ᠲᠦᠷᠦᠭᠦᠬᠡᠨ᠂ ᠲᠥᠷᠥ ᠶᠢᠨ ᠶᠠᠪᠤᠳᠠᠯ ᠤᠨ ᠬᠤᠷᠢᠶ᠎ᠠ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ | ᠲᠠᠷᠬᠠᠭᠠᠪᠠ᠂ ᠡᠨᠡ ᠪᠣᠯ ᠥᠪᠥᠷ ᠮᠣᠩᠭᠤᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠦᠯᠬᠢᠨ ᠠᠬᠢᠭᠤᠯᠬᠤ ᠪᠠᠰᠠ ᠨᠢᠭᠡ ᠤᠳᠠᠭᠠᠨ ᠤ ᠴᠢᠬᠤᠯᠠ ᠶᠡᠭᠡ | ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ᠂ ᠲᠡᠦᠬᠡ ᠶᠢᠨ ᠠᠵᠠ ᠲᠣᠬᠢᠶᠠᠯ ᠮᠥᠨ᠂ ᠡᠨᠡ ᠨᠢ ᠥᠪᠥᠷ ᠮᠣᠩᠭᠤᠯ ᠤᠨ ᠬᠥᠭᠵᠢᠯᠲᠡ ᠶᠢᠨ ᠲᠡᠦᠬᠡᠨ ᠳᠤ ᠬᠥᠰᠢᠶ᠎ᠡ | ᠳᠤᠷᠠᠰᠬᠠᠯ ᠤᠨ ᠴᠢᠨᠠᠷᠲᠠᠢ ᠠᠴᠢ ᠬᠤᠯᠪᠣᠭᠳᠠᠯ ᠲᠠᠢ ᠶᠤᠮ᠃ ︽ᠰᠠᠨᠠᠯ︾ ᠢ ᠨᠡᠶᠢᠲᠡᠯᠡᠭᠰᠡᠨ ᠨᠢ ᠰᠢᠨ᠎ᠡ ᠪᠠᠷᠭᠤ ᠪᠠᠷᠠᠭᠤᠨ ᠬᠤᠰᠢᠭᠤᠨ ᠳᠤ ᠴᠢᠩᠭ᠎ᠠ ᠲᠤᠰᠬᠠᠯ | ᠭᠠᠷᠭᠠᠪᠠ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠥᠪᠥᠷ | ᠮᠣᠩᠭᠤᠯ ᠳᠠᠬᠢ ᠬᠠᠶᠢᠷ᠎ᠠ ᠬᠠᠯᠠᠮᠵᠢ ᠪᠣᠯᠣᠨ ᠬᠦᠰᠡᠯ ᠨᠠᠶᠢᠳᠠᠯᠭ᠎ᠠ ᠶᠢ ᠭᠦᠨᠵᠡᠭᠡᠢ ᠣᠶᠢᠯᠠᠭᠠᠵᠤ᠂ ᠨᠠᠮ ᠤᠨ ᠠᠴᠢ ᠲᠤᠰᠠ ᠶᠢ ᠨᠡᠩ ᠴᠢᠩ ᠰᠡᠳᠬᠢᠯ ᠠᠴᠠ ᠪᠠᠨ | ᠮᠡᠳᠡᠷᠡᠵᠦ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ | ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠢ ᠪᠦᠲᠦᠭᠡᠨ ᠪᠠᠶᠢᠭᠤᠯᠬᠤ ᠰᠢᠨ᠎ᠡ ᠠᠶᠠᠨ ᠳᠤ | ᠰᠢᠨ᠎ᠡ ᠪᠠᠷᠭᠤ ᠪᠠᠷᠠᠭᠤᠨ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠪᠠᠷ ᠴᠢᠷᠮᠠᠶᠢᠨ᠎ᠠ᠃ | | | | ︽ᠰᠠᠨᠠᠯ︾ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠮᠠᠷᠠᠲᠤ ᠬᠢᠯᠢ ᠶᠢᠨ ᠠᠮᠤᠷ | ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠬᠡᠷᠡᠭᠲᠡᠢ ᠭᠡᠵᠦ ᠲᠣᠳᠣᠷᠬᠠᠢ ᠳᠤᠷᠠᠳᠤᠨ ᠭᠠᠷᠭᠠᠪᠠ᠃ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ | ᠵᠥᠪᠯᠡᠯ ᠤᠨ ᠨᠠᠮ ᠤᠨ ᠭᠡᠰᠢᠭᠦᠨ ᠺᠠᠳ᠋ᠷᠴᠤᠳ᠂ ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ ᠤᠨ ᠬᠤᠪᠢ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠰᠢᠵᠢᠮ ᠪᠣᠯᠭᠠᠵᠤ᠂ ᠤᠬᠠᠭᠤᠯᠭ᠎ᠠ ᠬᠥᠮᠦᠵᠢᠯ ᠪᠠ ᠤᠨᠤᠯ ᠤᠨ ᠰᠤᠳᠤᠯᠭᠠᠨ ᠤ ᠰᠢᠰᠲ᠋ᠧᠮ ᠢ ᠪᠠᠶᠢᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠬᠦᠷᠢᠶ᠎ᠡ ᠬᠡᠪᠴᠢᠶ᠎ᠡ᠂ ᠱᠠᠲᠤ ᠬᠤᠪᠢᠶᠠᠨ | ᠨᠠᠶᠢᠳᠠᠪᠤᠷᠢᠵᠢᠭᠤᠯᠤᠨ ᠨᠠᠷᠢᠯᠢᠭ ᠨᠠᠶᠢᠳᠠᠪᠤᠷᠢᠵᠢᠭᠤᠯᠵᠤ᠂ ︽ᠭᠤᠷᠪᠠᠨ ᠵᠦᠢᠯ ᠤᠨ ᠲᠥᠯᠥᠪᠯᠡᠭᠡ︾ ᠶᠢ ᠨᠠᠷᠢᠨ ᠬᠢᠨᠠᠮᠠᠭᠠᠢ ᠬᠡᠷᠡᠭᠵᠢᠭᠦᠯᠵᠦ᠂ ᠠᠵᠢᠯ ᠤᠨ | ᠠᠴᠢᠶᠠᠯᠠᠪᠤᠷᠢ ᠶᠢᠨ ᠰᠢᠨ᠎ᠡ ᠶᠢ ᠳᠠᠰᠤᠷᠠᠯᠳᠠ ᠦᠭᠡᠢ ᠡᠭᠦᠳᠴᠦ᠂ ᠠᠵᠢᠯ ᠤᠨ ᠠᠷᠭ᠎ᠠ ᠶᠢᠨ ᠰᠢᠨ᠎ᠡ ᠶᠢ ᠡᠭᠦᠳᠴᠦ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠳᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠪᠠᠷ ᠬᠠᠷᠠᠯᠲᠠ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢ ᠡᠭᠦᠳᠦᠨ | ᠪᠠᠶᠢᠭᠤᠯᠬᠤ ᠠᠵᠢᠯ ᠢ ᠳᠠᠰᠤᠷᠠᠯᠳᠠ ᠦᠭᠡᠢ ᠭᠦᠨᠵᠡᠭᠡᠶᠢᠷᠡᠭᠦᠯᠦᠨ᠎ᠡ ᠭᠡᠵᠦ ᠢᠯᠡᠳᠬᠡᠪᠡ᠃ | ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠨᠠᠮ ᠤᠨ ᠭᠡᠰᠢᠭᠦᠨ ᠺᠠᠳ᠋ᠷᠴᠤᠳ᠂ ︽ᠰᠠᠨᠠᠯ︾ | ᠪᠣᠯ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠵᠢᠯᠤᠭᠤᠳᠬᠤ ᠬᠥᠲᠥᠯᠪᠦᠷᠢ ᠶᠢᠨ ᠴᠢᠨᠠᠷᠲᠠᠢ ᠪᠢᠴᠢᠭ ᠮᠠᠲ᠋ᠧᠷᠢᠶᠠᠯ ᠪᠣᠯᠣᠨ᠎ᠠ᠃ ᠬᠤᠶᠢᠰᠢᠳᠠ | ᠲᠠᠯᠠᠷᠬᠠᠯ ᠤᠨ ᠰᠡᠳᠬᠢᠯ ᠪᠣᠯᠣᠨ ᠡᠷᠡᠯᠬᠡᠭᠯᠡᠨ ᠤᠷᠤᠭᠰᠢᠯᠠᠬᠤ ᠵᠣᠷᠢᠭ ᠢᠶᠠᠷ ︽ᠰᠠᠨᠠᠯ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠵᠤ᠂ | ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ︽ᠰᠠᠨᠠᠯ︾ ᠤᠨ ᠱᠠᠭᠠᠷᠳᠠᠯᠭ᠎ᠠ ᠳᠡᠭᠡᠷ᠎ᠡ ᠨᠢᠭᠡᠳᠬᠡᠵᠦ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠲᠠᠢ ᠨᠢᠭᠲᠠ | ᠤᠶᠠᠯᠳᠤᠭᠤᠯᠤᠨ᠂ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠵᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢᠨ ᠤᠶᠠᠯᠳᠤᠯ ᠤᠨ | ᠴᠡᠭ ᠪᠠ ᠭᠠᠷᠳᠠᠬᠤ ᠴᠡᠭ ᠢ ᠣᠨᠣᠪᠴᠢᠲᠠᠶ ᠡᠷᠢᠨ ᠣᠯᠵᠤ᠂ ᠠᠷᠠᠳ ᠤᠨ ᠠᠮᠢᠳᠤᠷᠠᠯ ᠤᠨ ᠲᠥᠷᠥᠯ ᠵᠦᠢᠯ ᠢ ᠭᠦᠨᠵᠡᠭᠡᠢ ᠬᠡᠷᠡᠭᠵᠢᠭᠦᠯᠦᠨ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠪᠡ᠃ | | |