ᠴᠠᠭ ᠦᠶ᠎ᠡ ᠠᠷᠠᠳ ᠲᠦᠮᠡᠨ ᠤ ᠪᠠᠨ ᠥᠨᠢ ᠡᠭᠦᠷᠢᠳᠡ ᠶᠢᠨ ᠲᠠᠯ᠎ᠠ ᠨᠤᠲᠤᠭ ᠤᠨ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠪᠣᠯᠣᠶ᠎ᠠ
ᠨᠡᠶᠢᠲᠡᠯᠡᠭᠰᠡᠨ ᠴᠠᠭ᠄
2023/10/31
     ᠣᠶᠢᠷ᠎ᠠ ᠳᠤ᠂ ᠲᠠᠪᠤᠳᠤᠭᠠᠷ ᠬᠤᠭᠤᠴᠠᠭᠠᠨ ᠤ ︽ᠲᠠᠯ᠎ᠠ ᠨᠤᠲᠤᠭ ᠤᠨ ᠠᠯᠲᠠᠨ ᠨᠠᠮᠤᠷ︾ ᠥᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠳᠠᠭᠤᠤ ᠬᠦᠭᠵᠢᠮ ᠤᠨ ᠤᠷᠤᠯᠳᠤᠭᠠᠨ ᠠᠯᠠᠱᠠᠨ ᠠᠶᠢᠮᠠᠭ ᠤᠨ ᠡᠵᠡᠨ᠎ᠡ ᠬᠤᠰᠢᠭᠤᠨ ᠳᠤ ᠶᠠᠪᠤᠭᠳᠠᠵᠤ᠂ ᠮᠠᠨ ᠤ ᠬᠤᠰᠢᠭᠤᠨ ᠤ ᠤᠯᠠᠭᠠᠨᠮᠦ᠋ᠴᠢᠷ ᠤᠨ ᠲᠣᠭᠯᠠᠭᠴᠢ ᠴᠣᠯᠮᠣᠨ ᠤᠷᠲᠤ ᠶᠢᠨ ᠳᠠᠭᠤᠤ ᠶᠢᠨ ᠳᠤᠭᠤᠶᠢᠯᠠᠩ ᠤᠨ ᠭᠤᠷᠪᠠᠳᠤᠭᠠᠷ ᠳᠡᠰ ᠤᠨ ᠱᠠᠩᠨᠠᠯ ᠢ ᠬᠦᠷᠲᠡᠭᠰᠡᠨ ᠪᠠᠶᠢᠨ᠎ᠠ᠃
10.31乌兰牧骑2.jpg
     ᠰᠤᠷᠪᠤᠯᠵᠢᠯᠠᠭᠴᠢ ᠬᠤᠰᠢᠭᠤᠨ ᠤ ᠤᠯᠠᠭᠠᠨᠮᠦ᠋ᠴᠢᠷ ᠲᠤ ᠬᠦᠷᠬᠦ ᠳᠤ᠂ ᠴᠣᠯᠮᠣᠨ ᠶᠠᠭ ︽ᠠᠷᠠᠳ ᠤᠨ ᠤᠷᠲᠤ ᠶᠢᠨ ᠳᠠᠭᠤᠤ︾ ᠶᠢᠨ ᠪᠣᠯᠪᠠᠰᠤᠷᠠᠯ ᠤᠨ ᠬᠠᠷᠢᠭᠤ ᠮᠡᠳᠡᠭᠦᠯᠦᠯᠲᠡ ᠶᠢᠨ ᠲᠣᠭᠯᠠᠯᠲᠠ ᠳᠤ ᠣᠷᠣᠯᠴᠠᠬᠤ ᠪᠠᠷ ᠪᠡᠯᠡᠳᠬᠡᠵᠦ ᠪᠠᠶᠢᠪᠠ᠃ ᠲᠡᠷᠡ ᠦᠪᠡᠷᠲᠡᠭᠡᠨ ᠵᠠᠰᠠᠬᠤ ᠣᠷᠣᠨ ᠤ ᠳᠡᠰ ᠤᠨ ᠱᠠᠩᠨᠠᠯ ᠬᠦᠷᠲᠡᠭᠰᠡᠨ ᠤ ᠳᠠᠷᠠᠭᠠᠬᠢ ᠲᠦᠷᠦᠭᠳᠡᠯ ᠢᠶᠠᠨ᠂ ᠡᠨᠡᠬᠦ ᠢᠷᠠᠭᠤ ᠠᠯᠳᠠᠷ ᠨᠢ ᠵᠥᠪᠬᠡᠨ ᠮᠢᠨᠤ ᠬᠤᠪᠢ ᠬᠦᠮᠦᠨ ᠤ ᠬᠢ ᠪᠢᠰᠢ᠂ ᠬᠠᠷᠢᠨ ᠮᠠᠨ ᠤ ᠪᠦᠬᠦ ᠲᠣᠭᠯᠠᠭᠴᠢᠳ ᠤᠨ ᠬᠠᠮᠲᠤ ᠶᠢᠨ ᠴᠢᠷᠮᠠᠶᠢᠯᠭ᠎ᠠ ᠶᠢᠨ ᠦᠷ᠎ᠡ ᠳ᠋ᠦᠩ ᠪᠣᠯᠣᠨ᠎ᠠ ᠭᠡᠵᠦ ᠶᠠᠷᠢᠵᠤ ᠪᠠᠶᠢᠪᠠ᠃
10.31乌兰牧骑1.jpg
     ᠤᠷᠲᠤ ᠬᠤᠭᠤᠴᠠᠭᠠᠨ ᠤ ᠲᠤᠷᠰᠢ᠂ ᠮᠠᠨ ᠤ ᠬᠤᠰᠢᠭᠤᠨ ᠤ ᠤᠯᠠᠭᠠᠨᠮᠦ᠋ᠴᠢᠷ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠨᠠᠮ ᠤᠨ ᠠᠤᠭ᠎ᠠ ᠭᠠᠪᠢᠶ᠎ᠠ ᠵᠢᠳᠬᠦᠯ ᠢ ᠮᠠᠭᠲᠠᠨ ᠳᠠᠭᠤᠯᠠᠵᠤ᠂ ᠨᠠᠮ ᠤᠨ ᠱᠤᠭᠤᠮ ᠴᠢᠭᠯᠡᠯᠲᠡ ᠲᠦᠷᠥ ᠶᠢᠨ ᠪᠣᠳᠣᠯᠭ᠎ᠠ ᠶᠢ ᠤᠬᠠᠭᠤᠯᠤᠨ᠂ ︽ᠨᠠᠮ ᠤᠨ ᠠᠴᠢ ᠡᠨᠡᠷᠢᠯ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠣᠨ᠂ ᠨᠠᠮ ᠢᠶᠠᠨ ᠳᠠᠭᠠᠬᠤ︾ ᠢᠲᠡᠭᠡᠯ ᠵᠣᠷᠢᠭ ᠢ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠡᠳᠬᠢᠯ ᠳᠤ ᠰᠢᠩᠭᠡᠭᠡᠨ᠂ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠤᠨ ᠦᠢᠯᠡᠳᠦᠯ ᠢ ᠪᠠᠳᠠᠷᠠᠭᠤᠯᠤᠭᠰᠠᠭᠠᠷ ᠢᠷᠡᠪᠡ᠃     ᠰᠢᠨ᠎ᠡ ᠴᠠᠭ ᠦᠶ᠎ᠡ ᠳᠤ᠂ ᠡᠬᠡ ᠤᠯᠤᠰ ᠤᠨ ᠤᠮᠠᠷᠠᠲᠤ ᠬᠢᠯᠢ ᠳᠤ ᠪᠠᠶᠢᠭ᠎ᠠ ᠡᠨᠡᠬᠦ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠨᠢ ᠨᠠᠮ ᠪᠠ ᠠᠷᠠᠳ ᠲᠦᠮᠡᠨ ᠳᠡᠭᠡᠨ ᠦᠨᠡᠨᠴᠢ ᠰᠢᠳᠤᠷᠭᠤ ᠪᠠᠶᠢᠵᠤ᠂ ᠪᠣᠳᠠᠲᠤ ᠠᠵᠢᠯᠯᠠᠭ᠎ᠠ ᠪᠠᠷ ᠢᠶᠠᠨ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠤᠯᠠᠭᠠᠨᠮᠦ᠋ᠴᠢᠷ ᠤᠨ ᠡᠨᠡᠬᠦ ᠲᠤᠭ ᠢ ᠡᠨᠡ ᠰᠠᠶᠢᠬᠠᠨ ᠲᠠᠯ᠎ᠠ ᠨᠤᠲᠤᠭ ᠲᠤ ᠭᠡᠵᠢᠶᠡᠳᠡ ᠦᠨᠳᠦᠷ ᠮᠠᠨᠳᠤᠭᠤᠯᠵᠤ ᠶᠠᠪᠤᠬᠤ ᠨᠢ ᠯᠠᠪᠲᠠᠢ ᠶᠤᠮ᠃                            ᠰᠤᠷᠪᠤᠯᠵᠢᠯᠠᠭᠴᠢ᠄ ᠰᠣᠯᠣᠩᠭᠤᠸ᠎ᠠ  ᠡᠾᠧ ᠵᠢᠩ   ᠶᠢᠦ ᠮᠢᠩ 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ