ᠬᠥᠯᠥᠨ ᠪᠤᠶᠢᠷ ᠤᠨ ᠪᠣᠳᠠᠰ ᠤᠨ ᠪᠤᠰᠤ ᠰᠣᠶᠣᠯ ᠤᠨ ᠥᠪ ᠤᠨ ᠠᠶᠠᠯᠠᠯ ᠪᠦᠭᠦ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ ᠵᠢᠭᠤᠯᠴᠢᠯᠠᠯ ᠤᠨ ᠣᠨᠴᠠᠯᠢᠭᠲᠤ ᠱᠤᠭᠤᠮ ᠳᠤ ᠰᠣᠩᠭᠤᠭᠳᠠᠪᠠ
ᠨᠡᠶᠢᠲᠡᠯᠡᠭᠰᠡᠨ ᠴᠠᠭ᠄
2023/10/9
      ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ︽ᠬᠥᠯᠥᠨ ᠪᠤᠶᠢᠷ ᠤᠨ ᠦᠵᠡᠰᠬᠦᠯᠡᠩᠲᠦ ᠰᠠᠶᠢᠬᠠᠨ ᠲᠠᠯ᠎ᠠ ᠨᠤᠲᠤᠭ ᠥᠩᠭᠡ ᠢᠯᠭᠠᠷᠠᠭᠰᠠᠨ ᠪᠣᠳᠠᠰ ᠤᠨ ᠪᠤᠰᠤ ᠰᠣᠶᠣᠯ ᠤᠨ ᠥᠪ ᠤᠨ ᠠᠶᠠᠯᠠᠯ︾ 2022 ᠣᠨ ᠤ ᠪᠦᠭᠦ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ ᠵᠢᠭᠤᠯᠴᠢᠯᠠᠯ ᠤᠨ ᠣᠨᠴᠠᠯᠢᠭᠲᠤ ᠱᠤᠭᠤᠮ ᠳᠤ ᠰᠣᠩᠭᠤᠭᠳᠠᠵᠤ᠂ ᠮᠠᠨ ᠤ ᠣᠷᠣᠨ ᠠᠴᠠ ᠰᠣᠩᠭᠤᠭᠳᠠᠵᠤ ᠣᠷᠣᠭᠰᠠᠨ ᠴᠤᠷ ᠤᠨ ᠭᠠᠭᠴᠠ ᠪᠣᠳᠠᠰ ᠤᠨ ᠪᠤᠰᠤ ᠰᠣᠶᠣᠯ ᠤᠨ ᠥᠪ ᠤᠨ ᠵᠢᠭᠤᠯᠴᠢᠯᠠᠯ ᠤᠨ ᠱᠤᠭᠤᠮ ᠪᠣᠯᠪᠠ᠃       ᠣᠶᠢᠯᠠᠭᠠᠭᠰᠠᠨ ᠢᠶᠠᠷ᠂ ᠤᠯᠤᠰ ᠤᠨ ᠰᠣᠶᠣᠯ ᠪᠠ ᠵᠢᠭᠤᠯᠴᠢᠯᠠᠯ ᠤᠨ ᠶᠠᠮᠤᠨ ᠤ ᠪᠣᠳᠠᠰ ᠤᠨ ᠪᠤᠰᠤ ᠰᠣᠶᠣᠯ ᠤᠨ ᠥᠪ ᠤᠨ ᠵᠤᠷᠭᠠᠨ᠂ ᠡᠬᠢ ᠪᠠᠶᠠᠯᠢᠭ ᠤᠨ ᠨᠡᠭᠡᠭᠡᠯᠲᠡ ᠶᠢᠨ ᠵᠤᠷᠭᠠᠨ ᠠᠴᠠ ᠵᠢᠯᠤᠭᠤᠳᠴᠤ᠂ ᠳᠤᠮᠳᠠᠳᠤ ᠤᠯᠤᠰ ᠤᠨ ᠵᠢᠭᠤᠯᠴᠢᠯᠠᠯ ᠤᠨ ᠰᠣᠨᠢᠨ ᠤ ᠬᠤᠷᠢᠶ᠎ᠠ ᠵᠡᠷᠭᠡ ᠨᠢᠭᠡᠴᠢ ᠠᠴᠠ ᠭᠤᠣᠯᠯᠠᠨ ᠡᠷᠭᠢᠯᠡᠭᠰᠡᠨ 2022 ᠣᠨ ᠤ ᠪᠦᠭᠦ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ ᠵᠢᠭᠤᠯᠴᠢᠯᠠᠯ ᠤᠨ ᠣᠨᠴᠠᠯᠢᠭᠲᠤ ᠱᠤᠭᠤᠮ ᠢ ᠠᠳᠠᠯᠢᠳᠬᠠᠨ ᠰᠢᠯᠭᠠᠷᠠᠭᠤᠯᠬᠤ ᠠᠵᠢᠯᠯᠠᠭ᠎ᠠ ᠳᠠᠭᠤᠰᠴᠤ᠂ ᠲᠦᠷᠦᠭᠦᠬᠡᠨ 2022 ᠣᠨ ᠤ ᠪᠦᠭᠦ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ ᠵᠢᠭᠤᠯᠴᠢᠯᠠᠯ ᠤᠨ 20 ᠵᠤᠷᠪᠤᠰ ᠣᠨᠴᠠᠯᠢᠭᠲᠤ ᠱᠤᠭᠤᠮ ᠢ ᠨᠡᠶᠢᠲᠡᠯᠡᠪᠡ᠃ ︽ᠬᠥᠯᠥᠨ ᠪᠤᠶᠢᠷ ᠤᠨ ᠦᠵᠡᠰᠬᠦᠯᠡᠩᠲᠦ ᠰᠠᠶᠢᠬᠠᠨ ᠲᠠᠯ᠎ᠠ ᠨᠤᠲᠤᠭ ᠥᠩᠭᠡ ᠢᠯᠭᠠᠷᠠᠭᠰᠠᠨ ᠪᠣᠳᠠᠰ ᠤᠨ ᠪᠤᠰᠤ ᠰᠣᠶᠣᠯ ᠤᠨ ᠥᠪ ᠤᠨ ᠠᠶᠠᠯᠠᠯ︾ ᠵᠢᠭᠤᠯᠴᠢᠯᠠᠯ ᠤᠨ ᠱᠤᠭᠤᠮ ᠨᠢ ᠰᠣᠶᠣᠯ ᠵᠢᠭᠤᠯᠴᠢᠯᠠᠯ ᠤᠨ ᠡᠬᠢ ᠪᠠᠶᠠᠯᠢᠭ ᠲᠤ ᠲᠦᠰᠢᠭᠯᠡᠨ᠂ ᠠᠶᠠᠯᠠᠯ ᠤᠨ ᠵᠠᠮ ᠳᠠᠭᠠᠨ ᠮᠣᠩᠭᠤᠯ ᠦᠨᠳᠦᠰᠦᠲᠡᠨ᠂ ᠡᠸᠡᠩᠬᠢ ᠦᠨᠳᠦᠰᠦᠲᠡᠨ᠂ ᠣᠷᠴᠣᠨ ᠦᠨᠳᠦᠰᠦᠲᠡᠨ᠂ ᠳᠠᠭᠤᠷ ᠦᠨᠳᠦᠰᠦᠲᠡᠨ ᠵᠡᠷᠭᠡ ᠦᠨᠳᠦᠰᠦᠲᠡᠨ ᠤ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ 100 ᠭᠠᠷᠤᠢ ᠲᠦᠷᠦᠯ ᠵᠦᠢᠯ ᠢ ᠪᠡᠶᠡᠴᠢᠯᠡᠨ ᠣᠶᠢᠯᠠᠭᠠᠵᠤ᠂ ᠲᠣᠭᠤᠷᠢᠨ ᠦᠵᠡᠵᠦ ᠪᠣᠯᠣᠨ᠎ᠠ᠃ ᠡᠨᠡ ᠵᠢᠯ ᠠᠴᠠ ᠨᠠᠭᠠᠰᠢ ᠣᠳᠣᠬᠠᠨ ᠪᠤᠯᠳᠠᠯ᠎ᠠ ᠲᠤᠰ ᠱᠤᠭᠤᠮ ᠨᠢ ᠨᠡᠶᠢᠲᠡ 339.14 ᠲᠦᠮᠡᠨ ᠵᠢᠭᠤᠯᠴᠢᠯᠠᠭᠴᠢ ︵ᠤᠳᠠᠭ᠎ᠠ︶᠎ ᠶᠢ ᠭᠥᠯᠢᠶᠡᠨ ᠠᠪᠴᠤ᠂ 1.7 ᠳ᠋ᠦᠩᠰᠢᠭᠤᠷ ᠰᠢᠬᠠᠮ ᠲᠥᠭᠦᠷᠢᠭ ᠤᠨ ᠵᠢᠭᠤᠯᠴᠢᠯᠠᠯ ᠤᠨ ᠣᠷᠣᠯᠭ᠎ᠠ ᠡᠭᠦᠳᠴᠡᠢ᠃ ᠬᠥᠯᠥᠨ ᠪᠤᠶᠢᠷ ᠬᠤᠲᠠ ᠳᠤ ᠤᠯᠤᠰ ᠤᠨ ᠲᠠᠰ ᠤᠨ 18 ᠪᠣᠳᠠᠰ ᠤᠨ ᠪᠤᠰᠤ ᠰᠣᠶᠣᠯ ᠤᠨ ᠥᠪ ᠪᠣᠯᠣᠨ ᠥᠪᠡᠷᠲᠡᠭᠡᠨ ᠵᠠᠰᠠᠬᠤ ᠣᠷᠣᠨ ᠤ ᠲᠠᠰ ᠤᠨ 123 ᠪᠣᠳᠠᠰ ᠤᠨ ᠪᠤᠰᠤ ᠰᠣᠶᠣᠯ ᠤᠨ ᠥᠪ ᠲᠠᠢ ᠪᠠᠶᠢᠵᠤ᠂ ᠤᠯᠤᠰ ᠤᠨ ᠲᠡᠰ ᠤᠨ 10 ᠥᠪᠯᠡᠨ ᠤᠯᠠᠮᠵᠢᠯᠠᠭᠴᠢ ᠪᠣᠯᠣᠨ ᠥᠪᠡᠷᠲᠡᠭᠡᠨ ᠵᠠᠰᠠᠬᠤ ᠣᠷᠣᠨ ᠤ ᠲᠡᠰ ᠤᠨ 155 ᠥᠪᠯᠡᠨ ᠤᠯᠠᠮᠵᠢᠯᠠᠭᠴᠢ ᠪᠤᠢ᠃       ᠣᠶᠢᠷ᠎ᠠ ᠶᠢᠨ ᠵᠢᠯ ᠳᠤ ᠬᠥᠯᠥᠨ ᠪᠤᠶᠢᠷ ᠬᠤᠲᠠ ᠶᠢᠨ ᠬᠢᠨ ᠪᠣᠳᠠᠰ ᠤᠨ ᠪᠤᠰᠤ ᠰᠣᠶᠣᠯ ᠤᠨ ᠥᠪ ᠤᠨ ᠡᠭᠦᠰᠦᠮᠡᠯ ᠡᠳ᠋ ᠤᠨ ᠰᠢᠨ᠎ᠡ ᠶᠢ ᠡᠭᠦᠳᠴᠦ ᠨᠡᠭᠡᠭᠡᠨ ᠬᠥᠭᠵᠢᠭᠦᠯᠬᠦ᠂ ᠪᠣᠳᠠᠰ ᠤᠨ ᠪᠤᠰᠤ ᠰᠣᠶᠣᠯ ᠤᠨ ᠥᠪ ᠤᠨ ᠪᠡᠶᠡᠴᠢᠯᠡᠨ ᠣᠶᠢᠯᠠᠭᠠᠬᠤ ᠲᠠᠯᠠᠪᠠᠢ ᠪᠠᠶᠢᠭᠤᠯᠬᠤ᠂ ᠪᠣᠳᠠᠰ ᠤᠨ ᠪᠤᠰᠤ ᠰᠣᠶᠣᠯ ᠤᠨ ᠥᠪ ᠢ ᠦᠵᠡᠮᠵᠢ ᠶᠢᠨ ᠣᠷᠣᠨ ᠳᠤ ᠣᠷᠣᠭᠤᠯᠬᠤ᠂ ᠪᠣᠳᠠᠰ ᠤᠨ ᠪᠤᠰᠤ ᠰᠣᠶᠣᠯ ᠤᠨ ᠥᠪ ᠤᠨ ᠵᠢᠭᠤᠯᠴᠢᠯᠠᠯ ᠤᠨ ᠱᠤᠭᠤᠮ ᠢ ᠳᠡᠯᠭᠡᠷᠡᠭᠦᠯᠬᠦ ᠵᠡᠷᠭᠡ ᠠᠷᠭ᠎ᠠ ᠭᠡᠯᠪᠡᠷᠢ ᠪᠠᠷ ᠳᠠᠮᠵᠢᠨ ᠪᠣᠳᠠᠰ ᠤᠨ ᠪᠤᠰᠤ ᠰᠣᠶᠣᠯ ᠤᠨ ᠥᠪ ᠬᠢᠭᠡᠳ ᠵᠢᠭᠤᠯᠴᠢᠯᠠᠯ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠭᠰᠡᠨ ᠪᠠᠶᠢᠨ᠎ᠠ᠃
ᠢᠷᠡᠯᠲᠡ᠄ ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ