ᠰᠤᠷᠪᠤᠯᠵᠢᠯᠠᠭᠴᠢ ᠳᠤᠮᠳᠠᠳᠤ ᠤᠯᠤᠰ ᠤᠨ ᠲᠡᠮᠦᠷ ᠵᠠᠮ ᠤᠨ ᠬᠦᠬᠡᠬᠤᠲᠠ ᠶᠢᠨ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠠᠴᠠ | ᠣᠶᠢᠯᠠᠭᠠᠭᠰᠠᠨ ᠢᠶᠠᠷ᠂ 2023 ᠣᠨ ᠤ 10 ᠰᠠᠷ᠎ᠠ ᠶᠢᠨ 11 ᠤ ᠡᠳᠦᠷ ᠠᠴᠠ ᠡᠬᠢᠯᠡᠨ ᠲᠡᠮᠦᠷ ᠵᠠᠮ ᠤᠨ ᠰᠠᠯᠠᠭ᠎ᠠ ᠮᠥᠴᠢᠷ ᠴᠤᠪᠤᠭ᠎ᠠ ᠲᠡᠷᠭᠡᠨ ᠤ ᠰᠢᠨ᠎ᠡ | ᠠᠶᠠᠯᠠᠯ ᠤᠨ ᠵᠢᠷᠤᠭ ᠬᠡᠷᠡᠭᠵᠢᠭᠦᠯᠬᠦ ᠪᠠᠷ ᠪᠣᠶ᠃ | ᠲᠡᠮᠦᠷ ᠵᠠᠮ ᠤᠨ ᠰᠠᠯᠠᠭ᠎ᠠ ᠮᠥᠴᠢᠷ ᠤᠨ ᠬᠢᠨ ᠠᠶᠠᠨᠴᠢᠳ ᠤᠨ ᠶᠠᠪᠤᠵᠤ ᠰᠠᠭᠤᠬᠤ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ ᠠᠶᠠᠨᠴᠢᠳ ᠤᠨ ᠴᠤᠪᠤᠭ᠎ᠠ | ᠲᠡᠷᠭᠡᠨ ᠤ ᠲᠡᠭᠡᠭᠡᠪᠦᠷᠢ ᠶᠢᠨ ᠵᠣᠬᠢᠶᠠᠨ ᠪᠠᠶᠢᠭᠤᠯᠤᠯᠲᠠ ᠶᠢ ᠰᠢᠯᠢᠳᠡᠭᠵᠢᠭᠦᠯᠵᠦ᠂ ᠪᠡᠭᠡᠵᠢᠩ ᠬᠦᠷᠬᠦ ᠲᠦᠷᠭᠡᠨ ᠤ ᠲᠡᠮᠦᠷ ᠵᠠᠮ ᠤᠨ ᠴᠤᠪᠤᠭ᠎ᠠ ᠲᠡᠷᠭᠡ ᠶᠢ ᠨᠢᠭᠲᠠᠷᠠᠭᠤᠯᠵᠤ᠂ | ᠴᠤᠪᠤᠭ᠎ᠠ ᠲᠡᠷᠭᠡᠨ ᠤ ᠠᠶᠠᠯᠠᠯ ᠤᠨ ᠴᠠᠭ ᠢ ᠪᠣᠭᠤᠨᠢᠰᠬᠠᠵᠤ᠂ ᠲᠦᠷᠭᠡᠨ ᠤ ᠲᠡᠮᠦᠷ ᠵᠠᠮ ᠤᠨ ᠲᠡᠭᠡᠭᠡᠪᠦᠷᠢ ᠶᠢᠨ ᠴᠢᠳᠠᠪᠤᠷᠢ ᠶᠢ ᠴᠢᠨᠠᠭᠰᠢᠳᠠ ᠪᠠᠳᠠᠷᠠᠭᠤᠯᠪᠠ᠃ ᠡᠭᠦᠨ ᠳᠤ | ᠬᠦᠬᠡᠬᠤᠲᠠ ᠶᠢᠨ ᠵᠡᠭᠦᠨ ᠥᠷᠲᠡᠭᠡ ᠠᠴᠠ ᠪᠡᠭᠡᠵᠢᠩ ᠤᠨ ᠬᠤᠶᠢᠳᠤ ᠥᠷᠲᠡᠭᠡ ᠬᠦᠷᠬᠦ G2462 ᠤᠳᠠᠭ᠎ᠠ ᠶᠢᠨ ᠹᠦ᠋ ᠰᠢᠩ ᠨᠡᠷᠡᠮᠵᠢᠲᠦ ᠲᠦᠷᠭᠡᠨ ᠤ ᠲᠡᠮᠦᠷ | ᠵᠠᠮ ᠤᠨ ᠴᠤᠪᠤᠭ᠎ᠠ ᠲᠡᠷᠭᠡ ᠶᠢ ᠨᠠᠪᠲᠠᠷᠡᠭᠦᠯᠵᠦ᠂ ᠬᠦᠬᠡᠬᠤᠲᠠ ᠶᠢᠨ ᠵᠡᠭᠦᠨ ᠥᠷᠲᠡᠭᠡ ᠠᠴᠠ ᠮᠤᠷᠳᠠᠨ ᠳᠤᠮᠳᠠ ᠨᠢ ᠵᠤᠭᠰᠤᠬᠤ ᠦᠭᠡᠢ ᠪᠠᠷ ᠪᠡᠭᠡᠵᠢᠩ ᠤᠨ ᠴᠢᠩ ᠾᠧ | ᠦᠷᠲᠡᠭᠡ ᠳᠤ ᠰᠢᠭᠤᠳ ᠬᠦᠷᠴᠦ᠂ ᠠᠩᠬ᠎ᠠ ᠤᠳᠠᠭ᠎ᠠ ᠬᠥᠬᠡᠬᠤᠲᠠ ᠠᠴᠠ ᠪᠡᠭᠡᠵᠢᠩ ᠬᠦᠷᠬᠦ ᠲᠦᠷᠭᠡᠨ ᠤ ᠲᠡᠮᠦᠷ ᠵᠠᠮ ᠤᠨ ᠠᠶᠠᠯᠠᠬᠤ ᠴᠠᠭ ᠢ 1 ᠴᠠᠭ 59 ᠮᠢᠨᠦ᠋ᠲ | ᠪᠣᠯᠭᠠᠨ ᠪᠣᠭᠤᠨᠢᠰᠬᠠᠪᠠ᠃ | ᠲᠤᠬᠠᠢ ᠶᠢᠨ ᠦᠶ᠎ᠡ ᠳᠤ ᠥᠪᠥᠷ ᠮᠣᠩᠭᠤᠯ ᠤᠨ ᠲᠥᠪ ᠬᠥᠬᠡᠬᠤᠲᠠ ᠬᠢᠭᠡᠳ ᠨᠡᠶᠢᠰᠯᠡᠯ ᠪᠡᠭᠡᠵᠢᠩ ᠬᠤᠶᠠᠷ ᠭᠠᠵᠠᠷ ᠤᠨ ᠬᠢᠨ ︽2 ᠴᠠᠭ ᠤᠨ ᠵᠠᠮ | ᠬᠠᠷᠢᠯᠴᠠᠭᠠᠨ ᠤ ᠴᠠᠭᠠᠷᠢᠭ︾ ᠢ ᠵᠢᠩᠬᠢᠨᠢ ᠪᠠᠷ ᠪᠦᠷᠢᠯᠳᠦᠭᠦᠯᠵᠦ᠂ ᠥᠪᠥᠷ ᠮᠣᠩᠭᠤᠯ ᠤᠨ ᠳᠤᠮᠳᠠ ᠪᠠᠷᠠᠭᠤᠨ ᠬᠡᠰᠡᠭ ᠤᠨ ᠬᠤᠲᠠ ᠶᠢᠨ ᠪᠡᠭᠡᠵᠢᠩ ᠲᠢᠶᠠᠨᠵᠢᠨ | ᠡᠾᠧᠪᠸᠢ ᠶᠢᠨ ᠠᠵᠤ ᠠᠬᠤᠢ ᠶᠢᠨ ᠲᠣᠭᠤᠷᠢᠭ ᠲᠤ ᠠᠭᠤᠰᠤᠯᠴᠠᠬᠤ ᠶᠢ ᠲᠦᠷᠭᠡᠳᠬᠡᠵᠦ᠂ ᠠᠷᠠᠳ ᠣᠯᠠᠨ ᠤ ᠶᠠᠪᠤᠯᠴᠠᠭ᠎ᠠ ᠳᠤ ᠲᠤᠶᠢᠯ ᠤᠨ ᠶᠡᠭᠡ ᠲᠥᠬᠦᠮ | ᠦᠵᠡᠭᠦᠯᠬᠦ ᠶᠢᠨ ᠬᠠᠮᠲᠤ᠂ ᠥᠪᠥᠷ ᠮᠣᠩᠭᠤᠯ ᠤᠨ ᠳᠤᠮᠳᠠ ᠪᠠᠷᠠᠭᠤᠨ ᠬᠡᠰᠡᠭ ᠪᠠ ᠪᠡᠭᠡᠵᠢᠩ ᠲᠢᠶᠠᠨᠵᠢᠨ ᠡᠾᠧᠪᠸᠢ ᠶᠢᠨ ᠣᠷᠣᠨ ᠪᠦᠰᠡ ᠶᠢᠨ ᠠᠵᠤ ᠠᠬᠤᠢ ᠶᠢᠨ | ᠵᠣᠬᠢᠴᠠᠩᠭᠤᠢ ᠬᠦᠭᠵᠢᠯᠲᠡ ᠳᠤ ᠴᠢᠨᠠᠭᠰᠢᠳᠠ ᠬᠦᠴᠦᠨ ᠨᠡᠮᠡᠷᠢᠯᠡᠬᠦ ᠪᠣᠯᠣᠨ᠎ᠠ᠃ | |