ᠮᠠᠨ ᠤ ᠬᠤᠰᠢᠭᠤ ᠡᠮᠡᠭᠲᠡᠢ ᠺᠠᠳ᠋ᠷᠴᠤᠳ ᠤᠨ ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2023/11/10
      11 ᠰᠠᠷ᠎ᠠ ᠶᠢᠨ 9 ᠤ ᠡᠳᠦᠷ᠂ ᠬᠤᠰᠢᠭᠤᠨ ᠤ ᠡᠮᠡᠭᠲᠡᠢ ᠺᠠᠳ᠋ᠷᠴᠤᠳ ᠤᠨ ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠨᠠᠮ ᠤᠨ ᠰᠤᠷᠭᠠᠭᠤᠯᠢ ᠶᠢᠨ ᠳᠥᠷᠪᠡᠳᠦᠭᠡᠷ ᠳᠠᠪᠬᠤᠷᠭ᠎ᠠ ᠶᠢᠨ ᠮᠡᠳᠡᠭᠦᠯᠦᠯᠲᠡ ᠶᠢᠨ ᠲᠢᠩᠬᠢᠮ ᠳᠤ ᠶᠠᠪᠤᠭᠳᠠᠵᠤ᠂ ᠡᠯ᠎ᠡ ᠰᠤᠮᠤ ᠪᠠᠯᠭᠠᠰᠤ᠂ ᠭᠠᠴᠠᠭ᠎ᠠ ︵ᠨᠡᠶᠢᠭᠡᠮ ᠲᠣᠭᠤᠷᠢᠭ︶ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠲᠡᠷᠢᠭᠦᠯᠡᠭᠴᠢ᠂ ᠬᠤᠰᠢᠭᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠡᠮᠡᠭᠲᠡᠶᠢᠴᠦᠳ ᠤᠨ ᠠᠵᠢᠯ ᠤᠨ ᠵᠥᠪᠯᠡᠯ ᠤᠨ ᠡᠷᠬᠢᠯᠡᠭᠴᠢ ᠵᠡᠷᠭᠡ ᠵᠠᠭᠤ ᠭᠠᠷᠤᠢ ᠬᠥᠮᠥᠨ ᠪᠣᠯᠪᠠᠰᠤᠷᠠᠯ ᠳᠤ ᠣᠷᠣᠯᠴᠠᠪᠠ᠃
11.10妇女.jpg
      ᠪᠣᠯᠪᠠᠰᠤᠷᠠᠯ ᠳᠤ᠂ ᠬᠤᠰᠢᠭᠤᠨ ᠤ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠪᠠᠭᠰᠢ ᠸᠠᠩ ᠰᠡᠴᠡᠨ᠂ ᠬᠤᠰᠢᠭᠤᠨ ᠤ ᠰᠤᠷᠭᠠᠨ ᠬᠥᠮᠦᠵᠢᠯ ᠤᠨ ᠰᠤᠳᠤᠯᠤᠨ ᠰᠤᠷᠤᠯᠴᠠᠬᠤ ᠲᠥᠪ ᠤᠨ ᠰᠡᠳᠬᠢᠴᠡ ᠶᠢᠨ ᠡᠷᠡᠭᠦᠯ ᠮᠡᠨᠳᠦ ᠶᠢᠨ ᠵᠢᠭᠠᠨ ᠰᠤᠳᠤᠯᠤᠭᠴᠢ ᠧ ᠱᠤ᠋ ᠴᠢᠨ᠂ ᠬᠠᠤᠯᠢᠴᠢ ᠰᠤᠭᠤᠷᠰᠦ᠋ᠷᠦᠩ ᠲᠣᠰ ᠲᠣᠰ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ︾ ︽ᠪᠠᠶᠠᠷ ᠬᠥᠷ ᠲᠠᠢ ᠠᠵᠢᠯᠯᠠᠵᠤ ᠵᠣᠯ ᠵᠢᠷᠭᠠᠯᠲᠠᠢ ᠠᠮᠢᠳᠤᠷᠠᠶ᠎ᠠ︾ ᠭᠡᠷ ᠪᠦᠯᠢ ᠶᠢᠨ ᠰᠤᠷᠭᠠᠨ ᠬᠥᠮᠦᠵᠢᠯ ᠤᠨ ᠲᠠᠶᠢᠯᠤᠮᠵᠢ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠵᠡᠷᠭᠡ ᠭᠤᠷᠪᠠᠨ ᠲᠠᠯ᠎ᠠ ᠶᠢᠨ ᠠᠭᠤᠯᠭ᠎ᠠ ᠪᠠᠷ ᠬᠢᠴᠢᠶᠡᠯ ᠣᠷᠣᠪᠠ᠃ ᠡᠭᠦᠨ ᠤ ᠬᠠᠮᠲᠤ ᠳᠤᠮᠳᠠᠳᠤ ᠤᠯᠤᠰ ᠤᠨ ᠡᠮᠡᠭᠲᠡᠶᠢᠴᠦᠳ ᠤᠨ ᠠᠷᠪᠠᠨ ᠭᠤᠷᠪᠠᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠠᠶᠢᠯᠪᠤᠷᠢᠯᠠᠵᠤ᠂ ᠤᠯᠤᠰ ᠲᠥᠷᠥ ᠶᠢᠨ ᠥᠨᠳᠥᠷᠴᠡ᠂ ᠣᠨᠣᠯ ᠤᠨ ᠭᠦᠨᠴᠡ ᠲᠠᠢ ᠮᠥᠷᠲᠡᠭᠡᠨ ᠦᠢᠯᠡᠳᠦᠯᠭᠡ ᠶᠢᠨ ᠳᠤᠯᠠᠭᠠᠴᠠ ᠲᠠᠢ ᠪᠠᠶᠢᠵᠤ᠂ ᠮᠠᠨ ᠤ ᠬᠤᠰᠢᠭᠤᠨ ᠤ ᠡᠮᠡᠭᠲᠡᠢ ᠺᠠᠳ᠋ᠷᠴᠤᠳ ᠤᠨ ᠬᠡᠪ ᠴᠢᠨᠠᠷ ᠤᠨ ᠬᠢᠷᠢ ᠲᠦᠪᠰᠢᠨ ᠪᠠ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢᠨ ᠨᠠᠷᠢᠯᠢᠭ ᠣᠨᠣᠪᠴᠢᠲᠠᠢ ᠪᠠᠷ ᠳᠡᠭᠡᠭᠰᠢᠯᠡᠬᠦ ᠶᠢ ᠤᠯᠠᠮ ᠴᠢᠨᠠᠭᠰᠢᠳᠠ ᠠᠬᠢᠭᠤᠯᠪᠠ᠃       ᠪᠣᠯᠪᠠᠰᠤᠷᠠᠯ ᠳᠤ ᠣᠷᠣᠯᠴᠠᠭᠰᠠᠳ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠤᠷᠤᠭᠰᠠᠨ ᠢᠶᠠᠨ ᠬᠡᠷᠡᠭᠯᠡᠵᠦ᠂ ᠰᠤᠷᠴᠤ ᠬᠡᠷᠡᠭᠯᠡᠬᠦ ᠶᠢ ᠤᠶᠠᠯᠳᠤᠭᠤᠯᠵᠤ᠂ ᠰᠣᠷᠣᠭᠰᠠᠨ ᠮᠡᠳᠡᠯᠭᠡ ᠪᠠᠨ ᠡᠮᠡᠭᠲᠡᠶᠢᠴᠦᠳ ᠤᠨ ᠬᠤᠯᠪᠣᠭ᠎ᠠ ᠶᠢᠨ ᠡᠯ᠎ᠡ ᠵᠦᠢᠯ ᠤᠨ ᠠᠵᠢᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠶᠢ ᠠᠬᠢᠭᠤᠯᠬᠤ ᠵᠢᠩᠬᠢᠨᠢ ᠴᠢᠳᠠᠪᠤᠷᠢ ᠪᠣᠯᠭᠠᠨ ᠬᠤᠪᠢᠷᠠᠭᠤᠯᠵᠤ᠂ ᠶᠡᠭᠡ ᠲᠠᠯ᠎ᠠ ᠳᠤ ᠦᠢᠯᠡᠴᠢᠯᠡᠬᠦ᠂ ᠡᠮᠡᠭᠲᠡᠶᠢᠴᠦᠳ ᠲᠤ ᠦᠢᠯᠡᠴᠢᠯᠡᠬᠦ ᠴᠢᠳᠠᠪᠤᠷᠢ ᠪᠠ ᠡᠭᠦᠷᠭᠡᠯᠡᠯ ᠪᠣᠯᠭᠠᠨ ᠬᠤᠪᠢᠷᠠᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠬᠦᠴᠦ ᠨᠡᠮᠡᠷᠢᠯᠡᠵᠦ᠂ ᠡᠮᠡᠭᠲᠡᠶᠢᠴᠦᠳ ᠤᠨ ᠤᠶᠤᠨ ᠤᠬᠠᠭᠠᠨ ᠢ ᠢᠯᠡᠷᠡᠭᠦᠯᠬᠦ ᠪᠠᠷ ᠴᠢᠷᠮᠠᠶᠢᠨ᠎ᠠ ᠭᠡᠵᠦ ᠢᠯᠡᠳᠬᠡᠵᠡᠭᠡᠪᠡ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ