᠪᠴᠢᠶ᠎ᠡ      ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠲᠤ ᠳᠠᠩᠰᠠᠯᠠᠭᠤᠯᠤᠭᠰᠠᠨ ᠠᠵᠤ ᠠᠬᠤᠶᠢᠯᠠᠯ ᠬᠢᠭᠡᠳ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ︵ᠤᠯᠤᠰ ᠤᠨ ᠬᠥᠮᠥᠷᠭᠡ᠂ ᠥᠪᠡᠷᠲᠡᠭᠡᠨ ᠵᠠᠰᠠᠬᠤ ᠣᠷᠣᠨ ᠤ ᠬᠥᠮᠥᠷᠭᠡ ᠳᠤ ᠣᠷᠤᠭᠤᠯᠤᠭᠰᠠᠨ ᠬᠤᠳᠠᠯᠳᠤᠭᠠᠨ ᠤ ᠡᠷᠦᠬᠡ︶᠎ ᠪᠠᠷ ᠬᠢᠵᠠᠭᠠᠷᠯᠠᠨ᠎ᠠ᠃      ᠲᠠᠪᠤ᠂ ᠡᠯᠧᠺᠲᠷᠣᠨ ᠬᠡᠷᠡᠭᠯᠡᠭᠡᠨ ᠤ ᠲᠡᠮᠳᠡᠭᠲᠦ ᠠᠪᠬᠤ ᠪᠠ ᠬᠡᠷᠡᠭᠯᠡᠬᠦ ᠠᠷᠭ᠎ᠠ      ᠬᠡᠷᠡᠭᠯᠡᠭᠴᠢᠳ ᠸᠢᠴᠠᠲ ᠳᠡᠭᠡᠷ᠎ᠡ ︽指尖上的呼伦贝尔︾ ᠭᠡᠬᠦ ᠸᠢᠴᠠᠲ ᠤᠨ ᠵᠢᠵᠢᠭ ᠫᠷᠣᠭ᠍ᠷᠠᠮ ᠢᠶᠠᠷ ᠲᠡᠮᠳᠡᠭᠲᠦ ᠠᠪᠬᠤ ᠪᠠ ᠬᠡᠷᠡᠭᠯᠡᠭᠡ ᠬᠢᠵᠦ ᠪᠣᠯᠣᠨ᠎ᠠ᠃      ᠵᠢᠷᠭᠤᠭ᠎ᠠ᠂ ᠬᠡᠷᠡᠭᠯᠡᠭᠡᠨ ᠤ ᠲᠡᠮᠳᠡᠭᠲᠦ ᠶᠢ ᠬᠡᠷᠡᠭᠯᠡᠬᠦ ᠳᠦᠷᠢᠮ      ᠤᠳᠠᠭ᠎ᠠ ᠪᠦᠷᠢ ᠪᠠᠷᠠᠭ᠎ᠠ ᠬᠤᠳᠠᠯᠳᠤᠨ ᠠᠪᠬᠤ ᠳᠤ ᠵᠥᠪᠬᠡᠨ 1 ᠬᠠᠭᠤᠳᠠᠰᠤ ᠡᠯᠧᠺᠲᠷᠣᠨ ᠬᠡᠷᠡᠭᠯᠡᠭᠡᠨ ᠤ ᠲᠡᠮᠳᠡᠭᠲᠦ ᠶᠢ ᠬᠡᠷᠡᠭᠯᠡᠵᠦ ᠪᠣᠯᠣᠨ᠎ᠠ᠂ ᠲᠤᠭ᠎ᠠ ᠬᠡᠮᠵᠢᠶ᠎ᠡ ᠨᠢ ᠬᠢᠵᠠᠭᠠᠷ ᠲᠠᠢ᠂ ᠤᠷᠢᠳᠠᠪᠠᠷ ᠠᠪᠤᠭᠰᠠᠨ ᠨᠢ ᠤᠷᠢᠳᠠᠪᠠᠷ ᠬᠡᠷᠡᠭᠯᠡᠨ᠎ᠡ᠃ ᠬᠡᠷᠡᠭᠯᠡᠭᠡᠨ ᠤ ᠲᠡᠮᠳᠡᠭᠲᠦ ᠶᠢ ᠬᠦᠴᠦᠨ ᠪᠦᠬᠦᠢ ᠬᠤᠭᠤᠴᠠᠭᠠᠨ ᠳᠣᠲᠣᠷ᠎ᠠ ᠠᠵᠢᠯᠯᠠᠭ᠎ᠠ ᠳᠤ ᠣᠷᠣᠯᠴᠠᠭᠰᠠᠨ ᠠᠵᠤ ᠠᠬᠤᠶᠢᠯᠠᠯ ᠳᠤ ᠬᠡᠷᠡᠭᠯᠡᠵᠦ ᠪᠣᠯᠣᠨ᠎ᠠ᠂ ᠨᠢᠭᠡᠨᠲᠡ ᠠᠪᠤᠭᠰᠠᠨ ᠪᠣᠯᠪᠠᠴᠤ ᠬᠤᠭᠤᠴᠠᠭ᠎ᠠ ᠨᠢ ᠥᠩᠭᠡᠷᠡᠭᠡᠳ ᠬᠡᠷᠡᠭᠯᠡᠭᠡᠳᠦᠢ ᠬᠡᠷᠡᠭᠯᠡᠭᠡᠨ ᠤ ᠲᠡᠮᠳᠡᠭᠲᠦ ᠶᠢ ᠬᠦᠴᠦᠨ ᠦᠭᠡᠢ ᠪᠣᠯᠭᠠᠵᠤ ᠬᠤᠷᠢᠶᠠᠨ ᠠᠪᠤᠨ᠎ᠠ᠃      ᠠᠵᠢᠯᠯᠠᠭ᠎ᠠ ᠶᠢᠨ ᠬᠤᠭᠤᠴᠠᠭᠠᠨ ᠳᠤ᠂ ᠡᠯ᠎ᠡ ᠬᠤᠳᠠᠯᠳᠤᠭᠠᠨ ᠤ ᠡᠷᠦᠬᠡ ᠡᠵᠡᠩᠨᠡᠯᠲᠡ ᠪᠠᠨ ᠴᠢᠩᠭ᠎ᠠ ᠵᠢᠷᠤᠮᠵᠢᠭᠤᠯᠵᠤ᠂ ᠬᠡᠷᠪᠡ ᠬᠡᠷᠡᠭᠯᠡᠭᠡᠨ ᠤ ᠲᠡᠮᠳᠡᠭᠲᠦ ᠶᠢᠨ ᠵᠠᠷᠤᠳᠠᠯ ᠤᠨ ᠬᠠᠭᠤᠳᠠᠰᠤ ᠪᠠᠷ ᠪᠡᠯᠡᠨ ᠵᠣᠭᠤᠰ ᠮᠡᠬᠡᠯᠡᠨ ᠠᠪᠬᠤ᠂ ᠡᠳ᠋ ᠤᠨ ᠵᠠᠰᠠᠭ ᠤᠨ ᠪᠡᠯᠡ ᠮᠥᠩᠭᠦ ᠶᠢ ᠮᠡᠬᠡᠯᠡᠨ ᠠᠪᠬᠤ ᠵᠡᠷᠭᠡ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠬᠢᠬᠦ᠂ ᠡᠰᠡᠬᠦᠯ᠎ᠡ ᠬᠤᠳᠠᠯ ᠬᠠᠭᠤᠷᠮᠠᠭ ᠴᠢᠨᠠᠷ ᠮᠠᠭᠤ ᠪᠠᠷᠠᠭ᠎ᠠ ᠲᠠᠸᠠᠷ ᠬᠤᠳᠠᠯᠳᠤᠬᠤ᠂ ᠮᠠᠭᠤ ᠪᠠᠷ ᠰᠠᠶᠢᠨ ᠢ ᠣᠷᠣᠯᠠᠭᠤᠯᠬᠤ᠂ ᠬᠤᠳᠠᠯ ᠢᠶᠠᠷ ᠦᠨ᠎ᠡ ᠬᠠᠳᠠᠬᠤ ᠵᠡᠷᠭᠡ ᠲᠣᠭᠲᠠᠭᠠᠯ ᠠᠴᠠ ᠵᠥᠷᠢᠴᠡᠭᠰᠡᠨ ᠡᠵᠡᠩᠨᠡᠯᠲᠡ ᠶᠢᠨ ᠦᠶᠯᠡ ᠠᠵᠢᠯᠯᠠᠭ᠎ᠠ ᠡᠭᠦᠰᠪᠡᠯ᠂ ᠲᠣᠰ ᠬᠤᠳᠠᠯᠳᠤᠭᠠᠨ ᠤ ᠡᠷᠦᠬᠡ᠂ ᠡᠵᠡᠩᠨᠡᠯᠲᠡ ᠶᠢᠨ ᠲᠠᠯᠠᠪᠤᠷ ᠭᠠᠵᠠᠷ ᠤᠨ ᠲᠣᠰ ᠤᠳᠠᠭᠠᠨ ᠤ ᠬᠡᠷᠡᠭᠯᠡᠭᠡᠨ ᠤ ᠲᠡᠮᠳᠡᠭᠲᠦ ᠶᠢ ᠬᠡᠷᠡᠭᠯᠡᠬᠦ ᠳᠤ ᠣᠷᠣᠯᠴᠠᠬᠤ ᠬᠢᠷᠢ ᠬᠡᠮ ᠢ ᠨᠢ ᠬᠦᠴᠦᠨ ᠦᠭᠡᠢ ᠪᠣᠯᠭᠠᠵᠤ᠂ ᠪᠠᠶᠢᠳᠠᠯ ᠨᠢ ᠬᠦᠨᠳᠦ ᠨᠣᠴᠢᠲᠠᠢ ᠪᠠᠶᠢᠪᠠᠯ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠳᠤ ᠰᠢᠯᠵᠢᠭᠦᠯᠦᠨ ᠲᠤᠰᠢᠶᠠᠵᠤ ᠬᠠᠤᠯᠢ ᠶᠣᠰᠣᠭᠠᠷ ᠵᠣᠬᠢᠬᠤ ᠬᠠᠷᠢᠭᠤᠴᠠᠯᠭ᠎ᠠ ᠨᠡᠬᠡᠮᠵᠢᠯᠡᠨ᠎ᠡ᠃                                             2023 ᠣᠨ ᠤ 10 ᠰᠠᠷ᠎ᠠ ᠶᠢᠨ 25᠎ ᠤ ᠡᠳᠦᠷ 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ