ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠳᠡᠳ᠋ ᠳᠠᠷᠤᠭ᠎ᠠ ᠬᠤ᠋ ᠶᠢᠩ ᠹᠧᠩ ᠮᠠᠨ ᠤ ᠬᠤᠰᠢᠭᠤᠨ ᠳᠤ ᠭᠦᠨᠵᠡᠭᠡᠶᠢᠷᠡᠨ ᠠᠷᠤᠬᠠᠰᠢᠶᠠᠲᠤ ᠪᠣᠭᠤᠮᠲᠠ ᠶᠢᠨ ᠵᠠᠬ᠎ᠠ ᠶᠢᠨ ᠠᠷᠠᠯᠵᠢᠶᠠᠨ ᠤ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/11/13
      11 ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠳᠡᠳ᠋ ᠳᠠᠷᠤᠭ᠎ᠠ ᠬᠣ᠋ ᠶᠢᠩ ᠹᠧᠩ ᠮᠠᠨ ᠤ ᠬᠤᠰᠢᠭᠤᠨ ᠳᠤ ᠭᠦᠨᠵᠡᠭᠡᠶᠢᠷᠡᠨ᠂ ᠠᠷᠤᠬᠠᠰᠢᠶᠠᠲᠤ ᠪᠣᠭᠤᠮᠲᠠ ᠶᠢᠨ ᠵᠠᠬ᠎ᠠ ᠶᠢᠨ ᠠᠷᠠᠯᠵᠢᠶᠠᠨ ᠤ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠵᠤ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠼᠦᠩ ᠸᠧᠨ ᠵᠢᠶᠠᠨ ᠣᠷᠣᠯᠴᠠᠵᠤ᠂ ᠮᠠᠨ ᠤ ᠬᠤᠰᠢᠭᠤᠨ ᠤ ᠤᠳᠤᠷᠢᠳᠤᠯᠭ᠎ᠠ ᠴᠠᠩ ᠴᠢᠩ᠂ ᠤᠯᠠᠭᠠᠨᠲᠤᠶᠠᠭ᠎ᠠ ᠨᠠᠷ ᠪᠠᠷ᠎ᠠ ᠪᠣᠯᠣᠯᠴᠠᠪᠠ᠃
11.13自治区.jpg
      ᠠᠷᠤᠬᠠᠰᠢᠶᠠᠲᠤ ᠪᠣᠭᠤᠮᠲᠠ ᠳᠤ᠂ ᠬᠣ᠋ ᠶᠢᠩ ᠹᠧᠩ ᠵᠠᠬ᠎ᠠ ᠶᠢᠨ ᠠᠷᠠᠯᠵᠢᠶᠠᠨ ᠤ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠪᠣᠭᠤᠮᠲᠠ ᠪᠠᠷ ᠥᠩᠭᠡᠷᠡᠬᠦ ᠠᠵᠢᠯᠯᠠᠭ᠎ᠠ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠵᠡᠷᠭᠡ ᠲᠠᠯ᠎ᠠ ᠶᠢᠨ ᠠᠵᠢᠯ ᠢ ᠪᠠᠶᠢᠴᠠᠭᠠᠨ ᠵᠢᠯᠤᠭᠤᠳᠴᠤ᠂ ᠪᠣᠭᠤᠮᠲᠠ ᠶᠢᠨ ᠬᠥᠭᠵᠢᠯᠲᠡ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠨᠠᠷᠢᠯᠢᠭ ᠣᠶᠢᠯᠠᠭᠠᠬᠤ ᠶᠢᠨ ᠬᠠᠮᠲᠤ ᠪᠣᠳᠠᠲᠠᠢ ᠰᠠᠨᠠᠯ ᠰᠠᠨᠠᠭᠤᠯᠭ᠎ᠠ ᠳᠤᠷᠠᠳᠪᠠ᠃       ᠬᠣ᠋ ᠶᠢᠩ ᠹᠧᠩ᠂ ᠰᠢᠨ᠎ᠡ ᠪᠠᠷᠭᠤ ᠪᠠᠷᠠᠭᠤᠨ ᠬᠤᠰᠢᠭᠤ ︽ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ︾ ᠶᠢ ᠪᠦᠲᠦᠭᠡᠨ ᠪᠠᠶᠢᠭᠤᠯᠬᠤ ᠶᠢ ᠢᠮᠠᠭᠲᠠ ᠴᠢᠬᠤᠯᠠ ᠡᠭᠦᠷᠭᠡ ᠪᠠᠨ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠤᠬᠠᠮᠰᠠᠷ ᠠᠴᠠ ᠪᠠᠨ ᠦᠢᠯᠡᠴᠢᠯᠡᠨ᠂ ᠭᠤᠣᠯᠳᠠᠯᠭ᠎ᠠ ᠶᠢ ᠠᠳᠬᠤᠵᠤ᠂ ᠬᠦᠴᠢᠷ ᠠᠰᠠᠭᠤᠳᠠᠯ ᠢ ᠠᠩᠬᠠᠷᠴᠤ᠂ ᠪᠣᠭᠤᠮᠲᠠ ᠶᠢᠨ ᠴᠢᠳᠠᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ᠂ ᠪᠣᠭᠤᠮᠲᠠ ᠶᠢᠨ ᠠᠵᠤ ᠠᠬᠤᠢ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ᠂ ᠭᠠᠳᠠᠭᠠᠳᠤ ᠨᠡᠭᠡᠭᠡᠯᠲᠡ ᠶᠢᠨ ᠶᠡᠭᠡ ᠲᠠᠯ᠎ᠠ ᠳᠤ ᠦᠢᠯᠡᠴᠢᠯᠡᠬᠦ ᠵᠡᠷᠭᠡ ᠬᠠᠷᠠᠯᠲᠠ ᠶᠢ ᠴᠢᠩᠭ᠎ᠠ ᠠᠳᠬᠤᠵᠤ᠂ ᠠᠳᠬᠤᠪᠠᠯ ᠣᠷᠣᠮ ᠲᠠᠢ᠂ ᠭᠢᠰᠬᠢᠪᠡᠯ ᠮᠥᠷ ᠲᠠᠢ ᠪᠠᠶᠢᠬᠤ ᠠᠵᠢᠯ ᠤᠨ ᠣᠪᠣᠷ ᠢᠶᠠᠷ ᠵᠠᠬ᠎ᠠ ᠶᠢᠨ ᠠᠷᠠᠯᠵᠢᠶᠠᠨ ᠤ ᠲᠣᠭᠤᠷᠢᠭ ᠤᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠠᠬᠢ ᠣᠷᠣᠭᠤᠯᠤᠯᠲᠠ ᠶᠢ ᠨᠡᠮᠡᠭᠳᠡᠭᠦᠯᠵᠦ᠂ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠲᠣᠭᠤᠷᠢᠭ ᠤᠨ ᠣᠷᠴᠢᠨ ᠨᠦᠬᠦᠴᠡᠯ ᠢ ᠰᠢᠯᠢᠳᠡᠭᠵᠢᠭᠦᠯᠦᠨ᠂ ᠳᠤᠮᠳᠠᠳᠤ ᠮᠣᠩᠭᠤᠯ ᠤᠨ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠲᠣᠭᠤᠷᠢᠭ ᠢ ᠠᠰᠢᠭᠯᠠᠯᠲᠠ ᠳᠤ ᠣᠷᠣᠭᠤᠯᠬᠤ ᠶᠢ ᠲᠦᠷᠭᠡᠳᠬᠡᠨ ᠠᠬᠢᠭᠤᠯᠵᠤ᠂ ᠦᠷᠭᠡᠨ ᠬᠡᠪᠴᠢᠶᠡᠨ ᠤ ᠪᠣᠭᠤᠮᠲᠠ ᠶᠢᠨ ᠠᠵᠤ ᠠᠬᠤᠢ ᠶᠢ ᠶᠡᠬᠡᠪᠡᠷ ᠬᠦᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃       ᠬᠣ᠋ ᠶᠢᠩ ᠹᠧᠩ᠂ ᠪᠣᠭᠤᠮᠲᠠ ᠶᠢᠨ ᠳᠠᠪᠠᠭᠤᠯᠢᠭ ᠲᠤ ᠪᠠᠨ ᠰᠠᠭᠤᠷᠢᠯᠠᠵᠤ᠂ ᠤᠯᠤᠰ ᠤᠨ ︽ᠨᠢᠭᠡ ᠪᠦᠰᠡ ᠨᠢᠭᠡ ᠵᠠᠮ︾ ᠪᠠ ᠭᠠᠳᠠᠭᠠᠳᠤ ᠨᠡᠭᠡᠭᠡᠯᠲᠡ ᠶᠢ ᠥᠷᠭᠡᠳᠬᠡᠬᠦ᠂ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠴᠢᠬᠤᠯᠠ ᠠᠵᠠ ᠲᠣᠬᠢᠶᠠᠯ ᠢ ᠴᠢᠩᠭ᠎ᠠ ᠠᠳᠬᠤᠨ᠂ ᠲᠣᠰ ᠪᠡᠶ᠎ᠡ ᠶᠢᠨ ᠳᠠᠯᠳᠠ ᠬᠦᠴᠦᠨ ᠢᠶᠠᠨ ᠠᠭᠤᠳᠠᠯᠵᠤ᠂ ᠳᠡᠭᠡᠳᠦ ᠱᠠᠲᠤᠨ ᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠢᠳᠡᠪᠬᠢᠲᠡᠢ ᠪᠠᠷ ᠵᠣᠯᠭᠠᠭᠤᠯᠤᠨ᠂ ᠪᠤᠰᠤᠳ ᠭᠠᠵᠠᠷ ᠣᠷᠣᠨ ᠤ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢᠶᠠᠷ ᠲᠣᠯᠢ ᠪᠣᠯᠭᠠᠵᠤ᠂ ᠵᠦᠢ ᠵᠣᠬᠢᠰᠲᠠᠢ ᠲᠥᠯᠥᠪᠵᠢᠭᠦᠯᠦᠨ᠂ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠵᠤ᠂ ᠣᠨᠴᠠᠯᠢᠭᠲᠤ ᠪᠣᠭᠤᠮᠲᠠ ᠶᠢᠨ ᠬᠥᠭᠵᠢᠯᠲᠡ ᠶᠢᠨ ᠲᠣᠭᠲᠠᠴᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ᠂ ᠠᠷᠤᠬᠠᠰᠢᠶᠠᠲᠤ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠥᠨᠳᠥᠷ ᠬᠢᠷᠢ ᠲᠦᠪᠰᠢᠨ ᠪᠦᠬᠦᠢ ᠨᠡᠭᠡᠭᠡᠯᠲᠡ ᠪᠠᠷ ᠵᠠᠬ᠎ᠠ ᠶᠢᠨ ᠠᠷᠠᠯᠵᠢᠶᠠᠨ ᠤ ᠲᠣᠭᠤᠷᠠᠭ ᠤᠨ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠬᠤ ᠬᠡᠷᠡᠭᠲᠡᠢ ᠭᠡᠵᠦ ᠱᠠᠭᠠᠷᠳᠠᠪᠠ᠃ 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ