ᠰᠢᠨ᠎ᠡ ᠪᠠᠷᠭᠤ ᠪᠠᠷᠠᠭᠤᠨ ᠬᠤᠰᠢᠭᠤᠨ ᠤ 2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠠᠵᠢᠯ ᠤᠨ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/10/9
      ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠠᠵᠢᠯ ᠢ ᠤᠯᠠᠮ ᠴᠢᠨᠠᠭᠰᠢᠳᠠ ᠰᠠᠶᠢᠲᠤᠷ ᠬᠢᠬᠦ ᠶᠢᠨ ᠲᠥᠯᠦᠭᠡ᠂ ︽2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠬᠦ ᠲᠤᠬᠠᠢ ᠮᠡᠳᠡᠭᠳᠡᠯ︾ ︵ᠬᠦᠯᠦᠨ ᠪᠣᠶᠢᠷ ᠡᠮᠴᠢᠯᠡᠭᠡᠨ ᠤ ᠪᠠᠲᠤᠯᠠᠭ᠎ᠠ ﹇2023﹈ 24 ᠳ᠋ᠦ᠋ᠭᠡᠷ ᠲᠣᠭᠠᠲᠤ︶᠎ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠣᠳᠤ 2024 ᠣᠨ ᠤ ᠮᠠᠨ ᠤ ᠬᠤᠰᠢᠭᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠠᠵᠢᠯ ᠤᠨ ᠬᠤᠯᠪᠣᠭᠳᠠᠯ ᠪᠦᠬᠦᠢ ᠵᠦᠢᠯᠡᠰ ᠢ ᠮᠡᠳᠡᠭᠳᠡᠶ᠎ᠡ᠄      ᠨᠢᠭᠡ᠂ ᠰᠦᠢᠳᠬᠡᠯ ᠲᠤᠰᠢᠶᠠᠬᠤ ᠪᠠᠷᠢᠮᠵᠢᠶ᠎ᠠ      ᠡᠩ ᠤᠨ ᠨᠠᠰᠤᠨ ᠳᠤ ᠬᠦᠷᠦᠭᠰᠡᠳ ᠪᠠ ᠨᠠᠰᠤᠨ ᠳᠤ ᠦᠯᠦ ᠬᠦᠷᠦᠭᠰᠡᠳ᠄ ᠰᠦᠢᠳᠬᠡᠯ ᠲᠤᠰᠢᠶᠠᠬᠤ ᠪᠠᠷᠢᠮᠵᠢᠶ᠎ᠠ ᠨᠢ ᠬᠦᠮᠦᠨ ᠪᠦᠷᠢ ᠵᠢᠯ ᠳᠤ 400 ᠲᠦᠬᠦᠷᠢᠭ︔      ᠳᠣᠣᠷ᠎ᠠ ᠪᠠᠲᠤᠯᠠᠭᠠᠲᠤ ᠡᠷᠦᠬᠡ᠂ ᠶᠠᠳᠠᠭᠤᠷᠠᠭᠰᠠᠨ ᠪᠠ ᠳᠠᠬᠢᠨ ᠶᠠᠳᠠᠭᠤᠷᠠᠭᠰᠠᠨ ᠬᠦᠮᠦᠨ ᠠᠮᠠ᠄ ᠬᠦᠮᠦᠨ ᠪᠦᠷᠢ ᠵᠢᠯ ᠳᠤ 200 ᠲᠦᠬᠦᠷᠢᠭ︔     ᠬᠦᠨᠳᠦ ᠵᠡᠮᠳᠡᠭ ᠬᠦᠮᠦᠰ᠄ ᠬᠦᠮᠦᠨ ᠪᠦᠷᠢ ᠵᠢᠯ ᠳᠤ 200 ᠲᠦᠬᠦᠷᠢᠭ︔      ᠣᠨᠴᠠ ᠬᠦᠴᠢᠷᠳᠡᠯᠲᠡᠢ ᠬᠦᠮᠦᠰ᠂ ᠦᠨᠦᠴᠢᠨ ᠬᠡᠦᠬᠡᠳ ᠪᠠ ᠦᠨᠡᠨᠬᠦ ᠠᠰᠠᠷᠠᠨ ᠲᠡᠵᠢᠭᠡᠬᠦ ᠬᠦᠮᠦᠨ ᠦᠭᠡᠢ ᠬᠡᠦᠬᠡᠳ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠰᠦᠢᠳᠬᠡᠯ ᠢ ᠡᠮᠴᠢᠯᠡᠭᠡ ᠶᠢᠨ ᠠᠪᠤᠷᠠᠨ ᠲᠤᠰᠠᠯᠠᠬᠤ ᠰᠠᠭᠤᠷᠢ ᠮᠦᠩᠭᠦ ᠠᠴᠠ ᠪᠦᠬᠦ ᠲᠤᠭ᠎ᠠ ᠪᠠᠷ ᠨᠦᠬᠦᠪᠦᠷᠢᠯᠡᠵᠦ᠂ ᠵᠡᠮᠳᠡᠭᠴᠦᠳ ᠢ ᠵᠡᠮᠳᠡᠭᠴᠦᠳ ᠤᠨ ᠬᠤᠯᠪᠣᠭᠠᠲᠤ ᠬᠤᠷᠠᠯ ᠠᠴᠠ ᠰᠦᠢᠳᠬᠡᠯ ᠲᠤᠰᠢᠶᠠᠨ ᠥᠭᠬᠦ ᠶᠢ ᠬᠠᠷᠢᠭᠤᠴᠠᠵᠤ᠂ ᠬᠤᠪᠢ ᠬᠦᠮᠦᠨ ᠰᠦᠢᠳᠬᠡᠯ ᠲᠤᠰᠢᠶᠠᠬᠤ ᠦᠭᠡᠢ ︵ᠡᠭᠦᠨ ᠳᠤ ᠳᠣᠣᠷ᠎ᠠ ᠪᠠᠲᠤᠯᠠᠭᠠᠲᠤ ᠡᠷᠦᠬᠡ ᠶᠢᠨ ᠨᠡᠷᠡᠰ ᠢ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠠᠴᠠ ᠬᠠᠩᠭᠠᠨ᠎ᠠ︔ ᠶᠠᠳᠠᠭᠤᠷᠠᠭᠰᠠᠨ ᠪᠠ ᠳᠠᠬᠢᠨ ᠶᠠᠳᠠᠭᠤᠷᠠᠭᠰᠠᠨ ᠬᠦᠮᠦᠨ ᠠᠮᠠ ᠶᠢᠨ ᠨᠡᠷᠡᠰ ᠢ ᠬᠦᠳᠡᠭᠡ ᠲᠣᠰᠬᠤᠨ ᠢ ᠬᠦᠭᠵᠢᠭᠦᠯᠦᠨ ᠮᠠᠨᠳᠤᠭᠤᠯᠬᠤ ᠰᠠᠯᠠᠭ᠎ᠠ ᠮᠦᠴᠢᠷ ᠠᠴᠠ ᠬᠠᠩᠭᠠᠨ᠎ᠠ ︔ ᠵᠡᠮᠳᠡᠭ ᠬᠦᠮᠦᠰ ᠤᠨ ᠨᠡᠷᠡᠰ ᠢ ᠵᠡᠮᠳᠡᠭᠴᠦᠳ ᠤᠨ ᠬᠤᠯᠪᠣᠭᠠᠲᠤ ᠬᠤᠷᠠᠯ ᠠᠴᠠ ᠬᠠᠩᠭᠠᠨ᠎ᠠ︶᠃      ᠬᠤᠶᠠᠷ᠂ ᠲᠦᠪᠯᠡᠷᠡᠭᠦᠯᠦᠨ ᠰᠦᠢᠳᠬᠡᠯ ᠲᠤᠰᠢᠶᠠᠬᠤ ᠬᠤᠭᠤᠴᠠᠭ᠎ᠠ ᠬᠢᠭᠡᠳ ᠣᠯᠭᠤᠮᠵᠢ ᠡᠳ᠋ᠯᠡᠬᠦ ᠬᠤᠭᠤᠴᠠᠭ᠎ᠠ᠄      2023 ᠣᠨ ᠤ 9 ᠰᠠᠷ᠎ᠠ ᠶᠢᠨ 1᠎ ᠤ ᠡᠳᠦᠷ ᠠᠴᠠ 2023 ᠣᠨ ᠤ 12 ᠰᠠᠷ᠎ᠠ ᠶᠢᠨ 31᠎ ᠤ ᠡᠳᠦᠷ ᠪᠣᠯᠲᠠᠯ᠎ᠠ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠶᠢ ᠰᠢᠨ᠎ᠡ ᠪᠠᠷ ᠭᠦᠢᠴᠡᠳᠬᠡᠭᠰᠡᠨ ᠪᠠ 2023 ᠣᠨ ᠤ 9 ᠰᠠᠷ᠎ᠠ ᠶᠢᠨ 1᠎ ᠤ ᠡᠳᠦᠷ ᠠᠴᠠ 2024 ᠣᠨ ᠤ 3 ᠰᠠᠷ᠎ᠠ ᠶᠢᠨ 20᠎ ᠤ ᠡᠳᠦᠷ ᠪᠣᠯᠲᠠᠯ᠎ᠠ ᠦᠷᠬᠦᠯᠵᠢᠯᠡᠨ ᠳᠠᠭᠠᠳᠬᠠᠯ ᠬᠢᠬᠦ ᠶᠢ ᠭᠦᠢᠴᠡᠳᠬᠡᠭᠰᠡᠨ ᠰᠠᠭᠤᠭᠠᠯᠢ ᠠᠷᠠᠳ ᠤᠨ ᠣᠯᠭᠤᠮᠵᠢ ᠬᠦᠷᠲᠡᠬᠦ ᠬᠤᠭᠤᠴᠠᠭ᠎ᠠ ᠨᠢ 2024 ᠣᠨ ᠤ 1 ᠰᠠᠷ᠎ᠠ ᠶᠢᠨ 1᠎ ᠤ ᠡᠳᠦᠷ ᠠᠴᠠ 2024 ᠣᠨ ᠤ 12 ᠰᠠᠷ᠎ᠠ ᠶᠢᠨ 31᠎ ᠤ ᠡᠳᠦᠷ ᠪᠣᠯᠣᠨ᠎ᠠ᠃      ᠭᠤᠷᠪᠠ᠂ ᠦᠷᠬᠦᠯᠵᠢᠯᠡᠨ ᠳᠠᠭᠠᠳᠬᠠᠯ ᠬᠢᠬᠦ ᠬᠦᠮᠦᠰ ᠤᠨ ᠬᠡᠪ ᠤᠨ ᠰᠦᠢᠳᠬᠡᠯ ᠲᠤᠰᠢᠶᠠᠬᠤ ᠬᠡᠯᠪᠡᠷᠢ᠄      ᠨᠢᠭᠡ ᠳᠤ ᠦᠷᠬᠦᠯᠵᠢᠯᠡᠨ ᠳᠠᠭᠠᠳᠬᠠᠯ ᠬᠢᠬᠦ ᠬᠦᠮᠦᠰ᠂ ᠬᠢᠨᠠᠨ ᠲᠣᠭᠲᠠᠭᠠᠬᠤ ᠴᠢᠬᠤᠯᠠ ᠦᠭᠡᠢ ᠦᠪᠡᠰᠦᠪᠡᠨ ᠰᠦᠯᠵᠢᠶᠡᠨ ᠳᠡᠭᠡᠷ᠎ᠡ ᠡᠰᠡᠭᠦᠯ᠎ᠡ ᠲᠤᠬᠠᠢ ᠶᠢᠨ ᠲᠠᠯᠠᠪᠤᠷ ᠲᠤ ᠣᠴᠢᠨ ᠰᠦᠢᠳᠬᠡᠯ ᠲᠤᠰᠢᠶᠠᠵᠤ ᠪᠣᠯᠣᠨ᠎ᠠ᠃ ᠭᠠᠶᠢᠯᠢ ᠶᠢᠨ ᠶᠠᠪᠤᠳᠠᠯ ᠤᠨ ᠰᠠᠯᠠᠭ᠎ᠠ ᠮᠦᠴᠢᠷ ᠤᠨ ᠸᠢᠴᠠᠲ ᠤᠨ ᠵᠢᠵᠢᠭ ᠫᠷᠦᠭᠷᠡᠮ ︵ᠬᠤᠲᠠ ᠶᠢᠨ ᠦᠢᠯᠡᠴᠢᠯᠡᠭᠡ︶᠂ ᠲᠣᠭᠠᠴᠠᠭ᠎ᠠ ᠬᠢᠬᠦ ᠡᠷᠳᠡᠨᠢ ︵ᠬᠤᠲᠠ ᠶᠢᠨ ᠠᠷᠠᠳ ᠤᠨ ᠦᠢᠯᠡᠴᠢᠯᠡᠭᠡᠨ ᠤ ᠲᠥᠪ︶᠂ ᠮᠦᠩᠬᠡ ᠰᠤᠪᠠᠭ APP᠂ ᠦᠪᠦᠷ ᠮᠣᠩᠭᠤᠯ ᠤᠨ ᠭᠠᠶᠢᠯᠢ ᠶᠢᠨ ᠶᠠᠪᠤᠳᠠᠯ ᠤᠨ APP ᠵᠡᠷᠭᠡ ᠶᠢ ᠬᠡᠷᠡᠭᠯᠡᠨ ᠰᠦᠯᠵᠢᠶᠡᠨ ᠳᠡᠭᠡᠷ᠎ᠡ ᠰᠦᠢᠳᠬᠡᠯ ᠲᠤᠰᠢᠶᠠᠵᠤ ᠪᠣᠯᠣᠨ᠎ᠠ︔ ︵ᠰᠦᠯᠵᠢᠶᠡᠨ ᠳᠡᠭᠡᠷ᠎ᠡ ᠰᠦᠢᠳᠬᠡᠯ ᠲᠤᠰᠢᠶᠠᠬᠤ ᠳᠤ ᠬᠤᠭᠤᠴᠠᠭ᠎ᠠ ᠨᠢ 2024 ᠣᠨ ᠢ ᠰᠣᠩᠭᠤᠨ᠂ ᠨᠡᠶᠢᠭᠡᠮ ᠤᠨ ᠳᠠᠭᠠᠳᠬᠠᠯ ᠤᠨ ᠭᠠᠷᠳᠠᠨ ᠬᠢᠬᠦ ᠪᠠᠶᠢᠭᠤᠯᠤᠮᠵᠢ ᠨᠢ ᠲᠠᠨ ᠤ ᠳᠠᠭᠠᠳᠬᠠᠯ ᠳᠤ ᠣᠷᠣᠯᠴᠠᠭᠰᠠᠨ ᠭᠠᠵᠠᠷ ᠤᠨ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠦᠴᠢᠷ ᠢ ᠰᠣᠩᠭᠤᠨ᠎ᠠ᠂ ᠵᠢᠱᠢᠶᠡᠯᠡᠪᠡᠯ ᠰᠢᠨ᠎ᠡ ᠪᠠᠷᠭᠤ ᠪᠠᠷᠠᠭᠤᠨ ᠬᠤᠰᠢᠭᠤᠨ ᠳᠤ ᠳᠠᠭᠠᠳᠬᠠᠯ ᠳᠤ ᠣᠷᠣᠯᠴᠠᠭᠰᠠᠨ ᠪᠣᠯ ᠳᠠᠷᠤᠢ ᠰᠢᠨ᠎ᠡ ᠪᠠᠷᠭᠤ ᠪᠠᠷᠠᠭᠤᠨ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢ ᠰᠣᠩᠭᠤᠨ᠎ᠠ︶᠃      ᠬᠤᠶᠠᠷ ᠲᠤ ᠠᠷᠠᠳ ᠤᠨ ᠳᠦᠭᠦᠮ ᠦᠵᠡᠭᠦᠯᠬᠦ ᠶᠡᠷᠦᠩᠬᠡᠶᠢᠯᠡᠭᠰᠡᠨ ᠠᠰᠠᠷ ᠤᠨ ᠨᠢᠭᠡᠳᠦᠭᠡᠷ ᠳᠠᠪᠬᠤᠷᠭ᠎ᠠ ᠶᠢᠨ ᠶᠡᠭᠡ ᠲᠢᠩᠬᠢᠮ ᠤᠨ ᠭᠠᠶᠢᠯᠢ ᠶᠢᠨ ᠶᠠᠪᠤᠳᠠᠯ ᠤᠨ ᠴᠣᠩᠬᠤᠪᠴᠢ ᠳᠤ ᠬᠦᠷᠴᠦ ᠰᠦᠯᠵᠢᠶᠡᠨ ᠤ ᠭᠠᠳᠠᠨ᠎ᠠ ᠲᠤᠬᠠᠢ ᠶᠢᠨ ᠲᠠᠯᠠᠪᠤᠷ ᠲᠤ ᠪᠠᠩᠭᠢ ᠶᠢᠨ ᠺᠠᠷᠲ ᠢᠶᠠᠷ ᠰᠦᠢᠳᠬᠡᠯ ᠲᠤᠰᠢᠶᠠᠵᠤ ᠪᠣᠯᠣᠨ᠎ᠠ᠃      ᠳᠥᠷᠪᠡ᠂ ᠣᠨᠴᠠ ᠬᠠᠷᠠᠭᠠᠯᠵᠠᠯ ᠬᠦᠷᠳᠡᠵᠦ ᠪᠠᠶᠢᠭ᠎ᠠ ᠬᠦᠮᠦᠰ ᠤᠨ ᠰᠦᠢᠳᠬᠡᠯ ᠲᠤᠰᠢᠶᠠᠬᠤ ᠬᠡᠯᠪᠡᠷᠢ᠄      ︵ᠨᠢᠭᠡ︶ ᠳᠣᠣᠷ᠎ᠠ ᠪᠠᠲᠤᠯᠠᠭᠠᠲᠤ ᠡᠷᠦᠬᠡ᠂ ᠶᠠᠳᠠᠭᠤᠷᠠᠭᠰᠠᠨ ᠪᠠ ᠳᠠᠬᠢᠨ ᠶᠠᠳᠠᠭᠤᠷᠠᠭᠰᠠᠨ ᠬᠦᠮᠦᠨ ᠠᠮᠠ ᠶᠢᠨ ᠡᠮ ᠡᠮᠨᠡᠯᠭᠡ ᠶᠢᠨ ᠳᠠᠭᠠᠳᠬᠠᠯ ᠢ ᠭᠠᠷᠳᠠᠨ ᠬᠢᠬᠦ ᠪᠠᠶᠢᠭᠤᠯᠤᠮᠵᠢ ᠠᠴᠠ ᠨᠢᠭᠡᠳᠦᠯᠲᠡᠢ ᠬᠢᠨᠠᠨ ᠲᠣᠭᠲᠠᠭᠠᠭᠰᠠᠨ ᠤ ᠳᠠᠷᠠᠭ᠎ᠠ᠂ ᠬᠤᠪᠢ ᠬᠦᠮᠦᠨ ᠦᠪᠡᠰᠦᠪᠡᠨ ᠰᠦᠢᠳᠬᠡᠯ ᠲᠤᠰᠢᠶᠠᠵᠤ ᠪᠣᠯᠣᠨ᠎ᠠ᠃      ︵ᠬᠤᠶᠠᠷ︶ ᠳᠠᠭᠠᠳᠬᠠᠯ ᠳᠤ ᠰᠢᠨ᠎ᠡ ᠪᠠᠷ ᠣᠷᠣᠯᠴᠠᠭᠰᠠᠨ᠂ ᠳᠠᠭᠠᠳᠬᠠᠯ ᠢᠶᠠᠨ ᠲᠠᠰᠤᠯᠤᠭᠰᠠᠨ ᠵᠡᠷᠭᠡ ᠬᠦᠮᠦᠰ ᠬᠦᠴᠦᠨ ᠪᠦᠬᠦᠢ ᠪᠡᠶ᠎ᠡ ᠶᠢᠨ ᠦᠨᠡᠮᠯᠡᠯ ᠢᠶᠠᠨ ᠠᠪᠴᠤ ᠡᠮ ᠡᠮᠨᠡᠯᠭᠡ ᠶᠢᠨ ᠳᠠᠭᠠᠳᠬᠠᠯ ᠤᠨ ᠭᠠᠷᠳᠠᠨ ᠬᠢᠬᠦ ᠪᠠᠶᠢᠭᠤᠯᠤᠮᠵᠢ ᠳᠤ ᠬᠦᠷᠴᠦ ᠬᠢᠨᠠᠨ ᠲᠣᠭᠲᠠᠭᠰᠠᠨ ᠤ ᠳᠠᠷᠠᠭ᠎ᠠ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠦᠴᠢᠷ ᠲᠤ ᠬᠦᠷᠴᠦ ᠰᠦᠢᠳᠬᠡᠯ ᠲᠤᠰᠢᠶᠠᠨ᠎ᠠ᠃      ︵ᠭᠤᠷᠪᠠ︶ ᠰᠢᠨ᠎ᠡ ᠲᠦᠷᠦᠭᠰᠡᠨ ᠬᠡᠦᠬᠡᠳ᠃ ᠨᠢᠭᠡ ᠳᠤ ᠳᠠᠭᠠᠳᠬᠠᠯ ᠳᠤ ᠣᠷᠣᠯᠴᠠᠬᠤ ᠬᠡᠪ ᠤᠨ ᠳᠠᠩᠰᠠᠯᠠᠯᠲᠠ ᠬᠢᠨ᠎ᠡ᠃ ᠬᠤᠶᠠᠷ ᠲᠤ ᠳᠠᠭᠠᠳᠬᠠᠯ ᠳᠤ ᠣᠷᠣᠯᠴᠠᠬᠤ ᠳᠠᠩᠰᠠᠯᠠᠯᠲᠠ ᠬᠢᠬᠦ ᠠᠴᠠ ᠡᠮᠦᠨ᠎ᠡ ᠦᠬᠦᠭᠰᠡᠨ᠃      ︵ᠳᠦᠷᠪᠡ︶ ᠰᠤᠷᠤᠭᠴᠢ ᠰᠦᠢᠳᠬᠡᠯ ᠲᠤᠰᠢᠶᠠᠬᠤ᠄ ᠰᠤᠷᠭᠠᠭᠤᠯᠢ ᠳᠤ ᠪᠠᠶᠢᠭ᠎ᠠ ᠰᠤᠷᠤᠭᠴᠢ ᠳᠠᠭᠠᠳᠬᠠᠯ ᠳᠤ ᠣᠷᠣᠯᠴᠠᠬᠤ ᠳᠤ᠂ ᠰᠤᠷᠭᠠᠭᠤᠯᠢ ᠠᠴᠠ ᠨᠢᠭᠡᠳᠦᠯᠲᠡᠢ ᠬᠤᠷᠢᠶᠠᠨ᠎ᠠ᠃      ︵ᠲᠠᠪᠤ︶ ᠪᠣᠰᠣᠳ ᠭᠠᠵᠠᠷ ᠤᠨ ᠡᠷᠦᠬᠡ ᠠᠮᠠ ᠲᠠᠢ ᠬᠦᠮᠦᠰ᠄ ᠪᠣᠰᠣᠳ ᠭᠠᠵᠠᠷ ᠤᠨ ᠡᠷᠦᠬᠡ ᠠᠮᠠ ᠲᠠᠢ᠂ ᠭᠡᠪᠡᠴᠦ ᠮᠠᠨ ᠤ ᠬᠤᠰᠢᠭᠤᠨ ᠳᠤ ᠤᠷᠲᠤ ᠬᠤᠭᠤᠴᠠᠭ᠎ᠠ ᠪᠠᠷ ᠰᠠᠭᠤᠷᠢᠰᠢᠵᠤ ᠪᠠᠶᠢᠭ᠎ᠠ ᠬᠦᠮᠦᠰ᠂ ᠣᠷᠣᠰᠢᠨ ᠰᠠᠭᠤᠬᠤ ᠭᠡᠷᠡᠴᠢ ᠪᠣᠶᠤ ᠤᠷᠲᠤ ᠬᠤᠭᠤᠴᠠᠭ᠎ᠠ ᠪᠠᠷ ᠰᠠᠭᠤᠷᠢᠰᠢᠭᠰᠠᠨ ᠭᠡᠷᠡᠴᠢ ᠬᠠᠩᠭᠠᠨ᠎ᠠ᠂ ᠡᠰᠡᠭᠦᠯ᠎ᠡ ᠳᠠᠭᠠᠳᠬᠠᠯ ᠳᠤ ᠣᠷᠣᠯᠴᠠᠭᠰᠠᠨ ᠦᠭᠡᠢ ᠠᠮᠠᠯᠠᠯᠲᠠ ᠶᠢᠨ ᠪᠢᠴᠢᠭ ᠲᠤ ᠭᠠᠷ ᠤᠨ ᠦᠰᠦᠭ ᠵᠢᠷᠤᠪᠠᠯ ᠰᠢᠨ᠎ᠡ ᠪᠠᠷᠭᠤ ᠪᠠᠷᠠᠭᠤᠨ ᠬᠤᠰᠢᠭᠤᠨ ᠤ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠪᠣᠯᠣᠨ᠎ᠠ᠃      ᠲᠠᠪᠤ᠂ ᠬᠦᠯᠢᠶᠡᠬᠦ ᠬᠤᠭᠤᠴᠠᠭ᠎ᠠ᠄      ᠰᠢᠨ᠎ᠡ ᠲᠦᠷᠦᠭᠰᠡᠨ ᠬᠡᠦᠬᠡᠳ᠂ ᠰᠠᠭᠠᠳ ᠦᠭᠡᠢ ᠵᠠᠮ ᠭᠠᠷᠭᠠᠵᠤ ᠳᠠᠭᠠᠳᠬᠠᠯ ᠳᠤ ᠣᠷᠣᠯᠴᠠᠭᠰᠠᠨ ᠣᠨᠴᠠᠭᠠᠢ ᠬᠦᠮᠦᠰ᠂ ᠲᠦᠪᠯᠡᠷᠡᠭᠦᠯᠦᠨ ᠰᠦᠢᠳᠬᠡᠯ ᠲᠤᠰᠢᠶᠠᠬᠤ ᠬᠤᠭᠤᠴᠠᠭᠠᠨ ᠳᠤ ᠳᠠᠭᠠᠳᠬᠠᠯ ᠳᠤ ᠣᠷᠣᠯᠴᠠᠭᠰᠠᠨ ᠬᠤᠲᠠ ᠬᠦᠳᠡᠭᠡ ᠶᠢᠨ ᠰᠠᠭᠤᠭᠠᠯᠢ ᠠᠷᠠᠳ᠂ ᠠᠵᠢᠯᠲᠠᠨ ᠤ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠪᠠᠨ ᠵᠣᠭᠰᠣᠵᠤ 3 ᠰᠠᠷ᠎ᠠ ᠶᠢᠨ ᠳᠣᠲᠣᠷ᠎ᠠ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠬᠦᠮᠦᠰ ᠵᠢᠴᠢ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠢ ᠬᠦᠮᠦᠰ ᠵᠡᠷᠭᠡ ᠣᠨᠴᠠᠭᠠᠢ ᠬᠦᠮᠦᠰ ᠲᠤ ᠴᠦᠮ ᠬᠦᠯᠢᠶᠡᠬᠦ ᠬᠤᠭᠤᠴᠠᠭ᠎ᠠ ᠲᠣᠭᠲᠠᠭᠠᠬᠤ ᠦᠭᠡᠢ᠃       ᠸᠢᠴᠠᠲ ᠢᠶᠠᠷ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠶᠠᠪᠤᠴᠠ᠄      1. ᠸᠢᠴᠠᠲ ᠤᠨ ᠵᠢᠵᠢᠭ ᠫᠷᠦᠭᠷᠡᠮ / ᠬᠤᠲᠠ ᠶᠢᠨ ᠦᠢᠯᠡᠴᠢᠯᠡᠭᠡᠨ ᠤ ᠨᠢᠭᠤᠷ ᠲᠤ ᠣᠷᠣᠨ᠎ᠠ︔      2. ︽ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ︾᠎ ᠶᠢ ᠡᠷᠢᠵᠦ᠂ ︽ᠦᠪᠦᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ︾᠎ ᠶᠢ ᠰᠣᠩᠭᠤᠨ᠎ᠠ︔      3. ᠵᠢᠵᠢᠭ ᠫᠷᠦᠭᠷᠡᠮ ᠳᠤ ᠣᠷᠣᠭᠰᠠᠨ ᠤ ᠳᠠᠷᠠᠭ᠎ᠠ᠂ ᠠᠩᠭᠠᠭ ᠬᠡᠷᠡᠭᠯᠡᠬᠦ ᠳᠤ ᠭᠠᠷ ᠤᠲᠠᠰᠤᠨ ᠤ ᠨᠣᠮᠧᠷ ᠢᠶᠠᠷ ᠳᠠᠩᠰᠠᠯᠠᠭᠤᠯᠤᠨ᠎ᠠ︔      4. ︽ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ︾᠎ ᠢ ᠰᠣᠩᠭᠤᠵᠤ᠂ ᠳᠠᠷᠠᠭᠠᠴᠢ ᠶᠢᠨ ᠠᠯᠬᠤᠮ ᠢ ᠳᠠᠷᠤᠨ᠎ᠠ︔      5. ᠡᠩ ᠤᠨ ᠨᠠᠰᠤᠨ ᠳᠤ ᠬᠦᠷᠦᠭᠰᠡᠳ ᠪᠠ ᠨᠠᠰᠤᠨ ᠳᠤ ᠦᠯᠦ ᠬᠦᠷᠦᠭᠰᠡᠳ ᠪᠦᠬᠦ ᠵᠢᠯ ᠤᠨ ᠰᠦᠢᠳᠬᠡᠯ ᠢᠶᠠᠨ ᠲᠤᠰᠢᠶᠠᠬᠤ ᠳᠤ᠂ ︽ᠪᠡᠶ᠎ᠡ ᠪᠠᠨ ᠳᠠᠭᠠᠭᠠᠵᠤ ᠰᠦᠢᠳᠬᠡᠯ ᠲᠤᠰᠢᠶᠠᠬᠤ︾᠎ ᠶᠢ ᠰᠣᠩᠭᠤᠵᠤ᠂ ᠰᠦᠢᠳᠬᠡᠯ ᠲᠤᠰᠢᠶᠠᠬᠤ ᠣᠨ ᠨᠢ ︽2024︾᠎ ᠶᠢ ᠰᠣᠩᠭᠤᠵᠤ᠂ ︽ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ︾᠎ ᠢ ᠰᠣᠩᠭᠤᠵᠤ᠂ ᠲᠤᠰᠢᠶᠠᠬᠤ ᠶᠣᠰᠣᠲᠠᠢ ᠰᠦᠢᠳᠬᠡᠯ ᠤᠨ ᠲᠤᠭ᠎ᠠ ᠶᠢ ︽400︾᠎ ᠶᠢ ᠰᠣᠩᠭᠤᠵᠤ᠂ ︽ᠲᠤᠰᠢᠶᠠᠬᠤ︾ ᠳᠠᠷᠤᠪᠴᠢ ᠶᠢ ᠲᠣᠪᠴᠢᠳᠠᠨ᠎ᠠ᠃      6. ︽ᠡᠭᠦᠯᠡᠨ ᠰᠦᠢᠳᠬᠡᠯ ᠲᠤᠰᠢᠶᠠᠬᠤ ᠶᠢ ᠨᠡᠶᠢᠳᠡᠮ ᠬᠡᠷᠡᠭᠯᠡᠬᠦ︾᠎ ᠳᠤ ᠣᠷᠣᠵᠤ ᠰᠦᠢᠳᠬᠡᠯ ᠲᠤᠰᠢᠶᠠᠬᠤ ᠶᠢ ᠪᠡᠶᠡᠯᠡᠭᠦᠯᠦᠨ᠎ᠡ᠃      ᠲᠣᠭᠠᠴᠠᠭ᠎ᠠ ᠡᠷᠳᠡᠨᠢ ᠪᠠᠷ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠶᠠᠪᠤᠴᠠ᠄      1. ᠲᠣᠭᠠᠴᠠᠭ᠎ᠠ ᠡᠷᠳᠡᠨᠢ - ᠬᠡᠷᠡᠭᠯᠡᠭᠡᠨ ᠤ ᠫᠷᠦᠭᠷᠡᠮ - ᠬᠤᠲᠠ ᠶᠢᠨ ᠠᠷᠠᠳ ᠤᠨ ᠲᠥᠪ ᠲᠤ ᠣᠷᠣᠨ᠎ᠠ᠃      2. ︽ᠨᠡᠶᠢᠭᠡᠮ ᠤᠨ ᠳᠠᠭᠠᠳᠬᠠᠯ︾᠎ ᠶᠢ ᠳᠠᠷᠤᠪᠴᠢ ᠶᠢ ᠰᠣᠩᠭᠤᠨ᠎ᠠ᠃      3. ︽ᠦᠪᠦᠷ ᠮᠣᠩᠭᠤᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ︾᠎ ᠶᠢ ᠰᠣᠩᠭᠤᠨ᠎ᠠ᠃      4. ︽ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ︾᠎ ᠶᠢ ᠰᠣᠩᠭᠤᠨ᠎ᠠ᠃      5. ᠬᠤᠪᠢ ᠬᠦᠮᠦᠨ ᠪᠣᠶᠤ ᠪᠣᠰᠣᠳ ᠬᠦᠮᠦᠨ ᠤ ᠰᠤᠷᠠᠭ ᠵᠠᠩᠭᠢ ᠶᠢ ᠲᠠᠭᠯᠠᠨ ᠪᠢᠴᠢᠨ᠎ᠡ᠃      6. ︽ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ︾᠎ ᠢ ᠰᠣᠩᠭᠤᠵᠤ᠂ ᠳᠠᠷᠠᠭᠠᠴᠢ ᠶᠢᠨ ᠠᠯᠬᠤᠮ ᠢ ᠳᠠᠷᠤᠨ᠎ᠠ᠃      7. ᠡᠩ ᠤᠨ ᠨᠠᠰᠤᠨ ᠳᠤ ᠬᠦᠷᠦᠭᠰᠡᠳ ᠪᠠ ᠨᠠᠰᠤᠨ ᠳᠤ ᠦᠯᠦ ᠬᠦᠷᠦᠭᠰᠡᠳ ᠪᠦᠬᠦ ᠵᠢᠯ ᠤᠨ ᠰᠦᠢᠳᠬᠡᠯ ᠢᠶᠠᠨ ᠲᠤᠰᠢᠶᠠᠬᠤ ᠳᠤ᠂ ︽ᠪᠡᠶ᠎ᠡ ᠪᠠᠨ ᠳᠠᠭᠠᠭᠠᠵᠤ ᠰᠦᠢᠳᠬᠡᠯ ᠲᠤᠰᠢᠶᠠᠬᠤ︾᠎ ᠶᠢ ᠰᠣᠩᠭᠤᠵᠤ᠂ ᠰᠦᠢᠳᠬᠡᠯ ᠲᠤᠰᠢᠶᠠᠬᠤ ᠣᠨ ᠨᠢ ︽2024︾᠎ ᠶᠢ ᠰᠣᠩᠭᠤᠵᠤ᠂ ︽ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ︾᠎ ᠢ ᠰᠣᠩᠭᠤᠵᠤ᠂ ᠲᠤᠰᠢᠶᠠᠬᠤ ᠶᠣᠰᠣᠲᠠᠢ ᠰᠦᠢᠳᠬᠡᠯ ᠤᠨ ᠲᠤᠭ᠎ᠠ ᠶᠢ ︽400︾᠎ ᠶᠢ ᠰᠣᠩᠭᠤᠵᠤ᠂ ︽ᠲᠤᠰᠢᠶᠠᠬᠤ︾ ᠳᠠᠷᠤᠪᠴᠢ ᠶᠢ ᠲᠣᠪᠴᠢᠳᠠᠨ᠎ᠠ᠃      8. ︽ᠡᠭᠦᠯᠡᠨ ᠰᠦᠢᠳᠬᠡᠯ ᠲᠤᠰᠢᠶᠠᠬᠤ ᠶᠢ ᠨᠡᠶᠢᠳᠡᠮ ᠬᠡᠷᠡᠭᠯᠡᠬᠦ︾᠎ ᠳᠤ ᠣᠷᠣᠵᠤ ᠰᠦᠢᠳᠬᠡᠯ ᠲᠤᠰᠢᠶᠠᠬᠤ ᠶᠢ ᠪᠡᠶᠡᠯᠡᠭᠦᠯᠦᠨ᠎ᠡ᠃      ᠮᠦᠩᠬᠡ ᠰᠤᠪᠠᠭ APP᠎ ᠶᠢᠨ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠶᠠᠪᠤᠴᠠ᠄      1. ᠮᠦᠩᠬᠡ ᠰᠤᠪᠠᠭ APP᠎ ᠳᠤ ᠳᠠᠩᠰᠠᠯᠠᠭᠤᠯᠤᠨ᠎ᠠ᠃      2. ︽ᠦᠢᠯᠡᠴᠢᠯᠡᠭᠡ︾ ᠳᠠᠷᠤᠪᠴᠢ ᠶᠢ ᠳᠠᠷᠤᠵᠤ᠂ ︽ᠲᠠᠪᠤᠨ ᠳᠠᠭᠠᠳᠬᠠᠯ ᠨᠢᠭᠡ ᠮᠦᠩᠭᠦ︾᠎ ᠶᠢ ᠰᠣᠩᠭᠤᠵᠤ᠂ ︽ᠦᠪᠦᠷ ᠮᠣᠩᠭᠤᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ︾᠎ ᠶᠢ ᠰᠣᠩᠭᠤᠨ᠎ᠠ᠃      3. ︽ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ︾᠎ ᠶᠢ ᠰᠣᠩᠭᠤᠨ᠎ᠠ᠃      4. ᠡᠩ ᠤᠨ ᠨᠠᠰᠤᠨ ᠳᠤ ᠬᠦᠷᠦᠭᠰᠡᠳ ᠪᠠ ᠨᠠᠰᠤᠨ ᠳᠤ ᠦᠯᠦ ᠬᠦᠷᠦᠭᠰᠡᠳ ᠪᠦᠬᠦ ᠵᠢᠯ ᠤᠨ ᠰᠦᠢᠳᠬᠡᠯ ᠢᠶᠠᠨ ᠲᠤᠰᠢᠶᠠᠬᠤ ᠳᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠪᠠᠷ ᠬᠢᠨᠠᠨ ᠲᠣᠭᠲᠠᠭᠠᠯᠭᠠᠬᠤ ᠴᠢᠬᠤᠯᠠ ᠦᠭᠡᠢ ᠤᠴᠢᠷ ᠠᠴᠠ᠂ ︽ᠰᠠᠨᠠᠭᠤᠯᠬᠤ ᠠᠩᠬᠠᠷᠤᠮᠵᠢ︾᠎ ᠶᠢᠨ ᠳᠠᠷᠤᠪᠴᠢ ᠭᠠᠷᠴᠦ ᠢᠷᠡᠪᠡᠯ᠂ ︽ᠵᠦᠪᠰᠢᠶᠡᠷᠡᠬᠦ︾ ᠳᠠᠷᠤᠪᠴᠢ ᠶᠢ ᠲᠣᠪᠴᠢᠳᠠᠭᠰᠠᠨ ᠤ ᠳᠠᠷᠠᠭ᠎ᠠ ᠳᠠᠬᠢᠨ ︽ᠪᠡᠶ᠎ᠡ ᠪᠠᠨ ᠳᠠᠭᠠᠭᠠᠵᠤ ᠰᠦᠢᠳᠬᠡᠯ ᠲᠤᠰᠢᠶᠠᠬᠤ︾᠎ ᠶᠢ ᠰᠣᠩᠭᠤᠵᠤ᠂ ᠰᠦᠢᠳᠬᠡᠯ ᠲᠤᠰᠢᠶᠠᠬᠤ ᠣᠨ ᠨᠢ ︽2024︾᠎ ᠶᠢ ᠰᠣᠩᠭᠤᠵᠤ᠂ ︽ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ︾᠎ ᠢ ᠰᠣᠩᠭᠤᠵᠤ᠂ ᠲᠤᠰᠢᠶᠠᠬᠤ ᠶᠣᠰᠣᠲᠠᠢ ᠰᠦᠢᠳᠬᠡᠯ ᠤᠨ ᠲᠤᠭ᠎ᠠ ᠶᠢ ︽400︾᠎ ᠶᠢ ᠰᠣᠩᠭᠤᠵᠤ᠂ ︽ᠲᠤᠰᠢᠶᠠᠬᠤ︾ ᠳᠠᠷᠤᠪᠴᠢ ᠶᠢ ᠲᠣᠪᠴᠢᠳᠠᠨ᠎ᠠ᠃      5. ︽ᠡᠭᠦᠯᠡᠨ ᠰᠦᠢᠳᠬᠡᠯ ᠲᠤᠰᠢᠶᠠᠬᠤ ᠶᠢ ᠨᠡᠶᠢᠳᠡᠮ ᠬᠡᠷᠡᠭᠯᠡᠬᠦ︾᠎ ᠳᠤ ᠣᠷᠣᠵᠤ ᠰᠦᠢᠳᠬᠡᠯ ᠲᠤᠰᠢᠶᠠᠬᠤ ᠶᠢ ᠪᠡᠶᠡᠯᠡᠭᠦᠯᠦᠨ᠎ᠡ᠃      ᠦᠷᠭᠡᠨ ᠣᠯᠠᠨ ᠬᠤᠲᠠ ᠬᠦᠳᠡᠭᠡ ᠶᠢᠨ ᠰᠠᠭᠤᠭᠠᠯᠢ ᠠᠷᠠᠳ ᠬᠠᠷᠢᠯᠴᠠᠨ ᠳᠠᠮᠵᠢᠭᠤᠯᠵᠤ᠂ ᠴᠠᠭ ᠲᠤᠬᠠᠢ ᠳᠤᠨᠢ ᠰᠦᠢᠳᠬᠡᠯ ᠢᠶᠠᠨ ᠲᠤᠰᠢᠶᠠᠭᠠᠷᠠᠢ︔ ᠬᠤᠭᠤᠴᠠᠭ᠎ᠠ ᠨᠢ ᠬᠡᠲᠦᠷᠡᠪᠡᠯ ᠡᠮ ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠢ ᠬᠦᠷᠲᠡᠬᠦ ᠶᠢᠨ ᠠᠷᠭ᠎ᠠ ᠦᠭᠡᠢ ᠪᠣᠯᠣᠨ᠎ᠠ᠃      ᠰᠢᠨ᠎ᠡ ᠪᠠᠷᠭᠤ ᠪᠠᠷᠠᠭᠤᠨ ᠬᠤᠰᠢᠭᠤᠨ ᠤ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠡᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠠᠰᠠᠭᠤᠨ ᠯᠠᠪᠯᠠᠬᠤ ᠤᠲᠠᠰᠤ᠄ 0470 - 6404250      ᠳᠠᠭᠠᠳᠬᠠᠯ ᠳᠤ ᠣᠷᠣᠯᠴᠠᠬᠤ ᠶᠢ ᠬᠢᠨᠠᠨ ᠲᠣᠭᠲᠠᠭᠠᠬᠤ ᠬᠠᠶ᠋ᠢᠭ᠄ ᠬᠤᠰᠢᠭᠤᠨ ᠤ ᠠᠷᠠᠳ ᠲᠤ ᠳᠦᠭᠦᠮ ᠦᠵᠡᠭᠦᠯᠬᠦ ᠶᠡᠷᠦᠩᠬᠡᠶᠢᠯᠡᠭᠰᠡᠨ ᠠᠰᠠᠷ ᠤᠨ ᠬᠤᠶᠠᠳᠤᠭᠠᠷ ᠳᠠᠪᠬᠤᠷᠭ᠎ᠠ ᠶᠢᠨ ᠦᠢᠯᠡᠴᠢᠯᠡᠭᠡᠨ ᠤ ᠶᠡᠭᠡ ᠲᠢᠩᠬᠢᠮ ᠤᠨ ᠡᠮᠴᠢᠯᠡᠭᠡᠨ ᠤ ᠳᠠᠭᠠᠳᠬᠠᠯ ᠤᠨ ᠴᠣᠩᠬᠤᠪᠴᠢ      ᠳᠠᠭᠠᠳᠬᠠᠯ ᠳᠤ ᠣᠷᠣᠯᠴᠠᠬᠤ ᠰᠦᠢᠳᠬᠡᠯ ᠲᠤᠰᠢᠶᠠᠬᠤ ᠬᠠᠶ᠋ᠢᠭ᠄ ᠬᠤᠰᠢᠭᠤᠨ ᠤ ᠠᠷᠠᠳ ᠲᠤ ᠳᠦᠭᠦᠮ ᠦᠵᠡᠭᠦᠯᠬᠦ ᠶᠡᠷᠦᠩᠬᠡᠶᠢᠯᠡᠭᠰᠡᠨ ᠠᠰᠠᠷ ᠤᠨ ᠨᠢᠭᠡᠳᠦᠭᠡᠷ ᠳᠠᠪᠬᠤᠷᠭ᠎ᠠ ᠶᠢᠨ ᠦᠢᠯᠡᠴᠢᠯᠡᠭᠡᠨ ᠤ ᠶᠡᠭᠡ ᠲᠢᠩᠬᠢᠮ ᠤᠨ ᠭᠠᠶᠢᠯᠢ ᠶᠢᠨ ᠶᠠᠪᠤᠳᠠᠯ ᠤᠨ ᠴᠣᠩᠬᠤᠪᠴᠢ 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ