ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ 4.13 ᠳ᠋ᠦᠩᠰᠢᠭᠤᠷ ᠲᠥᠭᠦᠷᠢᠭ ᠢᠶᠠᠷ ᠳᠡᠭᠡᠳᠦ ᠰᠤᠷᠭᠠᠭᠤᠯᠢ ᠶᠢᠨ ︽ᠬᠤᠣᠰ ᠲᠡᠷᠢᠭᠦᠨ︾᠎ ᠤ  ᠪᠠᠶᠢᠭᠤᠯᠤᠯᠲᠠ ᠶᠢ ᠳᠡᠮᠵᠢᠪᠡ
ᠨᠡᠶᠢᠲᠡᠯᠡᠭᠰᠡᠨ ᠴᠠᠭ᠄
2023/11/10
      ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠮᠡᠳᠡᠭᠡ᠄ ᠳᠤᠮᠳᠠᠳᠤ ᠤᠯᠤᠰ ᠤᠨ ᠣᠨᠴᠠᠯᠢᠭ ᠲᠠᠢ᠂ ᠳᠡᠯᠡᠬᠡᠢ ᠶᠢᠨ ᠲᠡᠷᠢᠭᠦᠨ ᠲᠠᠰ ᠤᠨ ᠶᠡᠭᠡ ᠰᠤᠷᠭᠠᠭᠤᠯᠢ ᠪᠠ ᠳᠠᠪᠠᠭᠤᠯᠢᠭ ᠰᠢᠨᠵᠢᠯᠡᠭᠡᠨ ᠤ ᠰᠠᠯᠠᠭ᠎ᠠ ᠶᠢ ᠲᠦᠷᠭᠡᠳᠬᠡᠨ ᠪᠠᠶᠢᠭᠤᠯᠬᠤ ᠶᠢᠨ ᠲᠥᠯᠥᠭᠡ᠂ 2023 ᠣᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠳᠡᠭᠡᠳᠦ ᠰᠤᠷᠭᠠᠭᠤᠯᠢ ᠶᠢᠨ ︽ᠬᠤᠣᠰ ᠲᠡᠷᠢᠭᠦᠨ︾ ︵ᠲᠡᠷᠢᠭᠦᠨ ᠲᠠᠰ ᠤᠨ ᠶᠡᠭᠡ ᠰᠤᠷᠭᠠᠭᠤᠯᠢ᠂ ᠲᠡᠷᠢᠭᠦᠨ ᠲᠠᠰ ᠤᠨ ᠰᠢᠨᠵᠢᠯᠡᠭᠡᠨ ᠤ ᠰᠠᠯᠠᠭ᠎ᠠ︶᠎ ᠤ ᠪᠠᠶᠢᠭᠤᠯᠤᠯᠲᠠ ᠪᠠ ᠣᠨᠴᠠᠯᠢᠭᠲᠤ ᠬᠥᠭᠵᠢᠯᠲᠡ ᠶᠢ ᠬᠥᠲᠥᠯᠥᠨ ᠵᠢᠯᠤᠭᠤᠳᠬᠤ 4.13 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠪᠠᠭᠤᠯᠭᠠᠭᠠᠳ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ 7 ᠳᠡᠭᠡᠳᠦ ᠰᠤᠷᠭᠠᠭᠤᠯᠢ ᠶᠢᠨ 21 ᠲᠡᠷᠢᠭᠦᠨ ᠲᠠᠰ ᠤᠨ ᠰᠢᠨᠵᠢᠯᠡᠭᠡᠨ ᠤ ᠰᠠᠯᠠᠭ᠎ᠠ ᠪᠠᠶᠢᠭᠤᠯᠬᠤ ᠶᠢ ᠳᠡᠮᠵᠢᠪᠡ᠃      ᠣᠶᠢᠯᠠᠭᠠᠭᠰᠠᠨ ᠢᠶᠠᠷ᠂ ᠳᠡᠭᠡᠷ᠎ᠡ ᠳᠤᠷᠠᠳᠤᠭᠰᠠᠨ ᠪᠡᠯᠡ ᠮᠥᠩᠭᠦ ᠶᠢ ᠬᠤᠯᠪᠣᠭᠳᠠᠯ ᠪᠦᠬᠦᠢ ᠳᠡᠭᠡᠳᠦ ᠰᠤᠷᠭᠠᠭᠤᠯᠢ ᠨᠤᠭᠤᠳ ᠤᠨ ᠲᠡᠷᠢᠭᠦᠨ ᠤ ᠪᠠᠭᠰᠢ ᠶᠢᠨ ᠡᠩᠨᠡᠭᠡ ᠶᠢ ᠪᠠᠶᠢᠭᠤᠯᠬᠤ᠂ ᠰᠢᠨ᠎ᠡ ᠶᠢ ᠡᠭᠦᠳᠬᠦ ᠮᠠᠩᠯᠠᠢ ᠴᠢᠳᠠᠪᠤᠷᠢᠲᠠᠳ ᠢ ᠬᠥᠮᠥᠵᠢᠭᠦᠯᠬᠦ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠰᠤᠳᠤᠯᠤᠨ ᠨᠡᠭᠡᠭᠡᠬᠦ ᠲᠦᠪᠰᠢᠨ ᠢ ᠳᠡᠭᠡᠭᠰᠢᠯᠡᠭᠦᠯᠬᠦ᠂ ᠰᠢᠯᠢᠳᠡᠭ ᠰᠣᠶᠣᠯ ᠢ ᠵᠠᠯᠭᠠᠮᠵᠢᠯᠠᠨ ᠰᠢᠨᠡᠴᠢᠯᠡᠬᠦ᠂ ᠮᠡᠷᠭᠡᠵᠢᠯ ᠤᠨ ᠦᠷ᠎ᠡ ᠪᠦᠲᠦᠭᠡᠯ ᠤᠨ ᠣᠯᠠᠷᠢᠭᠤᠯᠤᠯᠲᠠ ᠶᠢ ᠬᠦᠴᠦᠯᠡᠨ ᠠᠬᠢᠭᠤᠯᠬᠤ ᠵᠡᠷᠭᠡ ᠳᠤ ᠲᠤᠰᠬᠠᠢ ᠬᠡᠷᠡᠭᠯᠡᠨ᠎ᠡ᠃ ᠡᠭᠦᠨ ᠤ ᠵᠣᠷᠢᠯᠭ᠎ᠠ ᠨᠢ ᠡᠳ᠋ ᠤᠨ ᠵᠠᠰᠠᠭ ᠤᠨ ᠪᠡᠯᠡ ᠮᠦᠩᠭᠦᠨ ᠳᠡᠮᠵᠢᠯᠭᠡ ᠪᠠᠷ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠳᠡᠭᠡᠳᠦ ᠰᠤᠷᠭᠠᠭᠤᠯᠢ ᠨᠤᠭᠤᠳ ᠤᠨ ᠢᠳᠡᠪᠬᠢᠵᠢᠯ ᠢ ᠭᠦᠢᠴᠡᠳ ᠳᠠᠶᠢᠴᠢᠯᠠᠨ᠂ ᠲᠡᠳᠡᠨ ᠤ ᠶᠡᠷᠦᠩᠬᠡᠶᠢᠯᠡᠭᠰᠡᠨ ᠪᠣᠳᠠᠲᠤ ᠬᠦᠴᠦᠨ ᠪᠠ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠠᠭᠤᠯᠤᠭᠳᠠᠬᠤᠨ ᠤ ᠬᠥᠭᠵᠢᠯᠲᠡ ᠶᠢ ᠪᠡᠶᠡᠯᠡᠭᠦᠯᠬᠦ ᠶᠢᠨ ᠲᠥᠯᠥᠭᠡ ᠶᠤᠮ᠃      ᠲᠠᠷᠠᠭᠠᠴᠢ ᠪᠠᠷ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠪᠥᠬᠦ ᠣᠷᠣᠨ ᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ᠡᠳ᠋ ᠤᠨ ᠵᠠᠰᠠᠭ ᠤᠨ ᠡᠭᠦᠷᠭᠡ ᠴᠢᠳᠠᠪᠤᠷᠢ ᠪᠠᠨ ᠦᠷᠭᠦᠯᠵᠢᠯᠡᠨ ᠰᠠᠶᠢᠲᠤᠷ ᠪᠠᠳᠠᠷᠠᠭᠤᠯᠵᠤ᠂ ᠲᠡᠷᠢᠭᠦᠨ ᠤ ᠳᠡᠭᠡᠳᠦ ᠰᠤᠷᠭᠠᠭᠤᠯᠢ ᠪᠠ ᠲᠡᠷᠢᠭᠦᠨ ᠤ ᠰᠢᠨᠵᠢᠯᠡᠭᠡᠨ ᠤ ᠰᠠᠯᠠᠭᠠᠨ ᠪᠠᠶᠢᠭᠤᠯᠤᠯᠲᠠ ᠶᠢ ᠳᠡᠮᠵᠢᠵᠦ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠦᠷᠭᠦᠯᠵᠢᠯᠡᠨ ᠰᠠᠶᠢᠵᠢᠷᠠᠨ ᠬᠥᠭᠵᠢᠬᠦ ᠶᠢ ᠠᠬᠢᠭᠤᠯᠤᠨ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠣᠶᠤᠨ ᠤ ᠳᠡᠮᠵᠢᠯᠭᠡ ᠪᠠ ᠴᠢᠳᠠᠪᠤᠷᠢᠲᠠᠨ ᠤ ᠪᠠᠲᠤᠯᠠᠭ᠎ᠠ ᠬᠠᠩᠭᠠᠨ᠎ᠠ᠃
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ