ᠡᠶᠢᠮᠦ ᠠᠷᠠᠳ ᠤᠨ ᠵᠣᠭᠤᠰ ᠢ ᠶᠠᠭᠠᠬᠢᠭᠰᠠᠨ ᠴᠤ ᠵᠠᠷᠤᠵᠤ ᠪᠣᠯᠬᠤ ᠦᠭᠡᠢ
ᠨᠡᠶᠢᠲᠡᠯᠡᠭᠰᠡᠨ ᠴᠠᠭ᠄
2023/10/9
      ᠠᠷᠠᠳ ᠤᠨ ᠵᠣᠭᠤᠰ ᠳᠡᠭᠡᠷ᠎ᠡ ᠲᠡᠷᠰᠯᠡᠭᠦᠦ ᠤᠬᠠᠭᠤᠯᠭ᠎ᠠ ᠶᠢᠨ ᠤᠷᠢᠶ᠎ᠠ ᠶᠢ ᠰᠠᠨᠠᠭᠠᠴᠢᠯᠠᠭ᠎ᠠ ᠲᠠᠢ ᠪᠠᠷ ᠭᠠᠷ ᠢᠶᠠᠷ ᠪᠢᠴᠢᠬᠦ ᠪᠤᠶᠤ ᠳᠠᠷᠤᠮᠠᠯᠯᠠᠵᠤ᠂ ᠠᠷᠠᠳ ᠤᠨ ᠵᠣᠭᠤᠰ ᠢ ᠪᠤᠬᠢᠷᠳᠠᠭᠤᠯᠤᠨ ᠬᠤᠬᠢᠷᠠᠭᠤᠯᠬᠤ ᠪᠣᠯ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠮᠥᠨ᠃ ᠠᠮᠢᠳᠤᠷᠠᠯ ᠤᠨ ᠬᠡᠷᠡᠭᠯᠡᠭᠡ ᠠᠷᠠᠯᠵᠢᠶᠠᠨ ᠳᠤ ᠡᠶᠢᠮᠦᠷᠬᠦ  ︽ᠠᠷᠠᠳ ᠤᠨ ᠵᠣᠭᠤᠰ︾ ᠢ ᠲᠣᠬᠢᠶᠠᠯᠳᠤᠪᠠᠯ ᠬᠦᠯᠢᠶᠡᠨ ᠠᠪᠬᠤ ᠦᠭᠡᠢ ᠪᠠᠶᠢᠵᠤ ᠪᠣᠯᠣᠨ᠎ᠠ᠃      ᠬᠡᠷᠪᠡ ᠰᠠᠨᠠᠭᠠᠨ ᠳᠤ ᠦᠭᠡᠢ ᠠᠪᠤᠭᠰᠠᠨ ᠪᠣᠯ ᠪᠠᠩᠬᠢ ᠳᠤ ᠣᠴᠢᠭᠠᠳ ᠰᠣᠯᠢᠵᠤ ᠪᠣᠯᠣᠨ᠎ᠠ᠂ ᠬᠠᠷᠢᠨ ᠭᠦᠢᠯᠭᠡᠭᠡᠨ ᠳᠤ ᠵᠠᠷᠣᠬᠤ ᠦᠬᠡᠢ ᠪᠠᠶᠢᠵᠦ᠂ ᠶᠡᠭᠡ ᠬᠡᠮᠵᠢᠶ᠎ᠡ ᠪᠠᠷ ᠬᠡᠷᠡᠭᠯᠡᠵᠦ ᠪᠠᠶᠢᠬᠤ ᠬᠦᠮᠦᠨ ᠬᠠᠷ᠎ᠠ ᠶᠢ ᠣᠯᠵᠤ ᠮᠡᠳᠡᠪᠡᠯ᠂ 110 ᠤᠲᠠᠰᠤ ᠪᠠᠷ ᠴᠠᠭᠳᠠᠭ᠎ᠠ ᠳᠤ ᠮᠡᠳᠡᠭᠳᠡᠵᠦ ᠪᠣᠯᠣᠨ᠎ᠠ᠃  
ᠢᠷᠡᠯᠲᠡ᠄ ᠠᠷᠠᠳ ᠤᠨ ᠮᠣᠩᠭᠤᠯ ᠰᠦᠯᠵᠢᠶ᠎ᠡ