ᠲᠠᠷᠢᠮᠠᠯ ᠤᠨ ᠭᠠᠩ ᠢ ᠡᠰᠡᠷᠭᠦᠴᠡᠬᠦ ᠠᠷᠭ᠎ᠠ ᠪᠠᠷᠢᠯ ᠳᠤ ᠶᠠᠮᠠᠷ ᠬᠡᠳᠦᠨ ᠵᠦᠢᠯ ᠪᠠᠶᠢᠳᠠᠭ ᠪᠤᠢ
ᠨᠡᠶᠢᠲᠡᠯᠡᠭᠰᠡᠨ ᠴᠠᠭ᠄
2023/10/27
      ᠨᠢᠭᠡ᠂ ᠰᠢᠷ᠎ᠠ ᠪᠤᠷᠴᠠᠭ ᠤᠨ ᠭᠠᠩ ᠢ ᠡᠰᠡᠷᠭᠦᠴᠡᠬᠦ ᠠᠷᠭ᠎ᠠ ᠪᠠᠷᠢᠯ ᠳᠤ ᠭᠤᠣᠯᠳᠠᠭᠤ ᠳᠣᠣᠷᠠᠬᠢ ᠬᠡᠳᠦᠨ ᠵᠦᠢᠯ ᠪᠤᠢ︖      1. ᠤᠰᠥᠨ ᠤ ᠡᠬᠢ ᠰᠤᠷᠪᠤᠯᠵᠢ ᠶᠢ ᠢᠳᠡᠪᠬᠢᠲᠡᠢ ᠮᠠᠯᠲᠠᠵᠤ᠂ ᠤᠰᠤ ᠨᠥᠬᠦᠪᠦᠷᠢᠯᠡᠬᠦ ᠬᠤᠳᠳᠤᠭ ᠨᠡᠮᠡᠵᠦ ᠮᠠᠯᠲᠠᠨ᠂ ᠤᠰᠤᠯᠠᠯᠲᠠ ᠪᠠᠨ ᠢᠯᠭᠤᠮ ᠪᠣᠯᠭᠠᠨ᠎ᠠ᠃      2. ᠤᠰᠥᠨ ᠳᠤ ᠭᠠᠮᠲᠠᠢ ᠤᠰᠤᠯᠠᠬᠤ ᠠᠷᠭ᠎ᠠ ᠶᠢ ᠳᠡᠯᠭᠡᠷᠡᠭᠦᠯᠦᠨ᠎ᠡ᠃ ᠲᠠᠷᠢᠶᠠᠨ ᠳᠠᠯᠠᠩ ᠤᠨ ᠬᠠᠵᠠᠭᠤ ᠪᠠᠷ ᠭᠤᠤ ᠮᠠᠯᠲᠠᠵᠤ᠂ ᠤᠰᠤ ᠨᠡᠪᠴᠢᠷᠡᠭᠦᠯᠦᠨ ᠤᠰᠤᠯᠠᠬᠤ᠂ ᠲᠦᠰᠦᠷᠭᠡᠨ ᠤᠰᠤᠯᠠᠬᠤ ᠵᠡᠷᠭᠡ ᠠᠷᠭ᠎ᠠ ᠪᠠᠷ ᠤᠰᠤᠯᠠᠬᠤ ᠶᠢᠨ ᠬᠠᠮᠲᠤ ᠰᠥᠨᠢ ᠥᠨᠵᠢᠭᠡᠳ ᠨᠢᠮᠭᠡᠨ ᠰᠢᠷᠣᠢ ᠪᠠᠷ ᠳᠠᠷᠤᠵᠤ ᠪᠤᠯᠤᠳᠠᠬᠤ ᠠᠷᠭ᠎ᠠ ᠪᠠᠷ ᠤᠰᠤ ᠨᠥᠬᠦᠪᠦᠷᠢᠯᠡᠬᠦ ᠪᠠ ᠴᠢᠬᠢᠭ ᠢ ᠬᠠᠮᠠᠭᠠᠯᠠᠨ᠎ᠠ᠃      3. ᠰᠢᠷ᠎ᠠ ᠪᠤᠷᠴᠠᠭ ᠢᠶᠠᠨ ᠳᠠᠷᠢᠭᠰᠠᠨ ᠤ ᠳᠠᠷᠠᠭ᠎ᠠ ᠪᠠᠶᠢᠴᠠᠭᠠᠬᠤ ᠠᠵᠢᠯ ᠢᠶᠠᠨ ᠳᠠᠷᠦ᠋ᠢᠬᠠᠨ ᠬᠢᠵᠦ᠂ ᠳᠠᠷᠢᠭᠰᠠᠨ ᠤ ᠳᠠᠷᠠᠭᠠᠬᠢ 3 - 5 ᠬᠤᠨᠤᠭ ᠪᠣᠯᠪᠠᠯ ᠴᠢᠬᠢᠭ ᠤᠨ ᠪᠠᠶᠢᠳᠠᠯ ᠢ ᠡᠬᠢᠯᠡᠨ ᠪᠠᠶᠢᠴᠠᠭᠠᠵᠤ᠂ ᠰᠦᠶ᠎ᠡ ᠬᠠᠳᠠᠭᠰᠠᠨ᠂ ᠦᠷ᠎ᠡ ᠦᠬᠦᠭᠰᠡᠨ ᠭᠠᠵᠠᠷ ᠲᠤ ᠴᠠᠭ ᠲᠤᠬᠠᠢ ᠳᠤ ᠨᠢ ᠤᠰᠤᠯᠠᠨ ᠨᠥᠬᠦᠵᠦ ᠳᠠᠷᠢᠬᠤ  ᠬᠡᠷᠡᠭᠲᠡᠢ᠃ ᠴᠢᠬᠢᠯᠡᠭᠰᠡᠨ ᠤ ᠳᠠᠷᠠᠭ᠎ᠠ ᠴᠢᠬᠢ ᠶᠢᠨ ᠪᠠᠶᠢᠳᠠᠯ ᠢ ᠪᠠᠶᠢᠴᠠᠭᠠᠵᠤ᠂ ᠰᠦᠷᠡᠬᠡᠢ ᠭᠠᠩᠳᠠᠭᠰᠠᠨ ᠭᠠᠵᠠᠷ ᠲᠤ ᠤᠰᠤᠯᠠᠬᠤ ᠬᠡᠷᠡᠭᠲᠡᠢ᠃ ᠴᠢᠬᠢᠯᠡᠬᠦ ᠠᠴᠠ ᠡᠮᠦᠨ᠎ᠡ ᠤᠷᠭᠤᠮᠠᠯ ᠤᠨ ᠰᠦᠶ᠎ᠡ ᠶᠢᠨ ᠪᠠᠶᠢᠳᠠᠯ ᠢ ᠪᠠᠶᠢᠴᠠᠭᠠᠵᠤ᠂ ᠴᠢᠬᠢᠯᠡᠭᠰᠡᠨ ᠨᠢ ᠵᠢᠭᠳᠡ ᠦᠭᠡᠢ ᠭᠠᠵᠠᠷ ᠲᠤ ᠳᠠᠷᠦ᠋ᠢᠬᠠᠨ ᠨᠥᠬᠦᠵᠦ ᠳᠠᠷᠢᠬᠤ ᠬᠡᠷᠡᠭᠲᠡᠢ᠃      4. ᠰᠢᠷ᠎ᠠ ᠪᠤᠷᠴᠠᠭ ᠴᠢᠬᠢᠯᠡᠭᠰᠡᠨ ᠤ ᠳᠠᠷᠠᠭ᠎ᠠ ᠬᠤᠭ ᠡᠪᠡᠰᠦ ᠶᠢ ᠨᠢ ᠳᠠᠷᠦ᠋ᠢᠬᠠᠨ ᠠᠷᠢᠯᠭᠠᠵᠤ᠂ ᠲᠠᠷᠢᠶᠠᠨ ᠭᠠᠵᠠᠷ ᠤᠨ ᠤᠰᠥᠨ ᠤ ᠬᠤᠷᠣᠭᠳᠠᠯ ᠢ ᠪᠠᠭᠠᠰᠬᠠᠬᠤ  ᠬᠡᠷᠡᠭᠲᠡᠢ᠃      5. ᠬᠥᠷᠥᠰᠥᠨ ᠤ ᠴᠢᠬᠢᠭ ᠠᠨᠠᠶᠢᠬᠠᠨ ᠪᠥᠭᠡᠳ ᠤᠰᠥᠨ ᠤ ᠡᠬᠢ ᠰᠤᠷᠪᠤᠯᠵᠢ ᠭᠦᠢᠴᠡᠳ ᠦᠭᠡᠢ ᠦᠶ᠎ᠡ ᠳᠤ ᠬᠥᠷᠥᠰᠥ ᠰᠤᠯᠠᠷᠠᠭᠤᠯᠬᠤ ᠪᠣᠯᠣᠨ ᠠᠷᠴᠢᠵᠤ ᠳᠠᠩᠨᠠᠪᠠᠯ ᠴᠢᠬᠢᠭ ᠢ ᠬᠠᠮᠠᠭᠠᠯᠠᠨ ᠭᠠᠩᠳᠠᠬᠤ ᠠᠴᠠ ᠰᠡᠷᠭᠡᠶᠢᠯᠡᠬᠦ ᠳᠤ ᠠᠰᠢᠭᠲᠠᠢ ᠪᠠᠶᠢᠳᠠᠭ᠃      ᠬᠤᠶᠠᠷ᠂ ᠤᠰᠥᠨ ᠲᠤᠲᠤᠷᠭ᠎ᠠ ᠶᠢᠨ ᠭᠠᠩ ᠢ ᠡᠰᠡᠷᠭᠦᠴᠡᠬᠦ ᠲᠠᠷᠢᠶᠠᠨ ᠠᠵᠢᠯ ᠤᠨ ᠬᠠᠮᠢᠶᠠᠷᠤᠯᠲᠠ ᠶᠢᠨ ᠮᠡᠷᠭᠡᠵᠢᠯ ᠳᠤ ᠶᠠᠮᠠᠷ ᠬᠡᠳᠦᠨ ᠵᠦᠢᠯ ᠪᠠᠶᠢᠳᠠᠭ ᠪᠤᠢ︖       1. ᠤᠰᠥᠨ ᠤ ᠡᠬᠢ ᠰᠤᠷᠪᠤᠯᠵᠢ ᠶᠢ ᠢᠳᠡᠪᠬᠢᠲᠡᠢ ᠨᠡᠭᠡᠭᠡᠵᠦ᠂ ᠤᠰᠥᠨ ᠲᠤᠲᠤᠷᠭ᠎ᠠ ᠶᠢᠨ ᠤᠷᠭᠤᠯᠲᠠ ᠶᠢᠨ ᠪᠦᠬᠦ ᠬᠤᠭᠤᠴᠠᠭᠠᠨ ᠳᠤ ᠬᠡᠷᠡᠭᠰᠡᠬᠦ ᠤᠰᠥᠨ ᠤ  ᠬᠡᠮᠵᠢᠶ᠎ᠡ ᠶᠢ ᠰᠠᠶᠢᠲᠤᠷ ᠲᠥᠯᠥᠪᠯᠡᠬᠦ ᠬᠡᠷᠡᠭᠲᠡᠢ᠃      2. ᠤᠰᠥᠨ ᠳᠤ ᠭᠠᠮᠲᠠᠢ ᠤᠰᠤᠯᠠᠬᠤ ᠮᠡᠷᠭᠡᠵᠢᠯ ᠢ ᠳᠡᠯᠭᠡᠷᠡᠭᠦᠯᠦᠨ᠂ ᠰᠢᠨᠵᠢᠯᠡᠬᠦ ᠤᠬᠠᠭᠠᠨᠴᠢ ᠪᠠᠷ ᠤᠰᠤ ᠠᠷᠪᠢᠯᠠᠬᠤ ᠬᠡᠷᠡᠭᠲᠡᠢ᠃ ᠠᠰᠢᠭᠲᠤ ᠪᠤᠳᠠᠯᠠᠬᠤ ᠬᠤᠭᠤᠴᠠᠭᠠᠨ ᠠᠴᠠ ᠡᠮᠦᠨ᠎ᠡ ᠭᠦᠢᠬᠡᠨ ᠤᠰᠤ ᠪᠠᠷ ᠤᠰᠤᠯᠠᠬᠤ ᠪᠠᠷ ᠭᠤᠣᠯᠯᠠᠵᠤ᠂ ᠠᠰᠢᠭᠲᠤ ᠪᠤᠳᠠᠯᠠᠬᠤ ᠬᠤᠭᠤᠴᠠᠭ᠎ᠠ ᠲᠡᠭᠦᠰᠬᠦ ᠦᠶ᠎ᠡ ᠳᠤ ᠤᠰᠤ ᠶᠢ ᠨᠢ  ‍ᠠᠷᠦ᠋ᠢᠬᠠᠨ ᠭᠠᠳᠠᠭᠰᠢᠯᠠᠭᠤᠯᠤᠭᠠᠳ ᠳᠠᠷᠢᠶ᠎ᠠ ᠪᠠᠨ 7 - 10 ᠬᠤᠨᠤᠭ ᠡᠪᠡᠷᠡᠭᠡᠵᠦ᠂ ᠬᠠᠲᠠᠭᠤᠷᠠᠵᠤ ᠪᠣᠯᠪᠠᠰᠤᠷᠠᠬᠤ ᠬᠤᠭᠤᠴᠠᠭᠠᠨ ᠳᠤ ᠨᠢ ᠴᠢᠬᠢᠭ ᠲᠠᠢ ᠠᠴᠠ ᠨᠢ  ᠬᠠᠭᠤᠷᠠᠶᠢᠰᠢᠭᠤᠯᠤᠨ᠎ᠠ᠃      3. ᠬᠡᠷᠪᠡ ᠳᠠᠷᠢᠭᠰᠠᠨ ᠤ ᠳᠠᠷᠠᠭ᠎ᠠ ᠶᠡᠭᠡ ᠳᠠᠯᠠᠪᠠᠢ ᠪᠠᠷ ᠭᠠᠩᠳᠠᠬᠤ ᠳᠤ ᠬᠦᠷᠪᠡᠯ ᠬᠤᠭ ᠡᠪᠡᠰᠦ ᠶᠢ ᠨᠢ ᠳᠠᠷᠦ᠋ᠢᠬᠠᠨ ᠠᠷᠢᠯᠭᠠᠬᠤ ᠬᠡᠷᠡᠭᠲᠡᠢ᠃      4. ᠤᠰᠥᠨ ᠤ ᠡᠬᠢ ᠰᠤᠷᠪᠤᠯᠵᠢ ᠬᠦᠷᠦᠯᠴᠡᠬᠦ ᠦᠭᠡᠢ ᠭᠠᠵᠠᠷ ᠣᠷᠣᠨ ᠳᠤ ᠭᠠᠩᠳᠠᠬᠤ ᠶᠢ ᠰᠡᠷᠭᠡᠶᠢᠯᠡᠬᠦ ᠡᠳ᠋ ᠬᠡᠷᠡᠭᠯᠡᠬᠦ ᠪᠤᠶᠤ ᠪᠦᠲᠡᠭᠡᠯᠭᠡ ᠪᠠᠨ ᠵᠤᠵᠠᠭᠠᠯᠠᠬᠤ ᠵᠡᠷᠭᠡ ᠠᠷᠭ᠎ᠠ ᠪᠠᠷ ᠴᠢᠬᠢᠭ ᠠᠴᠠ ᠬᠠᠮᠠᠭᠠᠯᠠᠨ ᠭᠠᠩ ᠢ ᠡᠰᠡᠷᠭᠦᠴᠡᠨ᠎ᠡ᠃
ᠢᠷᠡᠯᠲᠡ᠄ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ